﹇ᠪᠣᠯᠪᠠᠰᠣᠨ ᠦᠢᠯᠡᠳᠦᠯᠭᠡ  ﹈ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ  ᠦᠪᠡᠷᠳᠡᠬᠡᠨ ᠵᠠᠰᠠᠬᠤ ᠣᠷᠣᠨ ᠤ ᠪᠣᠯᠪᠠᠰᠤᠨ ᠨᠢᠭᠡᠴᠡ ᠶᠢᠨ ᠢᠷᠠᠭᠤ  ᠠᠯᠳᠠᠷ   ᠢ ᠬᠦᠷᠳᠡᠪᠡ
ᠨᠡᠶᠢᠲᠡᠯᠡᠭᠰᠡᠨ ᠴᠠᠭ᠄
2020/6/23
      ᠣᠶᠢᠷ᠎ᠠ ᠶᠢᠨ ᠵᠢᠯ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ  ᠶᠡᠭᠡ  ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂  ᠳᠦᠷᠪᠡᠳᠦᠬᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠠᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠬᠤᠶᠠᠷ ᠲᠠᠯ᠎ᠠ ᠶᠢ ᠠᠳᠬᠤᠬᠤ︾ ᠶᠢ ᠪᠠᠷᠢᠮᠳᠠᠯᠠᠵᠦ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ  ᠦᠢᠯᠡᠳᠦᠯᠭᠡᠵᠢᠬᠦᠯᠦᠨ᠎ᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ ᠶᠢ ᠬᠥᠬᠢᠭᠦᠯᠦᠨ ᠰᠠᠶᠢᠰᠢᠶᠠᠬᠤ ᠲᠣᠭᠲᠠᠭᠠᠯ ᠳᠤ᠂ ᠮᠠᠨ ᠤ ᠬᠤᠲᠠ  ᠮᠠᠰᠢ ᠰᠠᠶᠢᠨ ᠠᠮᠵᠢᠯᠲᠠ ᠣᠯᠵᠤ᠂ ᠣᠯᠠᠨ ᠨᠢᠭᠡᠴᠡ ᠢᠷᠠᠭᠤ  ᠠᠯᠳᠠᠷ ᠤᠨ ᠵᠢᠭᠰᠠᠭᠠᠯᠲᠠ ᠳᠤ ᠣᠷᠣᠪᠠ᠃        ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠳᠤᠮᠳᠠ᠂  ᠯᠠᠪᠳᠠᠭᠤᠨ ᠪᠠᠲᠤᠲᠠᠶ ᠠᠵᠢᠯ ᠤᠨ ᠰᠠᠭᠤᠷᠢ  ᠪᠠ ᠲᠣᠪᠤᠶᠢᠮ᠎ᠠ ᠦᠷ᠎ᠡ ᠪᠦᠲᠦᠮᠵᠢ ᠣᠯᠵᠦ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ︾  ᠶᠢᠨ ᠢᠷᠠᠭᠤ  ᠠᠯᠳᠠᠷ ᠢ ᠭᠥᠷᠳᠡᠪᠡ᠃     
              ᠰᠤᠷᠭᠠᠭᠤᠯᠢ ᠶᠢᠨ ᠬᠦᠷᠢᠶᠡᠨ ᠤ  ᠬᠡᠷᠡᠯ ᠭᠢᠯᠪᠠᠭ᠎ᠠ
        ᠰᠤᠷᠭᠠᠭᠤᠯᠢ ᠶᠢᠨ  ᠰᠡᠳᠬᠢᠴᠡ ᠶᠢᠨ ᠬᠢᠴᠢᠶᠡᠯ ᠤᠨ ᠲᠠᠩᠬᠢᠮ ᠤᠨ ᠵᠠᠬᠢᠷᠤᠯ ᠰᠤᠷᠤᠭᠴᠢᠳ ᠲᠤ ︽ᠣᠨᠴᠠᠭᠠᠢ ︾ ᠭᠡᠷ   ᠤᠨ ᠳᠠᠰᠬᠠᠯ  ᠦᠯᠡᠳᠡᠭᠡᠵᠦ  ᠪᠠᠶᠢᠭ᠎ᠠ ᠨᠢ
    ᠰᠤᠷᠭᠠᠭᠤᠯᠢ ᠠᠴᠠ ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ  ᠵᠢᠯᠣᠭᠤᠳᠣᠭᠴᠢ ᠶᠢ ᠤᠷᠢᠵᠤ ᠰᠤᠷᠤᠭᠴᠢᠳ ᠲᠤ ᠬᠠᠮᠲᠤ ᠶᠢᠨ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠬᠢᠯᠭᠡᠪᠡ᠃
 
  ᠪᠠᠭᠰᠢ ᠪᠣᠯᠤᠨ ᠰᠤᠷᠤᠭᠴᠢᠳ ᠠᠭᠤᠵᠢᠭᠤ ᠲᠠᠯᠪᠢᠭᠤ ᠠᠭᠤᠷ ᠠᠮᠢᠰᠬᠤᠯ ᠳᠤᠮᠳᠠ ᠰᠡᠳᠬᠢᠯ ᠤᠨ ᠦᠭᠡ ᠪᠠᠨ ᠶᠠᠷᠢᠯᠴᠠᠨ᠎ᠠ᠃
      ᠠᠩᠭᠢ ᠶᠢᠨ ᠰᠣᠩᠭᠤᠳᠠᠭ ᠰᠢᠯᠦᠭ ᠵᠣᠬᠢᠶᠠᠯ
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号