ᠶᠠᠳᠠᠭᠤ ᠶᠢ ᠳᠡᠳᠬᠦᠬᠦ ᠳᠦᠷᠦ ᠶᠢᠨ ᠪᠣᠳᠣᠯᠭ᠎ᠠ ︵  ᠨᠢᠭᠡ︶
ᠨᠡᠶᠢᠲᠡᠯᠡᠭᠰᠡᠨ ᠴᠠᠭ᠄
2020/6/12
ᠣᠷᠣᠨ ᠰᠠᠭᠤᠴᠠ᠄        ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ︽ᠬᠥᠳᠡᠭᠡ ᠲᠣᠰᠬᠤᠨ ᠤ ᠨᠣᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ ᠮᠡᠷᠭᠡᠵᠢᠯ ᠤᠨ ᠵᠢᠯᠣᠭᠤᠳᠤᠮᠵᠢ ᠳᠦᠷᠢᠮ ︵ᠲᠤᠷᠰᠢᠨ ᠬᠡᠷᠡᠭᠵᠢᠭᠦᠯᠬᠦ ︶︾ ᠢ ᠦᠨᠳᠣᠰᠣᠯᠠᠨ᠂ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠵᠣ᠂ C ᠳᠡᠰ ᠪᠠ D ᠲᠡᠰ ᠢᠶᠠᠷ ᠦᠨᠡᠯᠡᠨ  ᠳᠣᠭᠳᠠᠭᠠᠭᠳᠠᠭᠰᠠᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠨᠤᠷᠠᠬᠤ ᠠᠶᠤᠯᠲᠠᠶ ᠭᠡᠷ ᠪᠠᠶᠢᠰᠢᠩ ᠳᠤ ᠣᠷᠣᠭᠤᠯᠤᠨ᠎ᠠ᠃ ᠪᠠᠶᠢᠰᠢᠩ ᠪᠠᠷᠢᠬᠤ ᠲᠠᠯᠠᠪᠠᠶ ᠶᠢ ᠬᠢᠵᠠᠭᠠᠷᠯᠠᠬᠤ ᠪᠠᠷᠢᠮᠵᠢᠶ᠎ᠠ᠄ ᠵᠠᠷᠴᠢᠮ ᠳᠡᠭᠡᠷ᠎ᠡ ᠪᠠᠨ 1—3 ᠬᠥᠮᠦᠨ ᠤ ᠡᠷᠦᠬᠡ ᠶᠢ 40—60 ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃ ᠭᠠᠭᠴᠠ ᠬᠦᠮᠦᠨ ᠠᠮᠠ ᠲᠠᠢ ᠡᠷᠦᠬᠡ ᠨᠢ 20 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠵᠤ ᠪᠣᠯᠬᠤ ᠦᠭᠡᠢ᠂ 2 ᠬᠥᠮᠦᠨ ᠠᠮᠠ ᠲᠠᠢ ᠡᠷᠦᠬᠡ ᠨᠢ 30 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠵᠤ ᠪᠣᠯᠬᠤ ᠦᠭᠡᠢ᠂ 3 ᠬᠥᠮᠦᠨ ᠠᠮᠠ ᠲᠠᠢ ᠡᠷᠦᠬᠡ ᠨᠢ 40 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠵᠤ ᠪᠣᠯᠬᠤ ᠦᠭᠡᠢ᠃ 3 ᠠᠴᠠ ᠳᠡᠭᠡᠭᠰᠢ  ᠬᠦᠮᠦᠨ ᠠᠮᠠ ᠲᠠᠢ ᠡᠷᠦᠬᠡ ᠶᠢᠨ ᠬᠥᠮᠦᠨ ᠪᠦᠷᠢ ᠳᠤ ᠨᠣᠭᠳᠠᠬᠤ ᠳᠤᠮᠳᠠᠴᠢ ᠪᠠᠷᠢᠯᠭ᠎ᠠ ᠶᠢᠨ ᠲᠠᠯᠠᠪᠠᠶ ᠶᠢ 18 ᠲᠡᠭᠰᠢ ᠳᠦᠷᠪᠡᠯᠵᠢᠨ ᠮᠧᠲᠷ ᠠᠴᠠ ᠳᠠᠪᠠᠭᠤᠯᠬᠤ ᠦᠭᠡᠶ᠂ 13 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠦᠪᠡᠷᠳᠡᠬᠡᠨ ᠪᠡᠯᠡ ᠮᠥᠩᠭᠦ ᠴᠤᠭᠯᠠᠭᠤᠯᠬᠤ ᠪᠠ ᠬᠦᠳᠡᠯᠮᠣᠷᠢ ᠬᠦᠴᠦ᠂ ᠪᠠᠷᠢᠯᠭ᠎ᠠ ᠶᠢᠨ ᠮᠠᠲ᠋ᠧᠷᠢᠶᠠᠯ ᠣᠷᠣᠭᠤᠯᠬᠤ ᠴᠢᠳᠠᠪᠤᠷᠢ ᠨᠢ ᠳᠣᠶᠢᠯ ᠤᠨ ᠪᠠᠭᠤᠷᠠᠶ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ  ᠳᠦᠰᠢᠭᠯᠡᠨ ᠶᠠᠳᠠᠭᠤ ᠠᠴᠠ ᠠᠩᠭᠢᠵᠢᠷᠠᠭᠤᠯᠬᠤ ᠴᠢᠬᠤᠯᠠᠲᠠᠶ ᠪᠠᠶᠢᠪᠠᠯ᠂ ᠲᠠᠯᠠᠪᠠᠢ ᠶᠢ ᠨᠢ ᠳᠣᠣᠷ᠎ᠠ ᠬᠢᠵᠠᠭᠠᠷ ᠤᠨ ᠪᠠᠷᠢᠮᠵᠢᠶ᠎ᠠ ᠪᠠᠷ ᠬᠢᠵᠠᠭᠠᠷᠯᠠᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号