ᠲᠤᠯᠤᠳᠤᠭᠠᠷ ᠤᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠳᠤ ᠶᠠᠭᠤ ᠶᠢ ᠪᠠᠶᠢᠴᠠᠭᠠᠬᠤ ᠪᠤᠢ︖ ᠬᠡᠵᠢᠶ᠎ᠡ ᠠᠴᠠ ᠡᠬᠢᠯᠡᠵᠦ ᠪᠠᠶᠢᠴᠠᠭᠠᠬᠤ ᠪᠤᠢ︖
ᠨᠡᠶᠢᠲᠡᠯᠡᠭᠰᠡᠨ ᠴᠠᠭ᠄
2020/6/18
     ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠪᠤᠯ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠳᠠ ᠮᠦᠨ ᠪᠣᠯᠬᠤᠷ᠂ ᠬᠦᠮᠦᠨ ᠨᠢᠬᠡᠪᠤᠷᠢ᠂ ᠭᠡᠷ ᠪᠦᠯᠢ ᠨᠢᠬᠡᠪᠤᠷᠢ ᠵᠢᠴᠢ ᠨᠡᠶᠢᠭᠡᠮ ᠤᠨ ᠡᠯ ᠎ᠠ ᠲᠠᠯ ᠎ᠠ ᠲᠠᠢ ᠬᠤᠯᠪᠤᠭᠳᠠᠵᠦ ᠪᠠᠶᠢᠳᠠᠭ᠃ 1᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠨᠢ ᠶᠠᠮᠠᠷ ᠴᠢᠬᠤᠯᠠ ᠶᠡᠭᠡ ᠠᠴᠢ ᠬᠤᠯᠪᠤᠭᠳᠠᠯ ᠲᠠᠢ ᠪᠤᠢ︖     ᠬᠦᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢ ᠲᠤᠭᠳᠠᠮᠠᠯ ᠬᠤᠭᠤᠴᠠᠭ᠎ᠠ ᠲᠠᠢ ᠦᠷᠨᠢᠬᠦᠯᠦᠨ᠎ᠠ ᠭᠡᠵᠦ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ︾ ᠪᠠ ︽ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠲᠦᠷᠢᠮ︾ ᠳᠤ ᠲᠤᠳᠤᠷᠬᠠᠢ ᠲᠤᠭᠳᠠᠭᠠᠵᠠᠢ᠃ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠠ ᠴᠠᠭ ᠦᠶ ᠎ᠠ ᠳᠤ ᠤᠷᠤᠭᠰᠠᠨ ᠦᠶ᠎ᠠ ᠳᠤ ᠦᠷᠨᠢᠬᠦᠯᠬᠦ ᠨᠢᠭᠡᠨ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠳᠠ ᠪᠠᠶᠢᠵᠦ᠂ ᠬᠦᠨᠳᠦ ᠴᠢᠬᠤᠯᠠ ᠮᠦᠷᠳᠡᠭᠡᠨ ᠠᠯᠤᠰ ᠭᠡᠳᠦ ᠶᠢᠨ ᠠᠴᠢ ᠬᠤᠯᠪᠤᠭᠳᠠᠯ ᠲᠠᠢ ᠶᠤᠮ᠃ 2᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠨᠢᠭᠤᠷᠯᠠᠯ ᠳᠤ ᠶᠠᠮᠠᠷ ᠬᠦᠮᠦᠰ ᠪᠠᠭᠳᠠᠬᠤ ᠪᠤᠢ︖     ᠡᠨᠡ ᠤᠳᠠᠭᠠᠨ ᠤ ᠬᠦᠮᠦᠨ ᠠᠮᠠ ᠶᠢᠨ ᠨᠠᠶᠢᠳᠡᠮ ᠪᠠᠶᠢᠴᠠᠭᠠᠯᠳᠠ ᠶᠢᠨ ᠨᠢᠭᠤᠷᠯᠠᠯ ᠨᠢ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠨᠢᠭᠤᠷᠯᠠᠯ ᠲᠠᠢ ᠠᠳᠠᠯᠢ ᠪᠠᠶᠢᠵᠦ᠂ ᠨᠡᠶᠢᠳᠡᠮ ᠪᠠᠶᠢᠴᠠᠭᠠᠯᠳᠠ ᠶᠢᠨ ᠪᠠᠷᠢᠮᠵᠢᠶ᠎ᠠ ᠴᠠᠭ ᠲᠤ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠲᠤᠳᠤᠷ᠎ᠠ ᠪᠠᠶᠢᠭ᠎ᠠ ᠪᠠᠶᠢᠭᠠᠯᠢ ᠶᠢᠨ ᠬᠦᠮᠦᠨ ᠪᠠ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠭ᠎ᠠ ᠪᠤᠯᠪᠠᠴᠦ ᠲᠡᠨᠳᠡ ᠰᠠᠭᠤᠷᠢᠰᠢᠭ᠎ᠠ ᠦᠭᠡᠢ ᠲᠤᠮᠳᠠᠳᠤ ᠤᠯᠤᠰ ᠤᠨ ᠡᠷᠭᠡᠳᠦ ᠠᠷᠠᠳ ᠢ ᠵᠢᠭᠠᠵᠦ᠂ ᠡᠬᠦᠨ ᠳᠤ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠲᠤᠳᠤᠷ᠎ᠠ ᠤᠬᠤᠷ ᠬᠤᠭᠤᠴᠠᠭᠠᠨ ᠳᠤ ᠪᠠᠶᠢᠭ᠎ᠠ ᠬᠢᠯᠢ ᠶᠢᠨ ᠭᠠᠳᠠᠨᠠᠬᠢ ᠬᠦᠮᠦᠨ ᠢ ᠪᠠᠭᠳᠠᠭᠠᠬᠤ ᠦᠭᠡᠢ᠃ ᠬᠢᠯᠢ ᠲᠤᠳᠤᠷ᠎ᠠ ᠰᠠᠭᠤᠷᠢᠰᠢᠵᠦ ᠪᠠᠶᠢᠭ᠎ᠠ ᠰᠢᠶᠠᠩᠭᠠᠡᠭ ᠤᠤᠮᠧᠨ ᠲᠠᠶᠢᠸᠠᠨ ᠤ ᠰᠠᠭᠤᠭᠠᠯᠢ ᠠᠷᠠᠳ ᠪᠠ ᠭᠠᠳᠠᠭᠠᠳᠤ ᠶᠢᠨ ᠬᠦᠮᠦᠨ ᠪᠠᠰᠠ ᠨᠡᠶᠢᠳᠡᠮ ᠪᠠᠶᠢᠴᠠᠭᠠᠯᠳᠠ ᠶᠢᠨ ᠨᠢᠭᠤᠷᠯᠠᠯ ᠳᠤ ᠪᠠᠭᠳᠠᠵᠦ᠂ ᠪᠠᠶᠢᠴᠠᠭᠠᠵᠦ ᠲᠠᠩᠰᠠᠯᠠᠬᠤ ᠴᠢᠬᠤᠯᠠᠳᠠᠢ᠃ 3᠂ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢᠨ ᠭᠤᠤᠯ ᠠᠭᠤᠯᠭ᠎ᠠ ᠨᠢ ᠶᠠᠭᠤ ᠪᠤᠢ︖    ᠡᠨᠡ ᠤᠳᠠᠭᠠᠨ ᠤ ᠪᠠᠶᠢᠴᠠᠭᠠᠯᠳᠠ ᠳᠤ ᠭᠤᠤᠯᠳᠠᠭᠤ ᠬᠦᠮᠦᠨ ᠠᠮᠠ ᠪᠠ ᠡᠷᠦᠭᠡ ᠶᠢᠨ ᠦᠨᠳᠦᠰᠦᠨ ᠪᠠᠶᠢᠳᠠᠯ᠂ ᠲᠠᠷᠦᠢ ᠤᠪᠤᠭ ᠨᠡᠷ ᠎ᠠ᠂ ᠡᠷᠭᠡᠳᠦ ᠠᠷᠠᠳ ᠤᠨ ᠪᠡᠶ᠎ᠠ ᠶᠢᠨ ᠦᠨᠡᠮᠯᠡᠯ ᠤᠨ ᠨᠤᠮᠧᠷ᠂ ᠬᠦᠢᠰᠦ ᠢᠯᠭᠠᠯ᠂ ᠨᠠᠰᠤ᠂ ᠦᠨᠳᠦᠰᠦᠳᠡᠨ᠂ ᠰᠤᠷᠭᠠᠨ ᠬᠦᠮᠦᠵᠢᠯ ᠬᠦᠷᠳᠡᠭᠰᠡᠨ ᠭᠡᠮᠵᠢᠶ᠎ᠠ᠂ ᠠᠵᠢᠯ ᠲᠦᠷᠦᠯ᠂ ᠲᠤᠬᠠᠢᠢᠯᠠᠭᠰᠠᠨ ᠠᠵᠢᠯ᠂ ᠨᠡᠬᠦᠨ ᠰᠢᠯᠵᠢᠭᠰᠡᠨ᠂ ᠤᠷᠤᠭ ᠦᠷᠡᠵᠢᠯ᠂ ᠨᠠᠰᠤ ᠪᠠᠷᠠᠭᠰᠠᠨ᠂ ᠤᠷᠤᠨ ᠰᠠᠭᠤᠴᠠ ᠵᠡᠷᠭᠡ ᠪᠠᠶᠢᠳᠠᠯ ᠢ ᠪᠠᠶᠢᠴᠠᠭᠠᠨ᠎ᠠ᠃ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠴᠢᠨᠠᠷᠵᠢᠯ ᠢ ᠲᠡᠭᠡᠭᠰᠢᠯᠡᠬᠦᠯᠬᠦ ᠶᠢᠨ ᠲᠦᠯᠦᠭᠡ ᠡᠨᠡ ᠤᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠳᠤ ᠠᠩᠬ ᠎ᠠ ᠤᠳᠠᠭ᠎ᠠ ᠨᠡᠶᠢᠳᠡᠮ ᠪᠠᠶᠢᠴᠠᠭᠠᠯᠳᠠ ᠶᠢᠨ ᠨᠢᠭᠤᠷᠯᠠᠯ ᠤᠨ ᠪᠡᠶ ᠎ᠠ ᠶᠢᠨ ᠦᠨᠡᠮᠯᠡᠯ ᠤᠨ ᠨᠤᠮᠧᠷ ᠢ ᠴᠤᠭᠯᠠᠭᠤᠯᠤᠨ᠎ᠠ᠃ ᠡᠬᠦᠨ ᠳᠤ ᠲᠤᠳᠤᠷᠬᠠᠢᠢᠯᠠᠬᠤ ᠴᠢᠬᠤᠯᠠᠳᠠᠢ ᠵᠦᠢᠯ ᠭᠡᠪᠡᠯ᠂ ᠤᠯᠠᠨ ᠲᠦᠮᠡᠨ ᠪᠡᠶ᠎ᠠ ᠶᠢᠨ ᠦᠨᠡᠮᠯᠡᠯ ᠤᠨ ᠨᠤᠮᠧᠷ ᠢ ᠨᠢ ᠴᠤᠭᠯᠠᠭᠤᠯᠬᠤ ᠳᠤ ᠲᠦᠢᠯ ᠤᠨ ᠶᠡᠭᠡ ᠰᠡᠷᠡᠮᠵᠢ ᠲᠠᠢ ᠪᠤᠯᠬᠤᠷ ᠪᠢᠳᠡ ᠪᠡᠶ᠎ᠠ ᠶᠢᠨ ᠦᠨᠡᠮᠯᠡᠯ ᠤᠨ ᠰᠤᠷᠠᠭ ᠵᠠᠩᠬᠢ ᠶᠢ ᠨᠢᠭᠤᠴᠠ ᠪᠠᠷ ᠰᠢᠢᠳᠪᠦᠷᠢᠯᠡᠵᠦ᠂ ᠨᠡᠶᠢᠳᠡᠮ ᠪᠠᠶᠢᠴᠠᠭᠠᠯᠳᠠ ᠶᠢᠨ ᠪᠦᠬᠦ ᠶᠠᠪᠤᠴᠠ ᠳᠤ ᠡᠷᠭᠡᠳᠦ ᠠᠷᠠᠳ ᠤᠨ ᠬᠤᠪᠢ ᠬᠦᠮᠦᠨ ᠤ ᠰᠤᠷᠠᠭ ᠵᠠᠩᠬᠢ ᠶᠢ ᠬᠠᠮᠠᠭᠠᠯᠠᠵᠦ᠂ ᠶᠠᠮᠠᠷᠪᠠ ᠪᠠᠶᠢᠭᠤᠯᠤᠮᠵᠢ᠂ ᠨᠢᠭᠡᠴᠢ᠂ ᠬᠤᠪᠢ ᠬᠦᠮᠦᠨ ᠳᠤ ᠡᠷᠭᠡᠳᠦ ᠠᠷᠠᠳ ᠤᠨ ᠬᠤᠪᠢ ᠬᠦᠮᠦᠨ ᠤ ᠰᠤᠷᠠᠭ ᠵᠠᠩᠬᠢ ᠶᠢ ᠵᠠᠳᠠᠷᠠᠭᠤᠯᠬᠤ ᠦᠭᠡᠢ᠃ 4᠂ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢᠨ ᠴᠠᠭ ᠬᠤᠭᠤᠴᠠᠭ᠎ᠠ ᠶᠢ ᠶᠠᠭᠠᠬᠢᠵᠦ ᠪᠠᠶᠢᠷᠢᠯᠠᠭᠤᠯᠤᠭᠰᠠᠨ ᠪᠤᠢ︖   ᠡᠨᠡ ᠤᠳᠠᠭᠠᠨ ᠤ ᠬᠦᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢᠨ ᠪᠠᠷᠢᠮᠵᠢᠶ᠎ᠠ ᠴᠠᠭ ᠪᠤᠯ 2020 ᠤᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠪᠤᠯᠤᠨ᠎ᠠ᠃ ᠲᠤᠰ ᠲᠤᠭᠳᠠᠭᠠᠯ ᠢᠶᠠᠷ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢᠨ ᠠᠵᠢᠯ ᠢ ᠭᠤᠷᠪᠠᠨ ᠱᠠᠳᠤ ᠬᠤᠪᠢᠶᠠᠵᠦ ᠶᠠᠪᠤᠭᠳᠠᠭᠤᠯᠤᠨ᠎ᠠ᠃    ᠨᠢᠭᠡ᠂ ᠪᠡᠯᠡᠳᠭᠡᠯ ᠱᠠᠳᠤ ︵2019 ᠤᠨ ᠤ 10 ᠰᠠᠷ᠎ᠠ — 2020 ᠤᠨ ᠤ 10 ᠰᠠᠷ᠎ᠠ︶᠃ ᠲᠤᠰ ᠱᠠᠳᠤᠨ ᠤ ᠭᠤᠤᠯ ᠠᠵᠢᠯ ᠪᠤᠯ᠄ ᠡᠯ᠎ᠠ ᠱᠠᠳᠤᠨ ᠤ ᠨᠡᠶᠢᠳᠡᠮ ᠪᠠᠶᠢᠴᠠᠭᠠᠯᠳᠠ ᠶᠢᠨ ᠪᠠᠶᠢᠭᠤᠯᠤᠮᠵᠢ ᠶᠢ ᠪᠠᠶᠢᠭᠤᠯᠵᠦ᠂ ᠨᠡᠶᠢᠳᠡᠮ ᠪᠠᠶᠢᠴᠠᠭᠠᠯᠳᠠ ᠶᠢᠨ ᠲᠦᠰᠦᠯ ᠪᠠ ᠠᠵᠢᠯ ᠤᠨ ᠲᠦᠯᠦᠪᠯᠡᠭᠡ ᠲᠤᠭᠳᠠᠭᠠᠵᠦ᠂ ᠲᠤᠷᠰᠢᠯᠳᠠ ᠶᠢᠨ ᠴᠡᠭ ᠲᠤ ᠨᠡᠶᠢᠳᠡᠮ ᠪᠠᠶᠢᠴᠠᠭᠠᠯᠳᠠ ᠬᠢᠵᠦ᠂ ᠨᠡᠶᠢᠳᠡᠮ ᠪᠠᠶᠢᠴᠠᠭᠠᠯᠳᠠ ᠶᠢᠨ ᠵᠠᠷᠤᠳᠠᠯ ᠪᠠ ᠡᠳ᠋ ᠪᠤᠳᠠᠰ ᠢ ᠨᠠᠶᠢᠳᠠᠪᠤᠷᠢᠵᠢᠭᠤᠯᠵᠦ᠂ ᠨᠡᠶᠢᠳᠡᠮ ᠪᠠᠶᠢᠴᠠᠭᠠᠯᠳᠠ ᠶᠢᠨ ᠤᠬᠠᠭᠤᠯᠭ᠎ᠠ ᠦᠷᠨᠢᠬᠦᠯᠵᠦ᠂ ᠨᠡᠶᠢᠳᠡᠮ ᠪᠠᠶᠢᠴᠠᠭᠠᠯᠳᠠ ᠶᠢᠨ ᠵᠢᠯᠤᠭᠤᠳᠤᠭᠴᠢ ᠪᠠ ᠨᠡᠶᠢᠳᠡᠮ ᠪᠠᠶᠢᠴᠠᠭᠠᠭᠴᠢ ᠶᠢ ᠰᠤᠩᠭᠤᠨ ᠤᠷᠢᠵᠦ ᠪᠤᠯᠪᠠᠰᠤᠷᠠᠭᠤᠯᠵᠦ᠂ ᠨᠡᠶᠢᠳᠡᠮ ᠪᠠᠶᠢᠴᠠᠭᠠᠯᠳᠠ ᠶᠢᠨ ᠲᠤᠭᠤᠷᠢᠭ ᠬᠤᠪᠢᠶᠠᠬᠤ ᠪᠠ ᠵᠢᠷᠤᠭ ᠲᠦᠯᠦᠪᠯᠡᠭᠡ ᠭᠠᠷᠭᠠᠵᠦ᠂ ᠡᠷᠦᠭᠡ ᠠᠮᠠ ᠶᠢ ᠴᠡᠭᠴᠡᠯᠡᠵᠦ᠂ ᠪᠠᠶᠢᠳᠠᠯ ᠢ ᠨᠠᠷᠢᠨ ᠤᠢᠢᠯᠠᠭᠠᠬᠤ ᠵᠡᠷᠭᠡ᠃ ᠡᠳᠡᠭᠡᠷ ᠠᠵᠢᠯ ᠢ 2020 ᠤᠨ ᠤ 10 ᠰᠠᠷ ᠎ᠠ ᠶᠢᠨ 31 ᠤ ᠡᠳᠦᠷ ᠠᠴᠠ ᠡᠮᠤᠨ᠎ᠠ ᠪᠦᠬᠦᠨ ᠢ ᠲᠠᠭᠤᠰᠬᠠᠵᠦ᠂ ᠨᠡᠶᠢᠳᠡᠮ ᠪᠠᠶᠢᠴᠠᠭᠠᠵᠦ ᠲᠠᠩᠰᠠᠯᠠᠬᠤ ᠠᠵᠢᠯ ᠢ ᠲᠤᠭᠳᠠᠭᠰᠠᠨ ᠬᠤᠭᠤᠴᠠᠭᠠᠨ ᠳᠤ ᠶᠠᠪᠤᠭᠳᠠᠭᠤᠯᠬᠤ ᠶᠢ ᠪᠠᠳᠤᠯᠠᠨ᠎ᠠ᠃    ᠬᠤᠶᠠᠷ᠂ ᠨᠡᠶᠢᠳᠡᠮ ᠪᠠᠶᠢᠴᠠᠭᠠᠵᠦ ᠲᠡᠩᠰᠠᠯᠠᠬᠤ ᠱᠠᠳᠤ ︵2020 ᠤᠨ ᠤ 11 ᠰᠠᠷ᠎ᠠ — 12 ᠰᠠᠷ᠎ᠠ︶᠃ ᠲᠤᠰ ᠱᠠᠳᠤᠨ ᠤ ᠭᠤᠤᠯ ᠠᠵᠢᠯ ᠪᠤᠯ᠄ ᠨᠡᠶᠢᠳᠡᠮ ᠪᠠᠶᠢᠴᠠᠭᠠᠭᠴᠢ ᠡᠷᠦᠭᠡ ᠳᠤ ᠬᠦᠷᠴᠦ ᠲᠡᠩᠰᠠᠯᠠᠵᠦ᠂ ᠬᠠᠷᠢᠴᠠᠭᠤᠯᠤᠨ ᠲᠠᠬᠢᠨ ᠪᠠᠶᠢᠴᠠᠭᠠᠵᠦ᠂ ᠲᠤᠭ᠎ᠠ ᠪᠠᠷᠢᠮᠳᠠ ᠶᠢᠨ ᠴᠢᠨᠠᠷᠵᠢᠯ ᠳᠤ ᠰᠤᠭᠤᠴᠢᠨ ᠪᠠᠶᠢᠴᠠᠭᠠᠯᠳᠠ ᠬᠢᠬᠦ ᠵᠡᠷᠭᠡ᠃ ᠡᠨᠡ ᠪᠤᠯ ᠪᠦᠬᠦ᠋ᠢᠯᠡ ᠨᠠᠶᠢᠳᠡᠮ ᠪᠠᠶᠢᠴᠠᠭᠠᠯᠳᠠ ᠳᠠᠬᠢ ᠬᠠᠮᠤᠭ ᠤᠨ ᠵᠠᠩᠬᠢᠯᠠᠭ᠎ᠠ ᠶᠢᠨ ᠭᠤᠭᠴᠤᠭ᠎ᠠ ᠪᠠᠶᠢᠵᠦ᠂ ᠪᠠᠰᠠᠴᠦ ᠠᠵᠢᠯ ᠤᠨ ᠭᠡᠮᠵᠢᠶ᠎ᠠ ᠬᠠᠮᠤᠭ ᠤᠨ ᠶᠡᠭᠡ᠂ ᠲᠠᠶᠢᠴᠢᠯᠠᠯᠳᠠ ᠶᠢᠨ ᠬᠦᠴᠦᠨ ᠬᠠᠮᠤᠭ ᠤᠨ ᠶᠡᠭᠡ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠴᠢᠨᠠᠷᠵᠢᠯ ᠢ ᠰᠢᠭᠤᠳ ᠲᠤᠭᠳᠠᠭᠠᠬᠤ ᠴᠢᠬᠤᠯᠠ ᠱᠠᠳᠤ ᠮᠦᠨ᠃   ᠭᠤᠷᠪᠠ᠂ ᠲᠤᠭ᠎ᠠ ᠪᠠᠷᠢᠮᠳᠠ ᠶᠢ ᠬᠤᠷᠢᠶᠠᠩᠭᠤᠢᠢᠯᠠᠬᠤ ᠪᠠ ᠨᠡᠶᠢᠳᠡᠯᠡᠬᠦ ᠱᠠᠳᠤ ︵2020 ᠤᠨ ᠤ 12 ᠰᠠᠷ᠎ᠠ — 2022 ᠤᠨ ᠤ 12 ᠰᠠᠷ᠎ᠠ︶᠃ ᠲᠤᠰ ᠱᠠᠳᠤᠨ ᠤ ᠭᠤᠤᠯ ᠠᠵᠢᠯ ᠪᠤᠯ᠄ ᠲᠤᠭ᠎ᠠ ᠪᠠᠷᠢᠮᠳᠠ ᠶᠢ ᠰᠢᠢᠳᠪᠦᠷᠢᠯᠡᠵᠦ᠂ ᠦᠨᠡᠯᠡᠵᠦ᠂ ᠬᠤᠷᠢᠶᠠᠩᠭᠤᠢᠢᠯᠠᠵᠦ᠂ ᠭᠤᠤᠯ ᠲᠤᠭ᠎ᠠ ᠪᠠᠷᠢᠮᠳᠠ ᠶᠢᠨ ᠠᠯᠪᠠᠨ ᠮᠡᠳᠡᠭᠡ ᠶᠢ ᠨᠡᠶᠢᠳᠡᠯᠡᠵᠦ᠂ ᠮᠠᠲ᠋ᠧᠷᠢᠶᠠᠯ ᠢ ᠨᠡᠶᠢᠳᠡᠮ ᠪᠠᠶᠢᠴᠠᠭᠠᠵᠦ ᠨᠡᠭᠡᠭᠡᠨ ᠠᠰᠢᠭᠯᠠᠬᠤ ᠵᠡᠷᠭᠡ᠃ 5. ᠲᠤᠰ ᠤᠲᠠᠭᠠᠨ ᠤ ᠨᠡᠶᠢᠲᠡᠮ ᠪᠠᠶᠢᠴᠠᠭᠠᠯᠲᠠ ᠳᠤ ︽ᠬᠥᠮᠥᠨ ᠠᠮᠠ ᠳᠤ ᠪᠠᠶᠢᠴᠠᠭᠠᠯᠲᠠ ᠬᠢᠬᠦ︾ ᠪᠠᠷ ᠪᠠᠷᠠᠬᠤ ᠥᠭᠡᠢ ᠪᠠᠰᠠ ︽ᠭᠡᠷ ᠪᠠᠶᠢᠰᠢᠩ ᠳᠤ ᠪᠠᠶᠢᠴᠠᠭᠠᠯᠲᠠ ᠬᠢᠬᠦ︾ ᠪᠠᠷ ᠪᠠᠶᠢᠨ᠎ᠠ ᠤᠤ︖   ᠭᠡᠷ ᠪᠠᠶᠢᠰᠢᠩ ᠢᠶᠠᠷ ︽ᠬᠥᠮᠥᠨ ᠠᠮᠠ ᠳᠤ ᠪᠠᠶᠢᠴᠠᠭᠠᠯᠲᠠ ᠬᠢᠬᠦ︾ ᠪᠤᠯ ᠲᠡᠯᠡᠭᠡᠢ ᠶᠢᠨ ᠡᠯ᠎ᠠ ᠤᠯᠤᠰ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠳᠤ ᠨᠡᠶᠢᠲᠡᠮ ᠬᠡᠷᠡᠭᠯᠡᠵᠥ ᠪᠠᠶᠢᠭ᠎ᠠ ᠠᠷᠭ᠎ᠠ ᠪᠤᠯᠤᠨ᠎ᠠ᠂ ᠤᠴᠢᠷ ᠨᠢ ᠬᠥᠮᠥᠰ ᠪᠥᠷ ᠭᠡᠷ ᠪᠠᠶᠢᠰᠢᠩ ᠳᠤ ᠰᠠᠭᠤᠲᠠᠭ᠃ ᠡᠶᠢᠮᠥ ᠠᠴᠠ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠲᠤᠮᠲᠠ ︽ᠭᠡᠷ ᠪᠠᠶᠢᠰᠢᠩ ᠳᠤ ᠪᠠᠶᠢᠴᠠᠭᠠᠯᠲᠠ ᠬᠢᠬᠦ︾ ᠶᠢᠨ ᠬᠠᠷᠠᠯᠲᠠ ᠨᠢ ᠬᠥᠮᠥᠨ ᠠᠮᠠ ᠳᠤ ᠤᠨᠤᠪᠴᠢᠲᠠᠢ ᠪᠠᠶᠢᠴᠠᠭᠠᠯᠲᠠ ᠬᠢᠬᠦ ᠶᠢᠨ ᠲᠥᠯᠥᠭᠡ ᠶᠤᠮ᠃ ᠡᠬᠦᠨ ᠤ ᠬᠠᠮᠲᠤ ᠬᠥᠮᠥᠨ ᠠᠮᠠ ᠶᠢᠨ ᠤᠷᠤᠨ ᠰᠠᠭᠤᠴᠡ ᠶᠢᠨ ᠪᠠᠶᠢᠲᠠᠯ ᠪᠤᠯ ᠴᠢᠬᠤᠯᠠ ᠠᠷᠠᠳ ᠤᠨ ᠠᠮᠢᠲᠤᠷᠠᠯ ᠤᠨ ᠠᠰᠠᠭᠤᠲᠠᠯ ᠪᠤᠯᠬᠤᠷ᠂ ᠮᠠᠨ ᠤ ᠤᠯᠤᠰ ᠤᠨ ᠬᠥᠮᠥᠨ ᠠᠮᠠ ᠶᠢᠨ ᠶᠡᠷᠥᠩᠭᠡᠢ ᠤᠷᠤᠨ ᠰᠠᠭᠤᠴᠡ ᠶᠢᠨ ᠪᠠᠶᠢᠲᠠᠯ ᠢ ᠤᠢᠢᠯᠠᠭᠠᠬᠤ ᠶᠢᠨ ᠲᠥᠯᠥᠭᠡ 2000 ᠤᠨ ᠤ ᠲᠠᠪᠤᠲᠤᠭᠠᠷ ᠤᠲᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠠᠴᠠ ᠡᠬᠢᠯᠡᠵᠥ᠂ ᠪᠠᠶᠢᠴᠠᠭᠠᠯᠲᠠ ᠶᠢᠨ ᠠᠰᠠᠭᠤᠯᠲᠠ ᠲᠤᠮᠲᠠ ᠬᠠᠮᠢᠶ᠎ᠠ ᠪᠥᠬᠦᠢ ᠤᠷᠤᠨ ᠰᠠᠭᠤᠴᠡ ᠶᠢᠨ ᠵᠢᠭᠠᠯᠲᠠ ᠲᠤᠭ᠎ᠠ ᠶᠢ ᠲᠤᠬᠢᠷᠠᠭᠤᠯᠵᠥ᠂ ᠭᠤᠤᠯᠲᠠᠭᠤ ᠤᠷᠤᠨ ᠰᠠᠭᠤᠴᠡ ᠶᠢᠨ ᠪᠠᠶᠢᠲᠠᠯ᠂ ᠠᠮᠢᠲᠤᠷᠠᠯ ᠤᠨ ᠲᠤᠨᠤᠭ ᠲᠥᠭᠦᠭᠡᠷᠤᠮᠵᠢ᠂ ᠬᠡᠷ ᠲᠥᠷᠢᠶᠡᠰᠥᠯᠡᠬᠦ ᠲᠥᠪᠰᠢᠨ ᠵᠡᠷᠭᠡ ᠠᠷᠠᠳ ᠲᠥᠮᠡᠨ ᠤ ᠠᠮᠢᠲᠤᠷᠠᠯ ᠲᠠᠢ ᠬᠠᠮᠢᠶᠠᠲᠠᠢ ᠠᠰᠠᠭᠤᠯᠲᠠ ᠶᠢ ᠪᠠᠭᠲᠠᠭᠠᠵᠠᠢ᠃ ᠲᠤᠰ ᠤᠲᠠᠭ᠎ᠠ ᠬᠠᠮᠢᠶ᠎ᠠ ᠪᠥᠬᠦᠢ ᠵᠢᠭᠠᠯᠲᠠ ᠲᠤᠭ᠎ᠠ ᠶᠢ ᠤᠯᠠᠮ ᠨᠢᠭᠡ ᠠᠯᠬᠤᠮ ᠲᠡᠬᠦᠯᠲᠡᠷᠵᠢᠬᠦᠯᠵᠥ᠂ ᠤᠲᠤᠬᠠᠨ ᠤ ᠬᠥᠮᠥᠨ ᠠᠮᠠ ᠶᠢᠨ ᠤᠷᠤᠨ ᠰᠠᠭᠤᠴᠡ ᠶᠢᠨ ᠪᠠᠶᠢᠲᠠᠯ ᠢ ᠨᠡᠩ ᠰᠠᠶᠢᠲᠤᠷ ᠲᠤᠰᠬᠠᠬᠤ ᠳᠤ ᠲᠥᠭᠦᠮ ᠪᠤᠯᠭᠠᠪᠠ᠃ 6. ᠤᠯᠠᠩᠭᠢ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠥᠷ ᠨᠡᠶᠢᠲᠡᠮ ᠪᠠᠶᠢᠴᠠᠭᠠᠯᠲᠠ ᠲᠤᠮᠲᠠ ᠤᠯᠤᠭᠰᠠᠨ ᠮᠠᠲ᠋ᠧᠷᠢᠶᠠᠯ ᠢ ᠭᠠᠲᠠᠭᠰᠢ ᠵᠠᠲᠠᠷᠠᠭᠤᠯᠬᠤ ᠡᠰᠡᠬᠦ᠂ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠭᠡᠯ ᠤᠯᠭᠤᠬᠤ ᠥᠨᠲᠤᠰᠤᠯᠡᠯ ᠪᠤᠯᠭᠠᠬᠤ ᠡᠰᠡᠬᠦ ᠶᠢᠨ ᠲᠤᠬᠠᠢ ᠠᠩᠬᠠᠷᠤᠨ ᠬᠠᠯᠠᠮᠵᠢᠯᠠᠵᠥ ᠪᠤᠢ᠂ ᠡᠨᠡ ᠪᠠᠶᠢᠲᠠᠯ ᠳᠤ ᠶᠠᠮᠠᠷ ᠲᠠᠶᠢᠯᠪᠤᠷᠢ ᠬᠢᠬᠦ ᠪᠤᠢ︖    ︽ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠤᠭ᠎ᠠ ᠪᠥᠷᠢᠳᠭᠡᠯ ᠤᠨ ᠬᠠᠤᠯᠢ︾ ᠶᠢᠨ ᠶᠢᠰᠥᠲᠥᠭᠡᠷ ᠵᠤᠷᠪᠤᠰ ᠲᠤ ᠲᠤᠭᠲᠠᠭᠠᠭᠰᠠᠨ ᠢᠶᠠᠷ᠄ ᠲᠤᠭ᠎ᠠ ᠪᠥᠷᠢᠳᠭᠡᠯ ᠤᠨ ᠪᠠᠶᠢᠭᠤᠯᠤᠮᠵᠢ ᠪᠤᠯᠤᠨ ᠲᠤᠭ᠎ᠠ ᠪᠥᠷᠢᠳᠭᠡᠯ ᠤᠨ ᠠᠵᠢᠯᠲᠠᠳ ᠲᠤᠭ᠎ᠠ ᠪᠥᠷᠢᠳᠭᠡᠯ ᠤᠨ ᠠᠵᠢᠯ ᠲᠤᠮᠲᠠ ᠤᠢᠢᠯᠠᠭᠠᠵᠥ ᠮᠡᠲᠡᠭᠰᠡᠨ ᠤᠯᠤᠰ ᠤᠨ ᠨᠢᠭᠤᠴᠠ ᠂ ᠠᠷᠠᠯᠵᠢᠶᠠᠨ ᠤ ᠨᠢᠭᠤᠴᠠ ᠪᠤᠯᠤᠨ ᠬᠤᠪᠢ ᠬᠥᠮᠥᠨ ᠤ ᠰᠤᠷᠠᠭ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ ︽ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠲᠥᠷᠢᠮ︾ ᠤᠨ ᠭᠤᠴᠢᠨ ᠭᠤᠷᠪᠠᠲᠤᠭᠠᠷ ᠵᠤᠷᠪᠤᠰ ᠲᠤ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠲᠤᠮᠲᠠ ᠤᠯᠤᠭᠰᠠᠨ ᠲᠠᠩ ᠭᠠᠭᠴᠠ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠤᠨ ᠪᠡᠶ᠎ᠠ ᠶᠢᠨ ᠭᠠᠷᠤᠯ ᠢ ᠢᠯᠭᠠᠵᠥ ᠲᠠᠨᠢᠬᠤ ᠪᠤᠶᠤ ᠮᠠᠭᠠᠳᠯᠠᠵᠥ ᠲᠡᠶᠢᠯᠬᠦ ᠮᠠᠲ᠋ᠧᠷᠢᠶᠠᠯ ᠢ ᠶᠠᠮᠠᠷᠪᠠ ᠨᠢᠭᠡᠴᠢ ᠪᠤᠯᠤᠨ ᠬᠤᠪᠢ ᠬᠥᠮᠥᠨ ᠭᠠᠲᠠᠭᠰᠢ ᠬᠠᠨᠭ᠍ᠭᠠᠵᠥ ᠪᠤᠯᠬᠤ ᠥᠭᠡᠢ᠂ ᠵᠠᠲᠠᠷᠠᠭᠤᠯᠵᠥ ᠪᠤᠯᠬᠤ ᠥᠭᠡᠢ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠳᠤ ᠪᠤᠲᠠᠲᠠᠢ ᠵᠠᠰᠠᠭ ᠵᠠᠬᠢᠷᠭᠠᠨ ᠤ ᠠᠵᠢᠯᠯᠠᠭ᠎ᠠ ᠠᠪᠬᠤ ᠥᠨᠲᠤᠰᠤᠯᠡᠯ ᠪᠤᠯᠭᠠᠵᠥ ᠪᠤᠯᠬᠤ ᠥᠭᠡᠢ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠠᠴᠠ ᠭᠠᠲᠠᠨᠠᠬᠢ ᠵᠤᠷᠢᠯᠲᠠ ᠳᠤ ᠬᠡᠷᠡᠭᠯᠡᠵᠥ ᠪᠤᠯᠬᠤ ᠥᠭᠡᠢ ᠭᠡᠵᠥ ᠲᠤᠭᠲᠠᠭᠠᠵᠠᠢ᠃ ᠲᠡᠶᠢᠮᠥ ᠮᠥᠷᠲᠡᠭᠡᠨ ᠪᠠᠰᠠ ᠪᠢᠲᠠ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠪᠥᠬᠦ ᠶᠠᠪᠤᠴᠠ ᠳᠤ ᠡᠷᠭᠡᠲᠥ ᠠᠷᠠᠳ ᠤᠨ ᠬᠤᠪᠢ ᠬᠥᠮᠥᠨ ᠤ ᠰᠤᠷᠠᠭ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠥ᠂ ᠶᠠᠮᠠᠷᠪᠠ ᠨᠢᠭᠡᠴᠢ ᠪᠤᠯᠤᠨ ᠬᠤᠪᠢ ᠬᠥᠮᠥᠨ ᠠᠴᠠ ᠶᠠᠮᠠᠷᠪᠠ ᠪᠠᠶᠢᠭᠤᠯᠤᠮᠵᠢ᠂ ᠨᠢᠭᠡᠴᠢ᠂ ᠬᠤᠪᠢ ᠬᠥᠮᠥᠨ ᠳᠤ ᠡᠷᠭᠡᠲᠥ ᠠᠷᠠᠳ ᠤᠨ ᠰᠤᠷᠠᠭ ᠵᠠᠩᠭᠢ ᠶᠢ ᠵᠠᠲᠠᠷᠠᠭᠤᠯᠬᠤ ᠶᠢ ᠴᠢᠩᠭ᠎ᠠ ᠬᠤᠷᠢᠭᠯᠠᠨ᠎ᠠ᠃ ᠡᠯ᠎ᠠ ᠱᠠᠲᠤᠨ ᠤ ᠨᠡᠶᠢᠲᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠲᠤᠰ ᠪᠠᠶᠢᠭᠤᠯᠤᠮᠵᠢ ᠶᠢᠨ ᠠᠵᠢᠯᠲᠠᠳ ᠨᠡᠶᠢᠲᠡᠮ ᠪᠠᠶᠢᠴᠠᠭᠠᠯᠲᠠ ᠲᠤᠮᠲᠠ ᠤᠢᠢᠯᠠᠭᠠᠵᠥ ᠮᠡᠲᠡᠭᠰᠡᠨ ᠰᠤᠷᠠᠭ ᠵᠠᠩᠭᠢ ᠶᠢᠨ ᠲᠠᠯ᠎ᠠ ᠪᠠᠷ ᠡᠷᠭᠡᠪᠰᠢ ᠨᠢᠭᠤᠴᠠ ᠶᠢ ᠬᠠᠮᠠᠭᠠᠯᠠᠬᠤ ᠡᠬᠦᠷᠭᠡ ᠶᠢ ᠴᠢᠩᠭ᠎ᠠ ᠬᠥᠢᠴᠡᠳᠭᠡᠬᠦ ᠬᠡᠷᠡᠭᠲᠡᠢ᠃ ᠡᠰᠡ ᠲᠡᠭᠡᠪᠡᠯ ᠬᠠᠮᠢᠶ᠎ᠠ ᠪᠥᠬᠦᠢ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠨ᠎ᠠ᠃ 7. ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠤᠯᠤᠭᠰᠠᠨ ᠤ ᠬᠤᠪᠢ ᠳᠤ ᠶᠠᠮᠠᠷᠰᠢᠥ ᠠᠵᠢᠯ ᠳᠤ ᠰᠠᠶᠢᠲᠤᠷ ᠬᠠᠮᠵᠢᠯᠴᠠᠪᠠᠯ ᠵᠤᠬᠢᠬᠤ ᠪᠤᠢ︖    ᠬᠥᠮᠥᠨ ᠠᠮᠠ ᠶᠢᠨ ᠠᠰᠠᠭᠤᠲᠠᠯ ᠪᠤᠯ ᠤᠯᠤᠰ ᠤᠨ ᠠᠵᠤ ᠠᠬᠤᠢ᠂ ᠨᠡᠶᠢᠭᠡᠮ ᠤᠨ ᠬᠥᠭᠵᠢᠯᠲᠡ ᠳᠤ ᠬᠤᠯᠪᠤᠭᠲᠠᠬᠤ ᠰᠠᠭᠤᠷᠢ ᠴᠢᠨᠠᠷᠲᠠᠢ ᠠᠰᠠᠭᠤᠲᠠᠯ ᠮᠥᠨ᠂ ᠬᠥᠮᠥᠨ ᠠᠮᠠ ᠶᠢᠨ ᠪᠠᠶᠢᠲᠠᠯ ᠤᠨ ᠬᠥᠭᠵᠢᠯᠲᠡ ᠬᠤᠪᠢᠷᠠᠯᠲᠠ ᠨᠢ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠪᠠᠷ ᠪᠠᠷᠠᠬᠤ ᠥᠭᠡᠢ ᠪᠠᠰᠠᠴᠥ ᠬᠤᠪᠢ ᠬᠥᠮᠥᠨ ᠪᠤᠯᠤᠨ ᠭᠡᠷ ᠪᠥᠯᠢ ᠶᠢᠨ ᠠᠮᠢᠲᠤᠷᠠᠯ ᠲᠠᠢ ᠨᠢᠭᠲᠠ ᠬᠤᠯᠪᠤᠭᠲᠠᠨ᠎ᠠ᠃ ᠡᠶᠢᠮᠥ ᠠᠴᠠ ᠬᠥᠮᠥᠨ ᠠᠮᠠ ᠶᠢᠨ ᠥᠨᠲᠤᠰᠤᠨ ᠰᠤᠷᠠᠭ ᠵᠠᠩᠭᠢ ᠶᠢ ᠴᠤᠭᠯᠠᠭᠤᠯᠬᠤ ᠠᠵᠢᠯ ᠥᠷᠨᠢᠬᠦᠯᠬᠦ ᠨᠢ ᠬᠥᠨ ᠬᠥᠨᠵᠡᠭᠡᠢ ᠠᠴᠢ ᠬᠤᠯᠪᠤᠭᠲᠠᠯ ᠲᠠᠢ᠃ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠤᠯᠤᠭᠰᠠᠳ ︽ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠤᠭ᠎ᠠ ᠪᠥᠷᠢᠳᠭᠡᠯ ᠤᠨ ᠬᠠᠤᠯᠢ︾ ᠪᠤᠯᠤᠨ ︽ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠲᠥᠷᠢᠮ︾ ᠤᠨ ᠲᠤᠭᠲᠠᠭᠠᠯ ᠶᠤᠰᠤᠭᠠᠷ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠥᠨᠡᠨ ᠪᠤᠲᠠᠲᠠᠢ᠂ ᠵᠥᠪ ᠤᠨᠤᠪᠴᠢᠲᠠᠢ᠂ ᠪᠥᠷᠢᠨ ᠪᠥᠲᠥᠨ᠂ ᠲᠠᠷᠤᠢ ᠲᠥᠷᠭᠡᠨ ᠬᠠᠨᠭ᠍ᠭᠠᠵᠥ ᠂ ᠬᠠᠮᠢᠶ᠎ᠠ ᠪᠥᠬᠦᠢ ᠠᠰᠠᠭᠤᠯᠲᠠ ᠶᠢ ᠥᠨᠡᠨ ᠮᠥᠨ ᠢᠶᠠᠷ ᠨᠢ ᠬᠠᠷᠢᠭᠤᠯᠵᠥ᠂ ᠬᠤᠲᠠᠯ ᠬᠠᠭᠤᠷᠮᠠᠭ ᠰᠤᠷᠠᠭ ᠵᠠᠩᠭᠢ ᠬᠠᠨᠭ᠍ᠭᠠᠵᠥ ᠪᠤᠯᠬᠤ ᠥᠭᠡᠢ᠂ ᠬᠠᠮᠢᠶ᠎ᠠ ᠪᠥᠬᠦᠢ ᠪᠠᠶᠢᠲᠠᠯ ᠢ ᠨᠢᠭᠤᠵᠥ ᠲᠠᠯᠲᠠᠯᠠᠵᠦ ᠪᠤᠯᠬᠤ ᠦᠭᠡᠢ᠂ ᠬᠠᠭᠤᠷᠮᠠᠭᠯᠠᠨ ᠵᠤᠬᠢᠶᠠᠵᠥ ᠪᠤᠯᠬᠤ ᠥᠭᠡᠢ᠃ ᠨᠡᠶᠢᠭᠡᠮ ᠤᠨ ᠤᠯᠠᠨ ᠨᠡᠶᠢᠲᠡ ᠪᠠᠷ ᠢᠶᠠᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠢ ᠬᠠᠯᠠᠭᠤᠨ ᠢᠶᠠᠷ ᠲᠡᠮᠵᠢᠵᠥ᠂ ᠨᠡᠶᠢᠲᠡᠮ ᠪᠠᠶᠢᠴᠠᠭᠠᠯᠲᠠ ᠶᠢᠨ ᠠᠵᠢᠯᠲᠠᠳ ᠲᠤ ᠢᠲᠡᠪᠬᠢᠲᠡᠢ ᠬᠠᠮᠵᠢᠯᠴᠠᠬᠤ ᠶᠢ ᠬᠥᠰᠡᠵᠥ ᠪᠠᠶᠢᠨ᠎ᠠ᠃ 8. ᠲᠤᠰ ᠤᠲᠠᠭᠠᠨ ᠤ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠳᠤ ᠰᠤᠷᠠᠭ ᠵᠠᠩᠭᠢ ᠮᠡᠷᠭᠡᠵᠢᠯ ᠤᠨ ᠬᠡᠷᠡᠭᠯᠡᠭᠡᠨ ᠤ ᠲᠠᠯ᠎ᠠ ᠪᠠᠷ ᠶᠠᠮᠠᠷ ᠰᠢᠪᠲᠤᠯᠤᠯᠲᠠ ᠲᠠᠢ ᠪᠤᠢ︖      ᠠᠯᠢ ᠴᠢᠲᠠᠬᠤ ᠪᠠᠷ ᠨᠡᠩ ᠨᠠᠷᠢᠨ ᠪᠤᠲᠠᠲᠠᠢ ᠰᠤᠷᠠᠭ ᠵᠠᠩᠭᠢ ᠤᠯᠬᠤ᠂ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷᠵᠢᠯ ᠢ ᠲᠡᠭᠡᠭᠰᠢᠯᠡᠬᠦᠯᠬᠦ᠂ ᠥᠷᠭᠡᠨ ᠤᠯᠠᠨ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠤᠯᠤᠨ ᠥᠨᠲᠤᠰᠤᠨ ᠱᠠᠲᠤᠨ ᠤ ᠨᠡᠶᠢᠲᠡᠮ ᠪᠠᠶᠢᠴᠠᠭᠠᠯᠲᠠ ᠶᠢᠨ ᠠᠵᠢᠯᠲᠠᠳ ᠤᠨ ᠲᠠᠷᠤᠭᠠᠰᠤ ᠶᠢ ᠬᠥᠡᠭᠭᠡᠷᠡᠬᠦᠯᠬᠦ ᠪᠤᠯ ᠮᠠᠨ ᠤ ᠵᠤᠷᠢᠯᠲᠠ ᠪᠤᠯᠤᠨ᠎ᠠ᠃ ᠲᠤᠰ ᠤᠲᠠᠭᠠᠨ ᠤ ᠨᠡᠶᠢᠲᠡᠮ ᠪᠠᠶᠢᠴᠠᠭᠠᠯᠲᠠ ᠳᠤ ᠡᠯᠧᠺᠳ᠋ᠷᠤᠨᠴᠢᠯᠡᠭᠰᠡᠨ ᠠᠷᠭ᠎ᠠ ᠬᠡᠯᠪᠡᠷᠢ ᠪᠠᠷ ᠨᠡᠶᠢᠲᠡᠮ ᠪᠠᠶᠢᠴᠠᠭᠠᠯᠲᠠ ᠶᠢᠨ ᠲᠠᠩᠰᠠ ᠲᠡᠮᠲᠡᠭᠯᠡᠯ ᠬᠢᠵᠥ᠂ ᠤᠶᠤᠨᠴᠢ ᠭᠠᠷ ᠤᠲᠠᠰᠤ ᠶᠢ ᠬᠡᠷᠡᠭᠯᠡᠨ ᠲᠤᠭ᠎ᠠ ᠪᠠᠷᠢᠮᠲᠠ ᠴᠤᠭᠯᠠᠭᠤᠯᠬᠤ ᠶᠢ ᠬᠠᠶᠢᠨ ᠰᠥᠪᠡᠭᠴᠢᠯᠡᠵᠥ ᠪᠤᠢ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠲᠡᠭᠯᠡᠯ ᠢ ᠥᠷᠭᠡᠨ ᠢᠶᠠᠷ ᠬᠡᠷᠡᠭᠯᠡᠵᠥ᠂ ᠲᠤᠮᠤ ᠳ᠋ᠠᠶᠢᠲ᠋ᠠ ᠶᠢᠨ ᠨᠡᠶᠢᠲᠡᠮ ᠪᠠᠶᠢᠴᠠᠭᠠᠯᠲᠠ ᠲᠤᠮᠲᠠᠬᠢ ᠬᠡᠷᠡᠭᠯᠡᠭᠡ ᠶᠢ ᠠᠬᠢᠭᠤᠯᠵᠥ᠂ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠵᠥ ᠰᠢᠢᠳᠪᠤᠷᠢᠯᠡᠬᠦ ᠥᠷ᠎ᠠ ᠠᠰᠢᠭ ᠴᠢᠲᠠᠪᠬᠢ ᠶᠢ ᠲᠡᠭᠡᠭᠰᠢᠯᠡᠬᠦᠯᠥᠨ᠎ᠠ᠃ 9. ᠲᠤᠭ᠎ᠠ ᠪᠠᠷᠢᠮᠲᠠ ᠶᠢᠨ ᠴᠢᠨᠠᠷᠵᠢᠯ ᠪᠤᠯ ᠨᠡᠶᠢᠲᠡᠮ ᠪᠠᠶᠢᠴᠠᠭᠠᠯᠲᠠ ᠶᠢᠨ ᠠᠵᠢᠯ ᠤᠨ ᠠᠮᠢᠨ ᠰᠤᠲᠠᠰᠤ ᠮᠥᠨ᠂ ᠲᠤᠰ ᠤᠲᠠᠭᠠᠨ ᠤ ᠨᠡᠶᠢᠲᠡᠮ ᠪᠠᠶᠢᠴᠠᠭᠠᠯᠲᠠ ᠳᠤ ᠶᠠᠮᠠᠷᠰᠢᠥ ᠪᠤᠲᠠᠲᠠᠢ ᠠᠷᠭ᠎ᠠ ᠬᠡᠮᠵᠢᠶ᠎ᠠ ᠠᠪᠴᠥ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠥᠨᠡᠨ ᠪᠤᠲᠠᠲᠠᠢ ᠵᠥᠪ ᠤᠨᠤᠪᠴᠢᠲᠠᠢ ᠪᠠᠶᠢᠬᠤ ᠶᠢ ᠪᠠᠲᠤᠯᠠᠬᠤ ᠪᠤᠢ︖    ᠶᠠᠭᠤᠨ ᠤ ᠡᠮᠥᠨ᠎ᠠ ᠵᠤᠬᠢᠶᠠᠨ ᠪᠠᠶᠢᠭᠤᠯᠤᠨ ᠤᠲᠤᠷᠢᠳᠬᠤ ᠪᠠᠨ ᠴᠢᠩᠭᠠᠳᠬᠠᠨ᠎ᠠ᠃ ᠵᠤᠬᠢᠶᠠᠨ ᠪᠠᠶᠢᠭᠤᠯᠤᠨ ᠤᠲᠤᠷᠢᠳᠬᠤ ᠶᠢ ᠴᠢᠩᠭᠠᠳᠬᠠᠬᠤ᠂ ᠲᠤᠭ᠎ᠠ ᠪᠠᠷᠢᠮᠲᠠ ᠶᠢᠨ ᠴᠢᠨᠠᠷᠵᠢᠯ ᠢ ᠲᠡᠭᠡᠭᠰᠢᠯᠡᠬᠦᠯᠬᠦ ᠶᠢᠨ ᠲᠥᠯᠥᠭᠡ ᠲᠥᠷᠥ ᠶᠢᠨ ᠶᠠᠪᠤᠲᠠᠯ ᠤᠨ ᠬᠤᠷᠢᠶ᠎ᠠ ᠲᠤᠯᠤᠲᠤᠭᠠᠷ ᠤᠲᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠤᠲᠤᠷᠢᠳᠬᠤ ᠲᠤᠭᠤᠢᠢᠯᠠᠩ ᠪᠠᠶᠢᠭᠤᠯᠵᠥ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ ᠲᠤᠮᠲᠠᠬᠢ ᠴᠢᠬᠤᠯᠠ ᠶᠡᠭᠡ ᠠᠰᠠᠭᠤᠲᠠᠯ ᠢ ᠰᠤᠲᠤᠯᠬᠤ ᠪᠠ ᠰᠢᠢᠳᠪᠤᠷᠢᠲᠤ ᠪᠤᠲᠤᠯᠭ᠎ᠠ ᠲᠤᠭᠲᠠᠭᠠᠬᠤ ᠶᠢ ᠬᠠᠷᠢᠭᠤᠴᠠᠨ᠎ᠠ᠃ ᠨᠡᠶᠢᠲᠡᠮ ᠪᠠᠶᠢᠴᠠᠭᠠᠯᠲᠠ ᠶᠢᠨ ᠤᠲᠤᠷᠢᠳᠬᠤ ᠲᠤᠭᠤᠢᠢᠯᠠᠩ ᠤᠨ ᠠᠯᠪᠠᠨ ᠭᠡᠷ ᠢ ᠤᠯᠤᠰ ᠤᠨ ᠲᠤᠭ᠎ᠠ ᠪᠥᠷᠢᠳᠭᠡᠯ ᠤᠨ ᠲᠤᠪᠴᠢᠶᠠᠨ ᠳᠤ ᠲᠤᠬᠢᠷᠠᠭᠤᠯᠵᠥ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ ᠶᠢ ᠪᠤᠲᠠᠲᠠᠢ ᠬᠠᠷᠢᠭᠤᠴᠠᠨ᠎ᠠ᠃ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠬᠠᠷᠠᠭᠠᠯᠵᠠᠭᠰᠠᠨ ᠨᠡᠶᠢᠲᠡᠮ ᠪᠠᠶᠢᠴᠠᠭᠠᠯᠲᠠ ᠶᠢᠨ ᠤᠲᠤᠷᠢᠳᠬᠤ ᠲᠤᠭᠤᠢᠢᠯᠠᠩ ᠵᠢᠴᠢ ᠠᠯᠪᠠᠨ ᠭᠡᠷ ᠲᠤᠬᠢᠷᠠᠭᠤᠯᠵᠥ᠂ ᠲᠤᠰ ᠭᠠᠵᠠᠷ ᠤᠷᠤᠨ ᠤ ᠨᠡᠶᠢᠲᠡᠮ ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠠ᠃ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ ᠰᠢᠶᠠᠩ ᠪᠠᠯᠭᠠᠰᠤ ᠶᠢᠨ ᠵᠠᠰᠠᠭ ᠤᠨ ᠤᠷᠲᠤᠨ᠂ ᠰᠠᠭᠤᠭᠠᠯᠢ ᠠᠷᠠᠳ ᠤᠨ ᠵᠥᠪᠯᠡᠯ ᠪᠤᠯᠤᠨ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠤᠨ ᠥᠢᠯᠡᠲᠥᠯ ᠢ ᠬᠥᠢᠴᠡᠳ ᠪᠠᠲᠠᠷᠠᠭᠤᠯᠵᠥ᠂ ᠨᠡᠶᠢᠭᠡᠮ ᠤᠨ ᠬᠥᠴᠥᠨ ᠢ ᠥᠷᠭᠡᠨ ᠢᠶᠠᠷ ᠲᠠᠶᠢᠴᠢᠯᠠᠵᠥ ᠵᠤᠬᠢᠶᠠᠨ ᠪᠠᠶᠢᠭᠤᠯᠤᠨ ᠢᠲᠡᠪᠬᠢᠲᠡᠢ ᠤᠷᠤᠯᠴᠠᠭᠤᠯᠬᠤ ᠶᠢᠨ ᠬᠠᠮᠲᠤ ᠨᠡᠶᠢᠲᠡᠮ ᠪᠠᠶᠢᠴᠠᠭᠠᠯᠲᠠ ᠶᠢᠨ ᠠᠵᠢᠯ ᠳᠤ ᠰᠠᠶᠢᠳᠤᠷ ᠬᠠᠮᠵᠢᠯᠴᠠᠭᠤᠯᠤᠨ᠎ᠠ᠃ ᠲᠠᠷᠠᠭ᠎ᠠ ᠳᠤᠨᠢ᠂ ᠰᠠᠬᠢᠯᠭ᠎ᠠ ᠪᠠᠲᠤ ᠬᠡᠷᠡᠭᠵᠢᠬᠦᠯᠵᠥ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠨ᠎ᠠ᠃ ᠲᠥᠷᠥ ᠶᠢᠨ ᠶᠠᠪᠤᠲᠠᠯ ᠤᠨ ᠬᠤᠷᠢᠶ᠎ᠠ ᠶᠢᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠠᠯᠪᠠᠨ ᠭᠡᠷ ᠨᠢ ᠲᠤᠰᠬᠠᠢ ᠬᠠᠤᠯᠢ ᠬᠡᠷᠡᠭᠵᠢᠬᠦᠯᠥᠯᠲᠡ ᠶᠢ ᠪᠠᠶᠢᠴᠠᠭᠠᠬᠤ ᠲᠤᠭᠤᠢᠢᠯᠠᠩ ᠪᠠᠶᠢᠭᠤᠯᠵᠥ᠂ ᠨᠡᠶᠢᠲᠡᠮ ᠪᠠᠶᠢᠴᠠᠭᠠᠯᠲᠠ ᠲᠤᠮᠲᠠᠬᠢ ᠬᠠᠤᠯᠢ ᠶᠢ ᠵᠥᠷᠢᠴᠡᠭᠰᠡᠨ ᠥᠢᠯᠡ ᠠᠵᠢᠯᠯᠠᠭ᠎ᠠ ᠶᠢᠨ ᠢᠯᠡᠴᠢᠯᠡᠨ ᠮᠡᠲᠡᠬᠦᠯᠥᠯᠲᠡ ᠶᠢ ᠬᠥᠯᠢᠶᠡᠨ ᠰᠢᠢᠳᠪᠤᠷᠢᠯᠡᠬᠦ ᠶᠢ ᠬᠠᠷᠢᠭᠤᠴᠠᠵᠥ᠂ ᠬᠠᠤᠯᠢ ᠶᠢ ᠵᠥᠷᠢᠴᠡᠭᠰᠡᠨ ᠴᠢᠬᠤᠯᠠ ᠶᠡᠭᠡ ᠬᠡᠷᠡᠭ ᠶᠠᠪᠤᠲᠠᠯ ᠳᠤ ᠬᠠᠤᠯᠢ ᠶᠤᠰᠤᠭᠠᠷ ᠰᠢᠭᠤᠳ ᠪᠠᠶᠢᠴᠠᠭᠠᠯᠲᠠ ᠬᠢᠬᠦ ᠪᠥᠭᠡᠳ ᠡᠯ ᠎ᠠ ᠱᠠᠲᠤᠨ ᠤ ᠲᠤᠭ᠎ᠠ ᠪᠥᠷᠢᠳᠭᠡᠯ ᠤᠨ ᠪᠠᠶᠢᠭᠤᠯᠤᠮᠵᠢ ᠶᠢ ᠱᠠᠯᠠᠪᠲᠠᠭᠤᠯᠤᠨ ᠬᠠᠤᠯᠢ ᠶᠤᠰᠤᠭᠠᠷ ᠬᠠᠤᠯᠢ ᠬᠡᠷᠡᠭᠵᠢᠬᠦᠯᠥᠯᠲᠠ ᠶᠢᠨ ᠪᠠᠶᠢᠴᠠᠭᠠᠯᠲᠠ ᠥᠷᠨᠢᠬᠦᠯᠥᠨ᠎ᠠ ᠃ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷᠵᠢᠯ ᠢ ᠮᠥᠷᠲᠡᠨ ᠨᠡᠭᠡᠮᠵᠢᠯᠡᠬᠦ ᠪᠤᠯᠤᠨ ᠬᠠᠷᠢᠭᠤᠴᠠᠯᠭ᠎ᠠ ᠨᠡᠭᠡᠮᠵᠢᠯᠡᠬᠦ ᠲᠤᠭᠲᠠᠴᠠ ᠶᠢ ᠪᠠᠶᠢᠭᠤᠯᠤᠨ ᠪᠥᠷᠢᠨᠰᠢᠬᠦᠯᠵᠥ᠂ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠤ ᠲᠤᠭ᠎ᠠ ᠪᠥᠷᠢᠳᠭᠡᠯ ᠤᠨ ᠪᠠᠶᠢᠭᠤᠯᠤᠮᠵᠢ ᠨᠢ ᠨᠡᠶᠢᠲᠡᠮ ᠪᠠᠶᠢᠴᠠᠭᠠᠯᠲᠠ ᠶᠢᠨ ᠠᠵᠢᠯ ᠲᠤᠮᠲᠠᠬᠢ ᠬᠠᠤᠯᠢ ᠶᠢ ᠵᠥᠷᠢᠴᠡᠵᠥ ᠰᠠᠬᠢᠯᠭ᠎ᠠ ᠪᠠᠲᠤ ᠶᠢ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠪᠤᠯᠤᠨ ᠨᠡᠶᠢᠲᠡᠯᠡᠵᠥ ᠢᠯᠡᠴᠢᠯᠡᠬᠦ ᠡᠷᠴᠢᠮ ᠢ ᠴᠢᠩᠭᠠᠷᠠᠭᠤᠯᠵᠥ᠂ ᠨᠡᠶᠢᠲᠡᠮ ᠪᠠᠶᠢᠴᠠᠭᠠᠯᠲᠠ ᠶᠢᠨ ᠠᠵᠢᠯ ᠢ ᠵᠤᠷᠢᠭᠤᠳᠠ ᠬᠠᠷᠰᠢᠯᠠᠬᠤ ᠶᠢ ᠡᠷᠡᠰ ᠡᠰᠡᠷᠬᠦᠴᠡᠨ᠎ᠠ᠃ ︽ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠤᠭ᠎ᠠ ᠪᠥᠷᠢᠳᠭᠡᠯ ᠤᠨ ᠬᠠᠤᠯᠢ︾ ᠪᠤᠯᠤᠨ ︽ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠲᠥᠷᠢᠮ︾ ᠢ ᠵᠥᠷᠢᠴᠡᠪᠠᠯ ᠨᠠᠮ ᠤᠨ ᠰᠠᠬᠢᠯᠭ᠎ᠠ ᠵᠠᠰᠠᠭ ᠤᠨ ᠶᠠᠪᠤᠲᠠᠯ ᠤᠨ ᠰᠢᠢᠳᠭᠡᠯ ᠤᠯᠭᠤᠬᠤ ᠪᠤᠶᠤ ᠵᠤᠬᠢᠶᠠᠨ ᠪᠠᠶᠢᠭᠤᠯᠤᠯᠲᠠ ᠠᠴᠠ ᠰᠢᠢᠳᠪᠤᠷᠢᠯᠡᠭᠰᠡᠨ ᠲᠤᠭ᠎ᠠ ᠪᠥᠷᠢᠳᠭᠡᠯ ᠤᠨ ᠬᠠᠤᠯᠢ ᠶᠢ ᠵᠥᠷᠢᠴᠡᠵᠥ ᠰᠠᠬᠢᠯᠭ᠎ᠠ ᠪᠠᠲᠤ ᠶᠢ ᠵᠥᠷᠢᠴᠡᠭᠰᠡᠨ ᠬᠠᠷᠢᠭᠤᠴᠠᠯᠭᠠᠲᠠᠨ ᠳᠤ ᠲᠤᠭ᠎ᠠ ᠪᠥᠷᠢᠳᠭᠡᠯ ᠤᠨ ᠪᠠᠶᠢᠭᠤᠯᠤᠮᠵᠢ ᠨᠢ ᠲᠤᠭᠲᠠᠭᠠᠯ ᠶᠤᠰᠤᠭᠠᠷ ᠰᠢᠢᠳᠭᠡᠯ ᠤᠯᠭᠤᠬᠤ ᠰᠠᠨᠠᠭᠤᠯᠭ᠎ᠠ ᠭᠠᠷᠭᠠᠨ ᠴᠠᠭ ᠲᠤᠬᠠᠢ ᠳᠤᠨᠢ ᠲᠤᠰᠢᠶᠠᠯ ᠳᠤ ᠲᠤᠮᠢᠯᠠᠵᠥ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠤᠬᠢᠶᠠᠨ ᠪᠠᠶᠢᠭᠤᠯᠤᠯᠲᠠ ︵ᠠᠵᠢᠯᠲᠠᠨ ᠤ ᠶᠠᠪᠤᠲᠠᠯ︶ ᠶᠢᠨ ᠰᠠᠯᠠᠭ᠎ᠠ ᠮᠥᠴᠢᠷ ᠲᠤ ᠰᠢᠯᠵᠢᠬᠦᠯᠥᠨ ᠬᠦᠷᠭᠡᠨ᠎ᠠ᠃ ᠲᠠᠬᠢᠪᠠᠯ ᠶᠠᠰᠤ ᠴᠢᠨᠠᠷ ᠢ ᠡᠵᠡᠮᠰᠢᠬᠦ ᠶᠢ ᠴᠢᠩᠭᠠᠳᠬᠠᠨ᠎ᠠ᠃ ᠨᠡᠶᠢᠲᠡᠮ ᠪᠠᠶᠢᠴᠠᠭᠠᠯᠲᠠ ᠶᠢᠨ ᠪᠥᠬᠦ ᠶᠠᠪᠤᠴᠠ ᠶᠢᠨ ᠴᠢᠨᠠᠷᠵᠢᠯ ᠢ ᠡᠵᠡᠮᠰᠢᠬᠦ ᠠᠷᠭ᠎ᠠ ᠶᠢ ᠪᠠᠶᠢᠭᠤᠯᠤᠨ ᠪᠥᠷᠢᠨᠰᠢᠬᠦᠯᠵᠥ᠂ ᠰᠢᠨᠵᠢᠯᠡᠬᠦ ᠤᠬᠠᠭᠠᠨᠴᠢ ᠪᠠᠷ ᠨᠡᠶᠢᠲᠡᠮ ᠪᠠᠶᠢᠴᠠᠭᠠᠯᠲᠠ ᠶᠢᠨ ᠲᠥᠰᠥᠯ ᠢ ᠲᠤᠭᠲᠠᠭᠠᠬᠤ ᠪᠠᠷ ᠲᠠᠮᠵᠢᠭᠤᠯᠤᠨ᠂ ᠨᠡᠶᠢᠲᠡᠮ ᠪᠠᠶᠢᠴᠠᠭᠠᠯᠲᠠ ᠶᠢᠨ ᠠᠵᠢᠯᠲᠠᠳ ᠲᠤ ᠨᠠᠷᠢᠨ ᠬᠢᠨᠠᠮᠠᠭᠠᠢ ᠪᠤᠯᠪᠠᠰᠤᠷᠠᠯ ᠬᠥᠷᠲᠡᠭᠡᠵᠥ᠂ ᠨᠡᠶᠢᠲᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠨᠢᠮᠪᠠᠢ ᠬᠡᠷᠡᠭᠵᠢᠬᠦᠯᠵᠥ᠂ ᠡᠯᠧᠺᠳ᠋ᠷᠤᠨᠴᠢᠯᠡᠭᠰᠡᠨ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠬᠡᠯᠪᠡᠷᠢ ᠶᠢ ᠪᠥᠬᠦ ᠲᠠᠯ᠎ᠠ ᠪᠠᠷ ᠬᠡᠷᠡᠭᠯᠡᠵᠥ᠂ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠲᠡᠭᠯᠡᠯ ᠢ ᠬᠥᠢᠴᠡᠳ ᠠᠰᠢᠭᠯᠠᠵᠥ᠂ ᠴᠢᠨᠠᠷᠵᠢᠯ ᠢ ᠰᠤᠭᠤᠴᠢᠨ ᠪᠠᠶᠢᠴᠠᠭᠠᠬᠤ ᠪᠤᠯᠤᠨ ᠠᠵᠢᠯ ᠤᠨ ᠪᠠᠶᠢᠴᠠᠭᠠᠯᠲᠠ ᠶᠢ ᠥᠨᠡᠨ ᠬᠦ ᠴᠢᠩᠭᠠᠳᠬᠠᠵᠥ᠂ ᠨᠡᠶᠢᠲᠡᠮ ᠪᠠᠶᠢᠴᠠᠭᠠᠯᠲᠠ ᠶᠢᠨ ᠠᠵᠢᠯ ᠤᠨ ᠴᠢᠨᠠᠷᠵᠢᠯ ᠢ ᠪᠥᠬᠦ ᠲᠠᠯ᠎ᠠ ᠪᠠᠷ ᠲᠡᠭᠡᠭᠰᠢᠯᠡᠬᠦᠯᠥᠨ᠎ᠠ᠃ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠪᠠᠷ ᠲᠠᠮᠵᠢᠭᠤᠯᠤᠨ᠂ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠳᠤ ᠨᠡᠶᠢᠲᠡᠮ ᠪᠠᠶᠢᠴᠠᠭᠠᠯᠲᠠ ᠶᠢ ᠬᠥᠨᠵᠡᠭᠡᠢ ᠮᠡᠲᠡᠬᠦᠯᠵᠥ ᠤᠢᠢᠯᠠᠭᠠᠭᠤᠯᠬᠤ ᠶᠢᠨ ᠤᠯᠠᠮ ᠢᠶᠠᠷ ᠨᠡᠶᠢᠲᠡᠮ ᠪᠠᠶᠢᠴᠠᠭᠠᠯᠲᠠ ᠶᠢᠨ ᠠᠵᠢᠯ ᠳᠤ ᠢᠲᠡᠪᠬᠢᠲᠡᠢ ᠬᠠᠮᠵᠢᠯᠴᠠᠭᠤᠯᠵᠥ᠂ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠮᠡᠲᠡᠬᠦᠯᠬᠦ ᠴᠢᠨᠠᠷᠵᠢᠯ ᠢ ᠥᠨᠡᠨ ᠬᠦ ᠲᠡᠭᠡᠭᠰᠢᠯᠡᠬᠦᠯᠥᠨ᠎ᠠ᠃
 
ᠢᠷᠡᠯᠲᠡ᠄ ᠰᠢᠯᠢ ᠶᠢᠨ ᠭᠤᠣᠯ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号