ᠡᠬᠡ ᠬᠡᠯᠡ ᠪᠠᠨ ᠲᠡᠬᠡᠳᠦᠯᠡᠭᠰᠡᠨ ᠦᠢᠯᠡᠰ ᠤᠨ ᠪᠠᠭ᠋ᠠᠷᠬᠠᠯ
ᠨᠡᠶᠢᠲᠡᠯᠡᠭᠰᠡᠨ ᠴᠠᠭ᠄
2020/6/18
ᠰᠢᠯᠢ ᠶᠢᠨ ᠬᠤᠳᠠ ᠶᠢᠨ ᠵᠡᠬᠡᠯᠢ ᠭᠤᠳᠤᠮᠵᠢ ᠪᠠᠷ ᠠᠯᠬᠤᠯᠠᠬᠤ ᠳᠤ ᠮᠤᠩᠭᠤᠯ ᠬᠢᠳᠠᠳ ᠦᠰᠦᠭ ᠲᠠᠢ ᠦᠡᠭᠬᠡ ᠪᠦᠷᠢ ᠶᠢᠨ ᠫᠠᠶᠢᠰᠠ ᠢᠯᠡᠷᠬᠡᠶᠢᠯᠡᠯ ᠬᠦᠮᠦᠰ ᠤᠨ ᠬᠠᠷᠠᠭᠠᠨ ᠳᠤ ᠲᠤᠳᠤᠷᠠᠬᠤ ᠨᠢ ᠮᠡᠳᠡᠬᠡᠵᠢ᠃ ᠤᠷᠴᠢᠮ ᠤᠨ ᠬᠡᠳᠦᠨ ᠵᠢᠯ ᠠᠴᠠ ᠬᠠᠷᠢᠨ ᠡᠳᠡᠬᠡᠷ ᠫᠠᠶᠢᠰᠠ ᠢᠯᠡᠷᠬᠡᠶᠢᠯᠡᠯ ᠤᠳ ᠲᠤ ᠪᠤᠷᠤᠭᠤ ᠦᠰᠦᠭ ᠴᠦᠬᠡᠨ ᠬᠠᠷᠠᠭᠳᠠᠬᠤ ᠪᠤᠯᠤᠭᠰᠠᠨ ᠮᠦᠷᠳᠡᠬᠡᠨ ᠤᠷᠴᠢᠭᠤᠯᠭ᠎ᠠ ᠴᠦ ᠤᠨᠤᠪᠴᠢᠳᠠᠢ ᠪᠤᠯᠤᠭᠰᠠᠨ ᠢ ᠭᠠᠳᠠᠷᠯᠠᠵᠤ ᠮᠡᠳᠡᠭᠰᠡᠨ ᠬᠦᠮᠦᠨ ᠴᠦ ᠴᠦᠬᠡᠨ ᠪᠤᠰᠤ ᠪᠠᠶᠢᠬᠤ ᠡ᠃ ᠡᠬᠦᠨ ᠢ ᠶᠠᠷᠢᠬᠤ ᠳᠤ ᠰᠢᠯᠢ ᠶᠢᠨ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠠᠯ᠎ᠠ ᠪᠠᠷ ᠬᠢ ᠵᠢᠳᠬᠦᠯ ᠴᠢᠷᠮᠠᠶᠢᠯᠭ᠎ᠠ ᠲᠤᠷᠠᠳᠤᠭᠳᠠᠬᠤ ᠤᠴᠢᠷᠳᠠᠢ ᠶᠤᠮ᠃      ᠤᠢᠢᠷ᠎ᠠ ᠶᠢᠨ ᠵᠢᠯ ᠳᠤ᠂ ᠰᠢᠯᠢ ᠶᠢᠨ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠨᠠᠮ ᠤᠨ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠬᠦᠯᠵᠦ᠂ ᠮᠤᠩᠭᠤᠯ ᠬᠡᠯᠡ ᠪᠢᠴᠢᠭ ᠤᠨ ᠠᠵᠢᠯ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ ᠤᠨ ᠤᠬᠠᠭᠤᠯᠭ᠎ᠠ ᠶᠢ ᠬᠦᠴᠦᠳᠠᠢ ᠠᠳᠬᠤᠨ᠂ ᠨᠡᠶᠢᠬᠡᠮ ᠤᠨ ᠦᠡᠭᠬᠡᠨ ᠬᠡᠷᠡᠭᠯᠡᠬᠡᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠬᠡᠷᠡᠭᠵᠢᠬᠦᠯᠦᠨ ᠴᠡᠭᠴᠡᠯᠡᠬᠦ ᠬᠦᠴᠦᠯᠡᠴᠡ ᠪᠠᠨ ᠴᠢᠩᠭᠠᠷᠠᠭᠤᠯᠵᠤ᠂ ᠪᠦᠬᠦ ᠬᠤᠳᠠ ᠶᠢᠨ ᠬᠡᠪᠴᠢᠶᠡᠨ ᠳᠤ ᠮᠤᠩᠭᠤᠯ ᠬᠡᠯᠡ ᠪᠢᠴᠢᠭ ᠤᠨ ᠠᠵᠢᠯ ᠤᠨ ᠤᠬᠢ ᠰᠠᠶᠢᠨ ᠤᠷᠴᠢᠨ ᠲᠤᠭᠤᠷᠢᠨ ᠢ ᠴᠢᠷᠮᠠᠶᠢᠨ ᠡᠬᠦᠳᠴᠦ᠂ ᠨᠡᠶᠢᠬᠡᠮ ᠤᠨ ᠡᠶ᠎ᠡ ᠵᠤᠬᠢᠴᠠᠯ ᠲᠠᠢ ᠲᠤᠭᠳᠠᠭᠤᠨ ᠪᠠᠶᠢᠬᠤ ᠶᠢ ᠪᠠᠳᠤᠯᠠᠵᠤ ᠪᠠᠶᠢᠬᠤ ᠪᠢᠯᠠ᠃               ᠮᠤᠩᠭᠤᠯ ᠬᠡᠯᠡ ᠪᠢᠴᠢᠭ ᠤᠨ ᠠᠵᠢᠯ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ ᠤᠨ ᠤᠬᠠᠭᠤᠯᠭ᠎ᠠ ᠬᠦᠮᠦᠵᠢᠯ ᠵᠢᠴᠢ ᠪᠤᠯᠪᠠᠰᠤᠷᠠᠯ ᠢ ᠴᠢᠩᠭᠠᠳᠬᠠᠪᠠ     ᠤᠷᠴᠢᠮ ᠤᠨ ᠬᠡᠳᠦᠨ ᠵᠢᠯ ᠳᠤ᠂ ᠰᠢᠯᠢ ᠶᠢᠨ ᠬᠤᠳᠡ ᠶᠢᠨ ᠬᠡᠪᠴᠢᠶᠡᠨ ᠳᠤ ᠮᠤᠩᠭᠤᠯ ᠬᠡᠯᠡ ᠪᠢᠴᠢᠭ ᠤᠨ ᠠᠵᠢᠯ ᠤᠨ ᠮᠡᠳᠡᠯᠬᠡ ᠶᠢᠨ ᠤᠷᠤᠯᠳᠤᠭᠠᠨ᠂ ᠮᠤᠩᠭᠤᠯ ᠦᠰᠦᠭ ᠤᠨ ᠵᠦᠪ ᠪᠢᠴᠢᠯᠬᠡ ᠶᠢᠨ ᠤᠷᠤᠯᠳᠤᠭᠠᠨ᠂ ᠮᠤᠩᠭᠤᠯ ᠤᠷᠠᠨ ᠪᠢᠴᠢᠯᠬᠡ ᠶᠢᠨ ᠤᠷᠤᠯᠳᠤᠭᠠᠨ᠂ ᠮᠤᠩᠭᠤᠯ ᠬᠡᠯᠡᠨ ᠤ ᠤᠷᠠᠨ ᠤᠡᠭᠰᠢᠯᠭ᠎ᠠ ᠶᠢᠨ ᠤᠷᠤᠯᠳᠤᠭᠠᠨ ᠵᠡᠷᠬᠡ ᠰᠢᠷᠢᠰ ᠠᠵᠢᠯᠯᠠᠭ᠎ᠠ ᠵᠠᠯᠭᠠᠪᠡᠷ ᠶᠠᠪᠤᠭᠳᠠᠵᠤ᠂ ᠨᠡᠶᠢᠬᠡᠮ ᠨᠡᠶᠢᠳᠡ ᠶᠢᠨ ᠠᠩᠬᠠᠷᠤᠯ ᠳᠤ ᠬᠦᠷᠴᠦ᠂ ᠮᠤᠩᠭᠤᠯ ᠬᠡᠯᠡ ᠪᠢᠴᠢᠭ ᠤᠨ ᠠᠵᠢᠯ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ᠂ ᠮᠤᠩᠭᠤᠯ ᠦᠬᠡ ᠬᠡᠯᠡ ᠦᠰᠦᠭ ᠪᠢᠴᠢᠭ ᠢ ᠬᠡᠷᠡᠭᠯᠡᠬᠦ ᠪᠠ ᠲᠦᠬᠡᠮᠡᠯᠵᠢᠬᠦᠯᠬᠦ ᠵᠢᠴᠢ ᠵᠦᠪ ᠪᠢᠴᠢᠯᠬᠡ᠂ ᠪᠠᠷᠢᠮᠵᠢᠶ᠎ᠠ ᠠᠪᠢᠶ᠎ᠠ ᠶᠢ ᠲᠡᠯᠬᠡᠷᠡᠬᠦᠯᠬᠦ ᠳᠤ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠳᠦᠮᠵᠢ ᠶᠢ ᠤᠯᠵᠤ᠂ ᠮᠠᠰᠢ ᠰᠠᠶᠢᠨ ᠲᠤᠰᠬᠠᠯ ᠭᠠᠷᠴᠤ ᠪᠠᠶᠢᠭᠰᠠᠨ ᠶᠤᠮ᠃ ᠡᠨᠡ ᠨᠢ ᠮᠦᠨᠴᠦ ᠰᠢᠯᠢ ᠶᠢᠨ ᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠲᠠᠯ᠎ᠠ ᠪᠠᠷ ᠬᠢ ᠠᠮᠵᠢᠯᠳᠠᠳᠠᠢ ᠨᠢᠬᠡᠨ ᠲᠠᠯ᠎ᠠ ᠪᠠᠶᠢᠯ᠎ᠠ᠃      ᠤᠯᠠᠨ ᠵᠢᠯ ᠤᠨ ᠲᠤᠷᠰᠢ᠂ ᠰᠢᠯᠢ ᠶᠢᠨ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠨᠠᠮ ᠤᠨ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠤᠬᠠᠭᠤᠯᠭ᠎ᠠ ᠬᠦᠮᠦᠵᠢᠯ ᠢ ᠦᠨᠳᠦᠰᠦᠳᠡᠨ ᠤ ᠠᠵᠢᠯ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠬᠦᠳᠦᠨ ᠪᠠᠶᠢᠭᠤᠯᠬᠤ ᠠᠵᠢᠯ ᠤᠨ ᠴᠢᠬᠤᠯᠠ ᠠᠭᠤᠯᠭ᠎ᠠ ᠪᠤᠯᠭᠠᠵᠤ᠂ ᠠᠯᠢ ᠤᠯᠠᠨ ᠬᠡᠯᠪᠡᠷᠢ ᠪᠦᠬᠦᠢ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠦᠭᠰᠡᠨ ᠶᠤᠮ᠃ ᠵᠢᠯ ᠪᠤᠯᠭᠠᠨ ᠤ 5 ᠳ᠋ᠤᠭᠠᠷ ᠰᠠᠷ᠎ᠠ ᠪᠤᠯ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠢᠮ﹀ ᠢ ᠰᠤᠷᠤᠯᠴᠠᠨ ᠤᠬᠠᠭᠤᠯᠬᠤ ᠰᠠᠷ᠎ᠠ︾ ᠪᠤᠯᠬᠤᠷ ᠲᠤᠰ ᠵᠦᠪᠯᠡᠯ ᠤᠨ ᠬᠢᠨ ᠵᠢᠯ ᠪᠤᠯᠭᠠᠨ ᠤ ᠲᠠᠪᠤᠳᠤᠭᠠᠷ ᠰᠠᠷ᠎ᠠ ᠳᠤ ᠶᠠᠷᠢᠯᠴᠠᠬᠤ ᠬᠤᠷᠠᠯ᠂ ᠠᠭᠤᠳᠠᠮ ᠲᠠᠯᠠᠪᠠᠢ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠨ᠂ ᠤᠬᠠᠭᠤᠯᠭ᠎ᠠ ᠶᠢᠨ ᠬᠠᠭᠤᠳᠠᠰᠤ᠂ ᠵᠢᠷᠤᠭᠳᠤ ᠲᠡᠪᠳᠡᠷ ᠲᠠᠷᠬᠠᠭᠠᠵᠤ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠢᠮ︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠬᠢᠳᠠᠳ ᠬᠤᠶᠠᠷ ᠲᠦᠷᠦᠯ ᠤᠨ ᠦᠰᠦᠭ ᠪᠢᠴᠢᠭ ᠢ ᠵᠡᠷᠬᠡᠪᠡᠷ ᠬᠡᠷᠡᠭᠯᠡᠬᠦ ᠠᠷᠭ᠎ᠠ︾ ᠵᠡᠷᠬᠡ ᠬᠠᠤᠯᠢ ᠲᠦᠷᠢᠮ ᠢ ᠤᠬᠠᠭᠤᠯᠤᠨ ᠲᠠᠶᠢᠯᠪᠤᠷᠢᠯᠠᠳᠠᠭ ᠪᠠᠶᠢᠯ᠎ᠠ᠃ ᠡᠬᠦᠨ ᠤ ᠬᠠᠮᠳᠤ ᠪᠠᠰᠠ ︽ᠡᠬᠡ ᠬᠡᠯᠡ︾᠂ ︽ᠲᠦᠷᠢᠮᠵᠢᠯ ᠦᠬᠡᠢ ᠫᠠᠶᠢᠰᠠ ᠢᠯᠡᠷᠬᠡᠶᠢᠯᠡᠯ ᠵᠡᠷ ᠮᠡᠳᠡᠭᠡ︾ ᠵᠡᠷᠬᠡ ᠤᠬᠠᠭᠤᠯᠭ᠎ᠠ ᠶᠢᠨ ᠹᠢᠯᠢᠮ ᠵᠤᠬᠢᠶᠠᠨ᠂ ᠫᠠᠶᠢᠰᠠ ᠢᠯᠡᠷᠬᠡᠶᠢᠯᠡᠯ ᠵᠡᠷ ᠮᠡᠳᠡᠬᠡᠨ ᠤ ᠮᠤᠩᠭᠤᠯ ᠬᠢᠳᠠᠳ ᠦᠰᠦᠭ ᠢ ᠵᠤᠬᠢᠶᠠᠨ ᠦᠢᠯᠡᠳᠬᠦ ᠪᠠᠷᠢᠮᠵᠢᠶ᠎ᠠ ᠵᠢᠴᠢ ᠬᠢᠨᠠᠭᠤᠯᠤᠨ ᠵᠦᠪᠰᠢᠶᠡᠷᠡᠬᠦᠯᠬᠦ ᠲᠡᠰ ᠲᠠᠷᠠᠭ᠎ᠠ ᠶᠢᠨ ᠡᠯᠬᠦᠬᠡ ᠵᠢᠷᠤᠭ ᠵᠤᠬᠢᠶᠠᠵᠤ᠂ ᠫᠠᠶᠢᠰᠠ ᠢᠯᠡᠷᠬᠡᠶᠢᠯᠡᠯ ᠵᠡᠷ ᠮᠡᠳᠡᠭᠡ ᠵᠤᠬᠢᠶᠠᠨ ᠦᠢᠯᠡᠳᠬᠦ ᠨᠢᠬᠡᠴᠢ ᠳᠤ ᠲᠠᠷᠬᠠᠭᠠᠨ ᠦᠭᠬᠦᠭᠰᠡᠨ ᠪᠠᠶᠢᠨ᠎ᠠ ᠃ 2018 ᠤᠨ ᠳᠤ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠶᠢ ᠲᠤᠷᠠᠰᠬᠠᠨ ᠲᠡᠮᠳᠡᠭᠯᠡᠵᠦ᠂ ᠲᠤᠰ ᠵᠦᠪᠯᠡᠯ ᠤᠨ ᠬᠢᠨ ᠪᠡᠯᠡ ᠮᠦᠡᠭᠬᠦ ᠭᠠᠷᠭᠠᠨ ︽ᠠᠪᠠᠭ᠋ᠠᠨᠠᠷ ᠢᠷᠦᠬᠡᠯ ᠮᠠᠭᠳᠠᠭᠠᠯ ᠤᠨ ᠪᠤᠳᠢ︾ ᠶᠢ ᠬᠡᠪᠯᠡᠬᠦᠯᠵᠦ᠂ ᠲᠤᠰ ᠨᠤᠮ ᠤᠨ ᠲᠠᠷᠬᠠᠭᠠᠯᠳᠠ ᠶᠢᠨ ᠶᠤᠰᠤᠯᠠᠯ ᠵᠢᠴᠢ ᠠᠪᠠᠭ᠋ᠠᠨᠠᠷ ᠢᠷᠦᠬᠡᠯ ᠮᠠᠭᠳᠠᠭᠠᠯ ᠤᠨ ᠲᠤᠬᠠᠢ ᠶᠠᠷᠢᠯᠴᠠᠬᠤ ᠬᠤᠷᠠᠯ ᠢ ᠬᠢᠵᠦ᠂ ᠪᠠᠰᠠ ᠠᠩᠬᠠᠳᠤᠭᠠᠷ ᠤᠳᠠᠭᠠᠨ ᠤ ︽ᠠᠪᠠᠭ᠋ᠠᠨᠠᠷ ᠬᠤᠨᠳᠠᠭᠠᠳᠤ︾ ᠢᠷᠦᠬᠡᠯ ᠮᠠᠭᠳᠠᠭᠠᠯ ᠤᠨ ᠤᠷᠤᠯᠳᠤᠭᠠᠨ ᠢ ᠡᠷᠬᠢᠯᠡᠡ ᠶᠠᠪᠤᠭᠳᠠᠭᠤᠯᠤᠭᠰᠠᠨ ᠪᠢᠯᠠ᠃     ᠪᠦᠬᠦ ᠬᠤᠳᠠ ᠶᠢᠨ ᠬᠡᠪᠴᠢᠶᠡᠨ ᠳᠤ ᠮᠤᠩᠭᠤᠯ ᠬᠡᠯᠡ ᠪᠢᠴᠢᠭ ᠤᠨ ᠠᠵᠢᠯ ᠢ ᠡᠷᠴᠢᠮᠳᠠᠢ ᠦᠷᠨᠢᠬᠦᠯᠵᠦ᠂ ᠤᠬᠠᠭᠤᠯᠭ᠎ᠠ ᠬᠦᠮᠦᠵᠢᠯ ᠤᠨ ᠠᠵᠢᠯ ᠢ ᠢᠳᠡᠪᠬᠢᠳᠠᠢ ᠶᠠᠪᠤᠭᠳᠠᠭᠤᠯᠤᠭᠰᠠᠨ ᠠᠴᠠ ᠮᠠᠰᠢ ᠤᠯᠠᠨ ᠮᠤᠩᠭᠤᠯ ᠬᠡᠯᠡ ᠰᠤᠷᠴᠤ ᠬᠡᠷᠡᠭᠯᠡᠭᠰᠡᠨ ᠲᠡᠷᠢᠬᠦᠨ ᠤ ᠬᠤᠪᠢ ᠬᠦᠮᠦᠨ ᠪᠠ ᠬᠠᠮᠳᠤ ᠨᠢᠬᠡᠴᠢ ᠴᠤᠯᠭᠤᠷᠠᠨ ᠭᠠᠷᠤᠭᠰᠠᠨ ᠶᠤᠮ᠃ 2017 ᠤᠨ ᠢᠶᠠᠷ ᠵᠢᠱᠢᠶᠡᠯᠡᠬᠦ ᠳᠤ᠂ ᠴᠢᠷᠮ᠎ᠡ᠂ ᠴᠢᠩ ᠮᠸᠢ ᠵᠡᠷᠬᠡ 4 ᠬᠦᠮᠦᠨ ᠪᠦᠬᠦ ᠠᠶᠢᠮᠠᠭ ᠤᠨ ᠮᠤᠩᠭᠤᠯ ᠬᠡᠯᠡ ᠰᠤᠷᠴᠤ ᠬᠡᠷᠡᠭᠯᠡᠭᠰᠡᠨ ᠲᠡᠷᠢᠬᠦᠨ ᠤ ᠬᠤᠪᠢ ᠬᠦᠮᠦᠨ ᠪᠠ ᠪᠠᠶᠠᠨᠴᠠᠭᠠᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠯᠢ ᠶᠢᠨ ᠬᠤᠳᠠ ᠶᠢᠨ ᠠᠷᠠᠳ ᠤᠨ ᠰᠢᠬᠦᠬᠦ ᠬᠤᠷᠢᠶ᠎ᠠ ᠵᠡᠷᠬᠡ 3 ᠪᠠᠶᠢᠭᠤᠯᠭ᠎ᠠ ᠨᠢᠬᠡᠴᠢ ᠨᠢ ᠮᠤᠩᠭᠤᠯ ᠬᠡᠯᠡ ᠰᠤᠷᠴᠤ ᠬᠡᠷᠡᠭᠯᠡᠭᠰᠡᠨ ᠲᠡᠷᠢᠬᠦᠨ ᠤ ᠬᠠᠮᠳᠤ ᠨᠢᠬᠡᠴᠢ ᠪᠠᠷ ᠬᠦᠬᠢᠬᠦᠯᠦᠭᠳᠡᠵᠦ᠂ ᠪᠦᠬᠦ ᠬᠤᠳᠠ ᠶᠢᠨ ᠬᠡᠪᠴᠢᠶᠡᠨ ᠳᠤ ᠪᠠᠨ 15 ᠲᠡᠷᠢᠬᠦᠨ ᠤ ᠬᠠᠮᠳᠤ ᠨᠢᠬᠡᠴᠢ ᠪᠠ 35 ᠲᠡᠷᠢᠬᠦᠨ ᠤ ᠬᠤᠪᠢ ᠬᠦᠮᠦᠨ ᠢ ᠮᠤᠩᠭᠤᠯ ᠬᠡᠯᠡ ᠰᠤᠷᠴᠤ ᠬᠡᠷᠡᠭᠯᠡᠭᠰᠡᠨ ᠲᠡᠷᠢᠬᠦᠨ ᠤ ᠬᠠᠮᠳᠤ ᠨᠢᠬᠡᠴᠢ ᠪᠠ ᠲᠡᠷᠢᠬᠦᠨ ᠤ ᠬᠤᠪᠢ ᠬᠦᠮᠦᠨ ᠢᠶᠠᠷ ᠱᠠᠩᠨᠠᠨ ᠬᠦᠬᠢᠬᠦᠯᠵᠦ ᠪᠠᠶᠢᠭᠰᠠᠨ ᠶᠤᠮ᠃       ᠪᠦᠬᠦ ᠬᠤᠳᠠ ᠶᠢᠨ ᠺᠠᠳ᠋ᠷ ᠠᠵᠢᠯᠳᠠᠨ ᠤ ᠮᠤᠩᠭᠤᠯ ᠬᠡᠯᠡ ᠰᠤᠷᠬᠤ ᠠᠩᠬᠢ ᠪᠤᠯ ᠲᠤᠰ ᠵᠦᠪᠯᠡᠯ ᠤᠨ ᠵᠢᠯ ᠪᠤᠯᠭᠠᠨ ᠡᠷᠬᠢᠯᠡᠨ ᠶᠠᠪᠤᠭᠳᠠᠭᠤᠯᠵᠤ ᠪᠠᠶᠢᠭ᠎ᠠ ᠪᠠᠰᠠᠴᠤ ᠨᠢᠬᠡᠨ ᠤᠨᠴᠠᠯᠢᠭᠳᠤ ᠠᠵᠢᠯ ᠪᠤᠯᠬᠤ ᠶᠤᠮ᠃ ᠡᠯ᠎ᠠ ᠪᠠᠶᠢᠭᠤᠯᠭ᠎ᠠ ᠨᠢᠬᠡᠴᠢ᠂ ᠠᠵᠤ ᠠᠬᠤᠢᠢᠯᠠᠯ᠂ ᠨᠡᠶᠢᠬᠡᠮ ᠲᠤᠭᠤᠷᠢᠭ ᠤᠨ ᠺᠠᠳ᠋ᠷ ᠠᠵᠢᠯᠳᠠᠳ ᠢ ᠪᠠᠭᠳᠠᠭᠠᠭᠰᠠᠨ ᠨᠡᠶᠢᠬᠡᠮ ᠤᠨ ᠡᠯ᠎ᠡ ᠡᠳᠡᠬᠡᠳ ᠤᠨ ᠬᠦᠮᠦᠰ ᠲᠤ ᠬᠠᠨᠳᠤᠭᠤᠯᠵᠤ᠂ ᠲᠤᠰ ᠵᠦᠪᠯᠡᠯ ᠤᠨ ᠬᠢᠨ ᠵᠢᠯ ᠪᠤᠯᠭᠠᠨ ᠨᠢᠬᠡ ᠰᠠᠷ᠎ᠠ ᠶᠢᠨ ᠬᠤᠭᠤᠴᠠᠭ᠎ᠠ ᠲᠠᠢ ᠮᠤᠩᠭᠤᠯ ᠬᠡᠯᠡ ᠰᠤᠷᠬᠤ ᠠᠩᠬᠢ ᠭᠠᠷᠭᠠᠵᠤ᠂ ᠡᠳᠦᠷ ᠲᠤᠳᠤᠮ ᠤᠨ ᠬᠡᠷᠡᠭᠯᠡᠬᠡᠨ ᠤ ᠮᠤᠩᠭᠤᠯ ᠦᠬᠡ ᠶᠢ ᠵᠢᠭᠠᠵᠤ᠂ ᠬᠡᠰᠡᠭ ᠪᠠᠶᠢᠭᠤᠯᠭ᠎ᠠ ᠨᠢᠬᠡᠴᠢ᠂ ᠠᠵᠤ ᠠᠬᠤᠢᠢᠯᠠᠯ ᠤᠨ ᠬᠢᠳᠠᠳ ᠮᠤᠩᠭᠤᠯ ᠬᠤᠤᠰ ᠬᠡᠯᠡᠡ ᠳᠤ ᠨᠡᠪᠳᠡᠷᠡᠬᠦ ᠠᠵᠢᠯᠳᠠᠨ ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠵᠤᠷᠢᠭᠰᠠᠨ ᠶᠤᠮ᠃        ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠢ ᠶᠡᠭᠡ ᠬᠦᠴᠦ ᠪᠠᠷ ᠴᠡᠭᠴᠡᠯᠡᠨ ᠵᠠᠰᠠᠪᠠ       ᠰᠢᠯᠢ ᠶᠢᠨ ᠬᠤᠳᠠ ᠶᠢᠨ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠢ ᠴᠡᠭᠴᠡᠯᠡᠨ ᠵᠠᠰᠠᠬᠤ ᠡᠬᠦᠷᠬᠡ ᠨᠡᠯᠢᠶᠡᠳ ᠬᠦᠨᠳᠦ ᠪᠠᠶᠢᠵᠤ᠂ ᠪᠦᠬᠦ ᠬᠤᠳᠠ ᠶᠢᠨ ᠬᠡᠪᠴᠢᠶᠡᠨ ᠳᠤ 50000 ᠭᠠᠷᠤᠢ ᠫᠠᠶᠢᠰᠠ ᠢᠯᠡᠷᠬᠡᠶᠢᠯᠡᠯ ᠂ ᠵᠠᠷ ᠮᠡᠳᠡᠭᠡ ᠶᠢᠨ ᠫᠠᠶᠢᠰᠠ ᠪᠠᠶᠢᠵᠤ᠂ ᠵᠢᠯ ᠳᠤ 3000 ᠭᠠᠷᠤᠢ ᠫᠠᠶᠢᠰᠠ ᠢᠯᠡᠷᠬᠡᠶᠢᠯᠡᠯ᠂ 4000 ᠭᠠᠷᠤᠢ ᠵᠡᠷ ᠮᠡᠳᠡᠭᠡ ᠶᠢᠨ ᠫᠠᠶᠢᠰᠠ ᠰᠢᠨ᠎ᠡ ᠪᠠᠷ ᠰᠤᠯᠢᠭᠳᠠᠵᠤ ᠪᠠᠶᠢᠬᠤ ᠪᠢᠯᠠ᠃ ᠰᠢᠯᠢ ᠶᠢᠨ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠠᠯᠪᠠᠨ ᠬᠡᠷ ᠲᠤ ᠤᠷᠤᠬᠤ ᠳᠤ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠢ ᠴᠡᠭᠴᠡᠯᠡᠨ ᠵᠠᠰᠠᠭᠰᠠᠨ ᠪᠠᠶᠢᠳᠠᠯ ᠢ ᠲᠤᠰᠬᠠᠢ ᠲᠦᠷᠦᠯ ᠬᠤᠪᠢᠶᠠᠨ ᠠᠩᠬᠢᠯᠠᠵᠤ ᠪᠠᠶᠢᠬᠤ ᠪᠠ ᠴᠡᠭᠴᠡᠯᠡᠨ ᠵᠠᠰᠠᠬᠤ ᠠᠴᠠ ᠡᠮᠦᠨᠡᠬᠢ ᠪᠠ ᠬᠤᠶᠢᠨᠠᠬᠢ ᠶᠢ ᠬᠠᠷᠢᠴᠠᠭᠤᠯᠤᠭᠰᠠᠨ ᠬᠡᠷᠡᠯ ᠵᠢᠷᠤᠭ ᠤᠨ ᠡᠮᠬᠢᠳᠬᠡᠯ ᠢ ᠤᠯᠵᠤ ᠬᠠᠷᠠᠬᠤ ᠪᠢᠯᠠ᠃ ᠡᠨᠡ ᠨᠢ ᠮᠦᠨᠴᠦ ᠲᠤᠰ ᠵᠦᠪᠯᠡᠯ ᠤᠨ ᠬᠢᠨ ᠤ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠤᠨ ᠬᠡᠷᠡᠭᠯᠡᠯᠳᠡ ᠶᠢ ᠬᠡᠷᠬᠢᠨ ᠴᠢᠬᠤᠯᠠᠴᠢᠯᠠᠨ ᠠᠳᠬᠤᠵᠤ ᠪᠠᠶᠢᠭ᠎ᠠ ᠶᠢ ᠬᠠᠷᠠᠭᠤᠯᠬᠤ ᠶᠤᠮ᠃     ᠲᠤᠰ ᠵᠦᠪᠯᠡᠯ ᠤᠨ ᠬᠢᠨ ᠫᠠᠶᠢᠰᠠ ᠢᠯᠡᠷᠬᠡᠶᠢᠯᠡᠯ ᠵᠤᠬᠢᠶᠠᠵᠤ ᠦᠢᠯᠡᠳᠬᠦ ᠨᠢᠬᠡᠴᠢ ᠶᠢᠨ ᠬᠠᠮᠢᠶᠠᠷᠤᠯᠳᠠ ᠶᠢ ᠴᠢᠩᠭᠠᠳᠬᠠᠨ᠂ ᠡᠬᠢ ᠡᠬᠦᠰᠦᠯ ᠠᠴᠠ ᠨᠢ ᠵᠠᠰᠠᠬᠤ ᠠᠷᠭ᠎ᠠ ᠶᠢ ᠠᠪᠴᠤ ᠪᠠᠶᠢᠭ᠎ᠠ ᠶᠤᠮ᠃ ᠡᠬᠦᠨ ᠳᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ᠂ ᠬᠤᠳᠠ ᠶᠢᠨ ᠬᠠᠮᠢᠶᠠᠷᠤᠯᠳᠠ ᠵᠡᠷᠬᠡ ᠰᠠᠯᠠᠭ᠎ᠠ ᠮᠦᠴᠢᠷ ᠲᠠᠢ ᠨᠢᠠᠠᠳᠠ ᠬᠠᠮᠵᠢᠯᠴᠠᠨ᠂ ᠰᠦᠯᠵᠢᠶᠡᠨ ᠲᠡᠬᠡᠷ᠎ᠡ ᠬᠢᠨᠠᠨ ᠵᠦᠪᠰᠢᠶᠡᠷᠡᠬᠦ ᠲᠦᠷᠢᠮ ᠪᠠᠶᠢᠭᠤᠯᠵᠤ᠂ ᠡᠯ᠎ᠡ ᠫᠠᠶᠢᠰᠠ ᠢᠯᠡᠷᠬᠡᠶᠢᠯᠡᠯ᠂ ᠵᠡᠷ ᠮᠡᠳᠡᠭᠡ ᠶᠢᠨ ᠤᠷᠴᠢᠭᠤᠯᠭ᠎ᠠ ᠶᠢ ᠬᠢᠨᠠᠵᠤ᠂ ᠲᠤᠰᠬᠠᠢᠢᠯᠠᠨ ᠮᠤᠩᠭᠤᠯ ᠬᠢᠳᠠᠳ ᠦᠰᠦᠭ ᠲᠠᠢ ᠫᠠᠶᠢᠰᠠ ᠵᠤᠬᠢᠶᠠᠬᠤ ᠪᠠᠷᠢᠮᠵᠢᠶ᠎ᠠ ᠶᠢ ᠭᠠᠷᠭᠠᠵᠤ᠂ ᠠᠭᠤᠯᠭ᠎ᠠ᠂ ᠬᠠᠷᠢᠴᠠᠯ᠂ ᠦᠰᠦᠭ ᠤᠨ ᠶᠡᠭᠡ ᠪᠠᠭ᠎ᠠ᠂ ᠮᠠᠲ᠋ᠧᠷᠢᠶᠠᠯ᠂ ᠦᠡᠭᠬᠡ᠂ ᠬᠡᠷᠡᠯᠳᠦᠬᠦᠯᠬᠡ ᠵᠡᠷᠬᠡ ᠨᠢ ᠠᠳᠠᠯᠢ ᠪᠠᠶᠢᠬᠤ ᠪᠠᠷᠢᠮᠵᠢᠶ᠎ᠠ ᠶᠢ ᠲᠤᠭᠳᠠᠭᠠᠵᠤ᠂ ᠮᠤᠩᠭᠤᠯ ᠦᠰᠦᠭ ᠤᠨ ᠲᠦᠷᠢᠮᠵᠢᠭᠰᠡᠨ᠂ ᠤᠨᠤᠪᠴᠢᠳᠠᠢ ᠪᠠᠶᠢᠬᠤ ᠶᠢ ᠪᠠᠳᠤᠯᠠᠭᠰᠠᠭᠠᠷ ᠢᠷᠡᠭᠰᠡᠨ ᠪᠠᠶᠢᠨ᠎ᠠ᠃ ᠨᠢᠳᠤᠨᠤᠨ ᠵᠢᠯ ᠳᠤ᠂ ᠲᠤᠰ ᠵᠦᠪᠯᠡᠯ ᠤᠨ ᠬᠢᠨ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠤᠨ ᠬᠡᠷᠡᠭᠯᠡᠯᠳᠡ ᠶᠢ ᠪᠠᠶᠢᠴᠠᠭᠠᠨ ᠴᠡᠭᠴᠡᠯᠡᠬᠦ ᠠᠵᠢᠯ ᠢ 60 ᠭᠠᠷᠤᠢ ᠤᠳᠠᠭ᠎ᠠ ᠦᠷᠨᠢᠬᠦᠯᠵᠦ᠂ 40 ᠭᠠᠷᠤᠢ ᠬᠤᠪᠢ ᠴᠡᠭᠴᠡᠯᠡᠨ ᠵᠠᠰᠠᠬᠤ ᠮᠡᠳᠡᠭᠳᠡᠯ ᠢ ᠪᠠᠭᠤᠯᠭᠠᠭᠰᠠᠨ ᠶᠤᠮ᠃ ᠡᠬᠦᠨ ᠤ ᠬᠠᠮᠳᠤ ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ᠂ ᠢᠳᠡᠬᠡᠨ ᠡᠮ ᠤᠨ ᠵᠦᠢᠯᠡᠰ ᠠᠷᠠᠯᠵᠢᠶ᠎ᠠ ᠬᠤᠳᠠᠯᠳᠤᠭ᠎ᠠ ᠳᠤ ᠬᠢᠨᠠᠯᠳᠠ ᠲᠠᠯᠪᠢᠬᠤ ᠲᠤᠪᠴᠢᠶ᠎ᠠ ᠲᠠᠢ ᠬᠠᠮᠳᠤᠷᠠᠨ ︽ᠪᠦᠬᠦ ᠬᠤᠳᠠ ᠶᠢᠨ ᠫᠠᠶᠢᠰᠠ ᠢᠯᠡᠷᠬᠡᠶᠢᠯᠡᠯ ᠵᠤᠬᠢᠶᠠᠨ ᠦᠢᠯᠡᠳᠬᠦ ᠠᠵᠤ ᠠᠬᠤᠢᠢᠯᠠᠯ ᠪᠠ ᠬᠤᠪᠢ ᠬᠦᠮᠦᠨ ᠳᠤ ᠬᠠᠷ᠎ᠠ ᠲᠠᠩᠰᠠᠨ ᠳᠤ ᠤᠷᠤᠭᠤᠯᠵᠤ ᠬᠠᠮᠢᠶᠠᠷᠬᠤ ᠲᠤᠬᠠᠢ ᠲᠤᠭᠳᠠᠭᠠᠯ︾ ᠢ ᠲᠤᠭᠳᠠᠭᠠᠵᠤ ᠬᠡᠷᠡᠭᠵᠢᠬᠦᠯᠦᠬᠡᠳ᠂ ᠲᠦᠷᠢᠮ ᠠᠴᠠ ᠵᠦᠷᠢᠴᠡᠨ ᠫᠠᠶᠢᠰᠠ ᠢᠯᠡᠷᠬᠡᠶᠢᠯᠡᠯ ᠵᠤᠬᠢᠶᠠᠬᠤ᠂ ᠬᠢᠨᠠᠭᠤᠯᠬᠤ ᠦᠬᠡᠢ ᠪᠠᠷ ᠫᠠᠶᠢᠰᠠ ᠢᠯᠡᠷᠬᠡᠶᠢᠯᠡᠯ ᠵᠡᠷ ᠮᠡᠳᠡᠭᠡ ᠬᠢᠵᠦ ᠬᠡᠷᠡᠭᠯᠡᠭᠰᠡᠳ ᠢ ᠴᠢᠩᠭ᠎ᠠ ᠰᠢᠢᠳᠬᠡᠬᠦ ᠠᠷᠭ᠎ᠠ ᠠᠪᠴᠠᠯ ᠢ ᠠᠪᠴᠤ ᠪᠠᠶᠢᠬᠤ ᠶᠤᠮ᠃      ᠨᠡᠶᠢᠬᠡᠮ ᠤᠨ ᠬᠢᠨᠠᠯᠳᠠ ᠲᠠᠯᠪᠢᠭᠴᠢ ᠶᠢ ᠤᠷᠢᠨ ᠬᠡᠷᠡᠭᠯᠡᠵᠦ᠂ ᠨᠡᠶᠢᠬᠡᠮ ᠤᠨ ᠡᠯ᠎ᠡ ᠡᠳᠡᠬᠡᠳ ᠤᠨ ᠬᠦᠴᠦᠨ ᠢ ᠲᠠᠶᠢᠴᠢᠯᠠᠠ᠂ ᠬᠤᠳᠠ ᠲᠤᠭᠤᠷᠢᠭ᠂ ᠵᠡᠬᠡᠯᠢ ᠭᠤᠳᠤᠮᠵᠢ ᠶᠢᠨ ᠫᠠᠶᠢᠰᠠ ᠢᠯᠡᠷᠬᠡᠶᠢᠯᠡᠯ᠂ ᠵᠡᠷ ᠮᠡᠳᠡᠭᠡ ᠳᠤ ᠦᠷᠬᠦᠯᠵᠢ ᠶᠢᠨ ᠴᠢᠨᠠᠷᠳᠠᠢ ᠪᠠᠶᠢᠴᠠᠭᠠᠯᠳᠠ ᠬᠢᠵᠦ᠂ ᠴᠠᠭ ᠲᠤᠬᠠᠢ ᠳᠤ ᠨᠢ ᠠᠰᠠᠭᠤᠳᠠᠯ ᠢ ᠢᠯᠡᠷᠡᠬᠦᠯᠵᠦ᠂ ᠴᠡᠭᠴᠡᠯᠡᠨ ᠵᠠᠰᠠᠵᠤ ᠪᠠᠶᠢᠭ᠎ᠠ ᠪᠢᠯᠠ᠃ 2019 ᠤᠨ ᠳᠤ᠂ ᠲᠤᠰ ᠵᠦᠪᠯᠡᠯ ᠤᠨ ᠬᠢᠨ ᠪᠠᠰᠠ ᠮᠤᠩᠭᠤᠯ ᠦᠬᠡ ᠬᠡᠯᠡ ᠦᠰᠦᠭ ᠪᠢᠴᠢᠭ ᠤᠨ ᠬᠡᠷᠡᠭᠯᠡᠬᠡᠨ ᠤ ᠰᠤᠳᠤᠯᠤᠯ ᠤᠨ ᠲᠤᠰᠬᠠᠢ ᠵᠦᠪᠯᠡᠯ ᠤᠨ ᠰᠢᠯᠢ ᠶᠢᠨ ᠬᠤᠳᠠ ᠳᠠᠬᠢ ᠬᠡᠰᠢᠬᠦᠳ ᠢ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠲᠤ ᠬᠢᠨᠠᠯᠳᠠ ᠲᠠᠯᠪᠢᠭᠴᠢ ᠪᠠᠷ ᠤᠷᠢᠵᠤ᠂ ᠲᠡᠳᠡᠨᠡᠷ ᠢ ᠰᠢᠯᠢ ᠶᠢᠨ ᠬᠤᠳᠠ ᠶᠢᠨ ᠡᠯ᠎ᠠ ᠫᠠᠶᠢᠰᠠ ᠢᠯᠡᠷᠬᠡᠶᠢᠯᠡᠯ᠂ ᠵᠡᠷ ᠮᠡᠳᠡᠭᠡ ᠵᠡᠷᠬᠡ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠲᠤ ᠤᠷᠤᠰᠢᠵᠤ ᠪᠠᠶᠢᠬᠤ ᠠᠰᠠᠭᠤᠳᠠᠯ ᠢ ᠬᠠᠮᠳᠤ ᠪᠠᠷ ᠢᠯᠡᠷᠡᠬᠦᠯᠵᠦ ᠬᠠᠮᠳᠤ ᠪᠠᠷ ᠵᠠᠰᠠᠬᠤ ᠶᠢ ᠤᠷᠢᠶᠠᠯᠠᠭᠰᠠᠨ ᠶᠤᠮ᠃        ᠤᠷᠴᠢᠭᠤᠯᠭ᠎ᠠ ᠶᠢᠨ ᠠᠵᠢᠯ ᠢ ᠴᠢᠬᠤᠯᠠᠴᠢᠯᠠᠨ ᠤᠷᠴᠢᠭᠤᠯᠭ᠎ᠠ ᠶᠢᠨ ᠡᠩᠨᠡᠭᠡ ᠪᠠᠨ ᠴᠢᠩᠭᠠᠳᠬᠠᠪᠠ     ᠤᠷᠴᠢᠭᠤᠯᠭ᠎ᠠ ᠶᠢᠨ ᠠᠵᠢᠯ ᠴᠦ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠴᠢᠬᠤᠯᠠ ᠨᠢᠬᠡ ᠭᠤᠬᠴᠤᠭ᠎ᠠ ᠪᠤᠯᠤᠭᠰᠠᠨ ᠤ ᠬᠤᠪᠢ ᠳᠤ ᠲᠤᠰ ᠵᠦᠪᠯᠡᠯ ᠤᠨ ᠬᠢᠨ ᠤᠷᠴᠢᠭᠤᠯᠭ᠎ᠠ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠲᠤᠬᠠᠢᠢᠯᠠᠭᠰᠠᠨ ᠠᠵᠢᠯ ᠤᠨ ᠴᠢᠳᠠᠪᠤᠷᠢ ᠶᠢ ᠨᠢ ᠲᠡᠬᠡᠭᠰᠢᠯᠡᠬᠦᠯᠵᠦ᠂ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠤᠨ ᠤᠷᠴᠢᠭᠤᠯᠭ᠎ᠠ ᠵᠢᠴᠢ ᠬᠢᠨᠠᠯᠳᠠ ᠶᠢᠨ ᠠᠵᠢᠯ ᠡᠬᠦᠷᠬᠡ ᠪᠠᠨ ᠠᠮᠵᠢᠯᠳᠠ ᠲᠠᠢ ᠪᠡᠶᠡᠯᠡᠬᠦᠯᠦᠭᠰᠡᠬᠡᠷ ᠢᠷᠡᠪᠡ᠃ ᠵᠢᠯ ᠪᠦᠷᠢ ᠡᠯ᠎ᠡ ᠪᠠᠶᠢᠭᠤᠯᠭ᠎ᠠ ᠨᠢᠬᠡᠴᠢ ᠶᠢᠨ ᠤᠷᠴᠢᠭᠤᠯᠤᠭᠴᠢ ᠶᠢ ᠵᠤᠬᠢᠶᠠᠨ ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ ᠠᠴᠠ ᠡᠷᠬᠢᠯᠡᠭᠰᠡᠨ ᠤᠷᠴᠢᠭᠤᠯᠤᠭᠴᠢ ᠶᠢᠨ ᠪᠤᠯᠪᠠᠰᠤᠷᠠᠯ ᠤᠨ ᠠᠩᠬᠢ ᠳᠤ ᠤᠷᠤᠯᠴᠠᠭᠤᠯᠬᠤ ᠶᠢᠨ ᠬᠠᠮᠳᠤ ᠪᠦᠬᠦ ᠬᠤᠳᠠ ᠶᠢᠨ ᠤᠷᠴᠢᠭᠤᠯᠤᠭᠴᠢ ᠶᠢᠨ ᠠᠩᠬᠢ ᠶᠢ ᠡᠷᠬᠢᠯᠡᠵᠦ᠂ ᠲᠤᠰᠬᠠᠢ ᠮᠡᠷᠬᠡᠵᠢᠯᠳᠠᠡ ᠪᠠ ᠫᠷᠤᠹᠧᠰᠰᠤᠷ ᠢ ᠤᠷᠢᠵᠤ᠂ ᠮᠤᠩᠭᠤᠯ ᠬᠡᠯᠡ ᠪᠢᠴᠢᠭ ᠤᠨ ᠰᠤᠷᠠᠭ ᠵᠠᠩᠬᠢᠵᠢᠯᠳᠠ᠂ ᠪᠠᠷᠢᠮᠵᠢᠶ᠎ᠠ ᠠᠪᠢᠶ᠎ᠠ᠂ ᠤᠷᠴᠢᠭᠤᠯᠭ᠎ᠠ ᠶᠢᠨ ᠤᠨᠤᠯ ᠪᠠ ᠲᠤᠬᠠᠢᠢᠯᠠᠭᠰᠠᠨ ᠠᠵᠢᠯ ᠤᠨ ᠮᠡᠳᠡᠯᠬᠡ ᠶᠢᠨ ᠪᠤᠯᠪᠠᠰᠤᠷᠠᠯ ᠵᠡᠷᠬᠡ ᠶᠢ ᠬᠢᠯᠬᠡᠳᠡᠭ ᠪᠠᠶᠢᠯ᠎ᠠ᠃      ᠰᠢᠯᠢ ᠶᠢᠨ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠡᠶᠢᠡᠬᠦ ᠤᠯᠠᠨ ᠵᠢᠯ ᠤᠨ ᠲᠤᠷᠰᠢ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠴᠢᠬᠤᠯᠠᠴᠢᠯᠠᠨ ᠠᠳᠬᠤᠵᠤ᠂ ᠮᠤᠩᠭᠤᠯ ᠬᠡᠯᠡ ᠪᠢᠴᠢᠭ ᠤᠨ ᠠᠵᠢᠯ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ ᠤᠨ ᠤᠬᠠᠭᠤᠯᠭ᠎ᠠ ᠶᠢ ᠲᠠᠰᠤᠷᠠᠯᠳᠠ ᠦᠬᠡᠢ ᠬᠢᠭᠰᠡᠬᠡᠷ ᠢᠷᠡᠭᠰᠡᠨ ᠠᠴᠠ ᠮᠤᠩᠭᠤᠯ ᠬᠡᠯᠡ ᠪᠢᠴᠢᠭ ᠤᠨ ᠠᠵᠢᠯ ᠤᠨ ᠤᠬᠢ ᠰᠠᠶᠢᠨ ᠪᠠᠶᠢᠳᠠᠯ ᠢ ᠪᠦᠷᠢᠯᠳᠦᠬᠦᠯᠦᠭᠰᠡᠨ ᠶᠤᠮ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号