50  ᠰᠠᠭᠤᠷᠢ ᠳᠣᠮᠳᠠᠳᠦ ᠣᠯᠣᠰ  ᠲᠤ ᠦᠢᠯᠡᠳᠪᠣᠷᠢᠯᠡᠭᠰᠡᠨ ᠬᠤᠶᠠᠷ ᠳᠠᠪᠬᠤᠷ ᠴᠠᠬᠢᠯᠭᠠᠨ ᠬᠥᠳᠡᠯᠭᠡᠭᠦᠷᠲᠦ ᠠᠦ᠋ᠲ᠋ᠣᠪᠦ᠋ᠰ ᠮᠣᠩᠭᠤᠯ ᠤᠯᠤᠰ ᠲᠤ ᠭᠠᠷᠴᠤ ᠪᠠᠶᠢᠨ᠎ᠠ
ᠨᠡᠶᠢᠲᠡᠯᠡᠭᠰᠡᠨ ᠴᠠᠭ᠄
2020/6/16
        6 ᠰᠠᠷ᠎ᠠ ᠶᠢᠨ 12 ᠤᠨ ᠡᠳᠦᠷ᠂ ᠮᠣᠩᠭᠤᠯ ᠤᠯᠤᠰ ᠤᠨ ᠳᠤᠮᠳᠠᠳᠤ ᠤᠯᠤᠰ ᠠᠴᠠ ᠬᠤᠳᠠᠯᠳᠤᠨ ᠠᠪᠤᠭᠰᠠᠨ ᠬᠤᠤᠰ ᠳᠠᠪᠬᠤᠷ ᠴᠠᠬᠢᠯᠭᠠᠨ ᠬᠥᠳᠡᠯᠭᠡᠭᠦᠷᠲᠦ ᠠᠦ᠋ᠲ᠋ᠣᠪᠦ᠋ᠰ ᠥᠪᠥᠷ ᠮᠣᠩᠭᠤᠯ ᠤᠨ ᠡᠷᠢᠶᠡᠨ ᠬᠤᠲᠠ ᠶᠢᠨ ᠵᠠᠰᠠᠮᠠᠯ ᠵᠠᠮ ᠤᠨ  ᠪᠣᠭᠤᠮᠳᠠ ᠠᠴᠠ ᠬᠢᠯᠢ ᠠᠴᠠ ᠭᠠᠷᠪᠠ᠃ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠰᠠᠭᠠᠳ ᠦᠭᠡᠢ ᠨᠡᠪᠲᠡᠷᠡᠬᠦ ᠵᠠᠮ   ᠢ ᠨᠡᠭᠡᠭᠡᠵᠦ᠂ ᠪᠣᠭᠤᠮᠲᠠ ᠥᠩᠭᠡᠷᠡᠬᠦ ᠭᠠᠷ  ᠬᠦᠢᠴᠡᠳᠬᠡᠯ ᠬᠢᠵᠦ᠂ ᠬᠢᠯᠢ ᠪᠠᠷ ᠭᠠᠷᠬᠤ ᠳᠤ ᠳᠦᠬᠦᠮ ᠦᠵᠡᠬᠦᠯᠪᠡ᠃    
       ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢ ᠲᠦᠷᠭᠡᠨ ᠰᠢᠯᠭᠠᠨ ᠪᠠᠶᠢᠴᠠᠭᠠᠵᠤ ᠲᠠᠯᠪᠢᠪᠠ᠃     
     ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠡᠷᠭᠡ ᠰᠢᠯᠭᠠᠨ ᠲᠠᠯᠪᠢᠵᠤ ᠪᠣᠭᠤᠮᠲᠠ ᠭᠠᠷᠪᠠ        ᠣᠶᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ  ᠦᠢᠯᠡᠳᠪᠣᠷᠢ ᠶᠢᠨ ᠬᠥᠭᠵᠢᠯᠲᠡ ᠶᠢ ᠳᠠᠭᠠᠯᠳᠤᠨ᠂ ᠳᠤᠮᠳᠠᠳᠤ ᠤᠯᠤᠰ ᠤᠨ  ᠦᠢᠯᠡᠳᠪᠣᠷᠢᠯᠡᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠭᠠᠳᠠᠭᠠᠳᠤ ᠲᠤ ᠤᠯᠠᠮ ᠠᠴᠠ ᠤᠯᠠᠮ ᠬᠦᠷᠢᠶᠡᠯᠡᠭᠳᠡᠵᠦ ᠪᠠᠶᠢᠨ᠎ᠠ᠃ ᠮᠣᠩᠭᠤᠯ ᠤᠯᠤᠰ  ᠤᠨ ᠨᠡᠶᠢᠰᠯᠡᠯ ᠤᠯᠠᠭᠠᠨᠪᠠᠭᠠᠲᠤᠷ ᠬᠤᠲᠠ ᠶᠢᠨ ᠵᠠᠮ ᠬᠠᠷᠢᠯᠴᠠᠭᠠᠨ ᠤ ᠲᠦᠭᠵᠢᠷᠡᠯ ᠢ  ᠨᠠᠮᠳᠠᠭᠤᠯᠵᠦ ᠂ ᠠᠭᠠᠷ ᠤᠨ ᠴᠢᠨᠠᠷ ᠴᠢᠨᠰᠠᠭ᠎ᠠ ᠶᠢ  ᠰᠠᠶᠢᠵᠢᠷᠠᠭᠤᠯᠬᠤ ᠶᠢᠨ ᠳᠣᠯᠠᠳᠠ᠂  ᠡᠨᠡ ᠵᠢᠯ ᠳᠤᠮᠳᠠᠳᠤ ᠤᠯᠤᠰ ᠠᠴᠠ 50 ᠰᠠᠭᠤᠷᠢ ᠴᠤᠯᠤ  ᠴᠠᠬᠢᠯᠭᠠᠨ ᠬᠥᠳᠡᠯᠭᠡᠭᠦᠷᠲᠦ ᠬᠤᠶᠠᠷ ᠳᠠᠪᠬᠤᠷ ᠮᠠᠰᠢᠨ ᠬᠤᠳᠠᠯᠳᠤᠨ  ᠠᠪᠣᠪᠠ᠃ ᠰᠠᠭᠤᠷᠢ ᠪᠦᠷᠢ ᠶᠢᠨ ᠬᠤᠳᠠᠯᠳᠤᠬᠤ ᠦᠨ᠎ᠡ ᠨᠢ 20 ᠲᠦᠮᠡᠨ ᠳ᠋ᠣᠯᠯᠠᠷ᠂ ᠬᠠᠮᠤᠭ ᠤᠨ  ᠣᠯᠠᠨ ᠳᠡᠭᠡᠭᠡᠪᠣᠷᠢᠯᠡᠬᠦ ᠠᠶᠠᠨᠴᠢᠳ ᠤᠨ ᠲᠤᠭ᠎ᠠ 70 ᠬᠥᠮᠦᠨ ᠪᠠᠶᠢᠵᠤ᠂ ᠣᠶᠢᠷ᠎ᠠ ᠶᠢᠨ ᠬᠤᠭᠤᠴᠠᠭᠠᠨ ᠳᠤ ᠡᠷᠢᠶᠡᠨ ᠪᠣᠭᠤᠮᠳᠠ ᠠᠴᠠ ᠵᠠᠯᠭᠠᠭ᠎ᠠ ᠪᠠᠷ ᠬᠢᠯᠢ ᠠᠴᠠ ᠭᠠᠷᠬᠤ ᠪᠣᠯᠤᠨ᠎ᠠ᠃    
       ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠲᠡᠷᠭᠡ ᠬᠥᠰᠬᠡ ᠳᠤ ᠪᠣᠭᠤᠮᠲᠠ ᠥᠩᠭᠡᠷᠡᠬᠦ ᠭᠠᠷᠳᠠᠮ  ᠬᠦᠢᠴᠡᠳᠬᠡᠨ᠎ᠡ         ᠡᠷᠢᠶᠡᠨ ᠪᠣᠭᠤᠮᠲᠠ ᠡᠬᠡ ᠤᠯᠤᠰ  ᠤᠨ ᠤᠮᠠᠷᠠᠲᠤ ᠬᠡᠰᠡᠭ ᠲᠤ ᠪᠠᠶᠢᠷᠢᠯᠠᠵᠤ᠂ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠭᠰᠡᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠪᠣᠯᠬᠤ  ᠪᠦᠭᠡᠳ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠪᠠ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠳᠡᠭᠡᠷᠡᠬᠢ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠬᠤᠲᠠ ᠪᠣᠯᠤᠨ᠎ᠠ᠃ ᠳᠤᠮᠳᠠᠳᠤ ᠮᠣᠩᠭᠤᠯ ᠤᠨ ᠠᠷᠠᠯᠵᠢᠶᠠᠨ ᠤ 70% ᠠᠴᠠ ᠳᠡᠭᠡᠭᠰᠢᠬᠢ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠪᠣᠭᠤᠮᠲᠠ ᠶᠢᠨ ᠪᠣᠭᠤᠮᠲᠠ ᠥᠩᠭᠡᠷᠡᠬᠦ ᠠᠮᠤᠷ ᠲᠦᠪᠰᠢᠨ ᠤ ᠰᠠᠭᠠᠳ ᠦᠭᠡᠢ ᠶᠠᠪᠤᠭᠳᠠᠬᠤ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠪᠠ᠃ ᠡᠨᠡ ᠵᠢᠯ ᠤᠨ ᠡᠮᠦᠨ᠎ᠡ 5 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ 624.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.6% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠣᠷᠣᠭᠤᠯᠤᠯᠲᠠ 562.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.7% ᠨᠡᠮᠡᠭᠳᠡᠪᠡ︔ ᠭᠠᠳᠠᠭᠠᠳᠤ ᠭᠠᠷᠭᠠᠯᠲᠠ 62 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号