| ᠡᠷᠢᠶᠡᠨ ᠬᠤᠲᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠱᠦᠭᠦᠷᠳᠡᠨ ᠠᠷᠢᠯᠭᠠᠬᠤ ᠲᠤᠰᠬᠠᠢ ᠲᠡᠮᠡᠴᠡᠯ ᠤᠨ | ᠤᠳᠣᠷᠢᠳᠬᠤ ᠳᠣᠭᠤᠶᠢᠯᠠᠩ ᠤᠨ ᠠᠯᠪᠠᠨ ᠭᠡᠷ ᠤᠨ ᠵᠠᠷᠯᠠᠯ | ᠮᠠᠨ ᠤ ᠬᠤᠲᠠ ᠶᠢᠨ ︽ᠬᠠᠷ᠎ᠠ ᠪᠦᠯᠦᠭᠳᠡᠨ ᠬᠠᠷᠬᠢᠰ ᠬᠦᠴᠦᠨ ᠢ ᠱᠦᠭᠦᠷᠳᠡᠨ ᠠᠷᠢᠯᠭᠠᠬᠤ ᠲᠤᠰᠬᠠᠢ ᠲᠡᠮᠡᠴᠡᠯ︾ | ᠢ ᠬᠦᠨᠵᠡᠭᠡᠢ ᠦᠷᠨᠢᠭᠦᠯᠦᠨ᠂ ᠪᠣᠳᠠᠳᠣ ᠦᠷ᠎ᠡ ᠠᠰᠢᠭ ᠤᠯᠬᠤ ᠳᠤ ᠬᠠᠨᠳᠣᠭᠤᠯᠤᠨ᠂ ᠳᠣᠣᠷᠠᠬᠢ ᠵᠠᠷᠯᠠᠯ ᠢ | ᠨᠡᠶᠢᠲᠡᠯᠡᠪᠡ᠄ | ᠨᠢᠭᠡ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠲᠦᠰᠢᠭᠯᠡᠨ ᠬᠠᠤᠯᠢ ᠠᠴᠠ ᠵᠦᠷᠢᠴᠡᠨ ᠶᠠᠯ᠎ᠠ ᠬᠢᠬᠦ ᠵᠢᠴᠢ ᠬᠠᠷ᠎ᠠ | ᠪᠦᠯᠦᠭ ᠤᠨ ᠴᠢᠨᠠᠷᠲᠡᠢ ᠵᠤᠬᠢᠶᠠᠨ ᠪᠠᠶᠢᠭᠤᠯᠤᠯᠳᠡ ᠶᠢᠨ ᠬᠦᠮᠦᠰ ᠢ ᠦᠮᠦᠭᠯᠡᠬᠦ᠂ ᠳᠣᠷ᠎ᠠ ᠪᠠᠷ ᠲᠠᠯᠪᠢᠭᠰᠠᠨ ᠪᠠᠶᠢᠪᠠᠯ᠂ | ᠬᠠᠤᠯᠢ ᠠᠴᠠ ᠵᠦᠷᠢᠴᠡᠨ ᠶᠡᠯ᠎ᠡ ᠬᠢᠬᠦ ᠠᠵᠢᠯᠯᠠᠭ᠎ᠠ ᠶᠢ ᠡᠷᠭᠡᠪᠰᠢ ᠲᠡᠷᠡ ᠳᠣᠣᠷ᠎ᠠ ᠨᠢ ᠵᠤᠭᠰᠤᠭᠠᠨ᠎ᠠ᠃ | ᠬᠤᠶᠠᠷ᠂ ᠪᠦᠬᠦ ᠬᠤᠲᠠ ᠶᠢᠨ ᠦᠷᠭᠡᠨ ᠤᠯᠠᠨ ᠲᠦᠮᠡᠨ ᠤ ᠢᠳᠡᠪᠬᠢᠲᠠᠢ ᠤᠷᠤᠯᠴᠠᠨ᠂ ᠡᠯ᠎ᠡ ᠲᠦᠷᠦᠯ ᠤᠨ ᠬᠠᠷ᠎ᠠ | ᠪᠦᠯᠦᠭᠳᠡᠨ ᠬᠠᠷᠬᠢᠰ ᠬᠦᠴᠦᠨ ᠤ ᠶᠡᠯ᠎ᠡ ᠬᠢᠭᠰᠡᠨ ᠰᠦᠪᠡᠭᠴᠢ ᠶᠢ ᠢᠳᠡᠪᠬᠢᠲᠠᠢ ᠢᠯᠡᠴᠢᠯᠡᠨ ᠮᠡᠳᠡᠭᠦᠯᠬᠦ ᠶᠢ ᠬᠦᠰᠡᠵᠤ | ᠪᠠᠶᠢᠨ᠎ᠠ᠃ | ︵ᠨᠢᠭᠡ︶ ᠢᠯᠡᠴᠢᠯᠡᠨ ᠮᠡᠳᠡᠬᠦᠯᠬᠦ ᠠᠭᠤᠯᠭ᠎ᠠ᠄ | 1. ᠤᠯᠤᠰ ᠲᠦᠷᠦ ᠶᠢᠨ ᠠᠮᠤᠷ ᠲᠦᠪᠰᠢᠨ ᠤᠨᠴᠠᠭᠠᠶᠢᠯᠠᠨ ᠲᠦᠷᠢᠮ ᠲᠤᠭᠲᠠᠭᠠᠯ ᠤᠨ ᠠᠮᠤᠷ ᠲᠦᠪᠰᠢᠨ᠂ ᠵᠠᠰᠠᠭ | ᠤᠨ ᠡᠷᠭᠡ ᠶᠢᠨ ᠠᠮᠤᠷ ᠲᠦᠪᠰᠢᠨ ᠢ ᠰᠦᠷᠳᠡᠭᠦᠯᠦᠭᠰᠡᠨ ᠵᠢᠴᠢ ᠤᠯᠤᠰ ᠲᠦᠷᠦ ᠶᠢᠨ ᠬᠦᠷᠢᠶ᠎ᠡ ᠴᠠᠷ᠎ᠠ ᠳᠤ | ᠨᠡᠪᠴᠢᠭᠰᠡᠨ ᠬᠠᠷ᠎ᠠ ᠪᠦᠯᠦᠭᠳᠡᠨ ᠬᠠᠷᠬᠢᠰ ᠬᠦᠴᠦᠨ︔ | 2. ᠦᠨᠳᠦᠰᠦᠨ ᠱᠠᠲᠤᠨ ᠤ ᠵᠠᠰᠠᠭ ᠤᠨ ᠡᠷᠭᠡ ᠶᠢ ᠵᠠᠬᠢᠷᠣᠨ ᠡᠷᠬᠡᠰᠢᠶᠡᠵᠣ᠂ ᠦᠨᠳᠦᠰᠦᠨ ᠱᠠᠲᠤᠨ ᠤ ᠬᠤᠭᠤᠴᠠᠭ᠎ᠠ | ᠰᠤᠯᠢᠬᠤ ᠰᠤᠩᠭᠤᠭᠤᠯᠢ ᠶᠢ ᠡᠵᠡᠮᠳᠡᠨ᠂ ᠬᠦᠳᠡᠭᠡ ᠲᠤᠰᠬᠤᠨ ᠮᠠᠯᠵᠢᠬᠤ ᠤᠷᠤᠨ ᠤ ᠡᠬᠢ ᠪᠠᠶᠠᠯᠢᠭ ᠢ ᠭᠠᠭᠴᠠᠭᠠᠷ | ᠡᠵᠡᠮᠰᠢᠵᠤ᠂ ᠬᠠᠮᠳᠣ ᠶᠢᠨ ᠡᠳ᠋ ᠬᠦᠷᠦᠩᠭᠡ ᠶᠢ ᠡᠵᠡᠷᠬᠡᠭᠯᠡᠨ ᠵᠠᠯᠬᠢᠭᠰᠠᠨ ᠬᠠᠷ᠎ᠠ ᠪᠦᠯᠦᠭᠳᠡᠨ ᠬᠠᠷᠬᠢᠰ ᠬᠦᠴᠦᠨ︔ | 3. ᠭᠡᠷ ᠪᠦᠯᠢ ᠶᠢᠨ ᠪᠣᠶᠣ ᠤᠪᠤᠭ ᠲᠦᠷᠦᠯ ᠤᠨ ᠬᠦᠴᠦᠨ ᠢ ᠠᠰᠢᠭᠯᠠᠨ ᠣᠷᠣᠨ ᠨᠣᠳᠤᠭ ᠲᠤ ᠪᠠᠨ ᠬᠠᠷᠬᠢᠰᠯᠠᠨ | ᠡᠵᠡᠷᠬᠡᠵᠣ᠂ ᠠᠷᠠᠳ ᠣᠯᠠᠨ ᠢ ᠳᠠᠷᠣᠯᠠᠨ ᠬᠢᠬᠠᠳᠠᠭ ︽ᠲᠤᠰᠬᠤᠨ ᠤ ᠡᠵᠡᠷᠭᠡᠭᠴᠢ︾ ᠵᠡᠷᠭᠡ ᠬᠠᠷ᠎ᠠ ᠪᠦᠯᠦᠭᠳᠡᠨ | ᠬᠠᠷᠬᠢᠰ ᠬᠦᠴᠦᠨ︔ | 4. ᠭᠠᠵᠠᠷ ᠲᠠᠲᠠᠪᠤᠷᠢᠯᠠᠬᠤ᠂ ᠭᠠᠵᠠᠷ ᠲᠦᠷᠢᠶᠡᠰᠦᠯᠡᠬᠦ᠂ ᠨᠤᠷᠠᠭᠠᠨ ᠨᠡᠭᠦᠯᠬᠡᠬᠦ᠂ ᠪᠠᠷᠢᠯᠭ᠎ᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠳᠡ ᠵᠡᠷᠭᠡ ᠶᠠᠪᠤᠴᠠ ᠳᠤ ᠲᠤᠰᠬᠤᠨ ᠤ ᠠᠷᠠᠳ ᠮᠠᠯᠴᠢᠳ ᠢ ᠦᠳᠦᠭᠡᠵᠣ ᠬᠡᠷᠡᠭ ᠡᠳᠦᠳᠡᠭ | ᠬᠠᠷ᠎ᠠ ᠪᠦᠯᠦᠭᠳᠡᠨ ᠬᠠᠷᠬᠢᠰ ᠭᠦᠴᠦᠨ᠂ ᠤᠯᠠᠨ ᠲᠦᠮᠡᠨᠴᠢ ᠵᠠᠬᠢᠳᠡᠯ ᠰᠤᠷᠪᠤᠯᠵᠢᠯᠠᠭ᠎ᠠ ᠶᠢ ᠵᠤᠬᠢᠶᠠᠨ ᠪᠠᠶᠢᠭᠤᠯᠤᠨ | ᠲᠦᠰᠦᠪᠯᠡᠳᠡᠭ ᠬᠠᠷ᠎ᠠ ᠪᠦᠯᠦᠭᠳᠡᠨ ᠬᠠᠷᠬᠢᠰ ᠬᠦᠴᠦᠨ︔ | 5. ᠪᠠᠷᠢᠯᠭ᠎ᠠ ᠶᠢᠨ ᠢᠨᠵᠧᠨᠧᠷᠢᠩ᠂ ᠵᠠᠮ ᠬᠠᠷᠢᠯᠴᠠᠭ᠎ᠠ ᠲᠡᠭᠡᠭᠡᠪᠦᠷᠢ᠂ ᠠᠭᠤᠷᠬᠠᠢ ᠶᠢᠨ ᠡᠬᠢ ᠪᠠᠶᠠᠯᠢᠭ᠂ ᠵᠢᠭᠠᠰᠣ | ᠠᠩᠨᠠᠬᠤ ᠵᠡᠷᠭᠡ ᠠᠵᠢᠯ ᠲᠦᠷᠦᠯ᠂ ᠬᠦᠷᠢᠶ᠎ᠡ ᠴᠠᠷ᠎ᠠ ᠳᠤ᠂ ᠠᠯᠪᠠᠳᠠᠯᠭ᠎ᠠ ᠪᠠᠷ ᠪᠠᠷᠢᠯᠭ᠎ᠠ ᠢᠨᠵᠧᠨᠧᠷᠢᠩ ᠳᠠᠭᠠᠭᠠᠴᠢᠯᠠᠬᠤ | ᠂ ᠮᠠᠭᠤ ᠰᠠᠨᠠᠭ᠎ᠠ ᠲᠠᠢ ᠪᠠᠷ ᠳᠠᠭᠠᠭᠠᠴᠢᠯᠠᠯᠳᠡ ᠦᠷᠢᠰᠦᠯᠳᠦᠬᠦ᠂ ᠬᠠᠤᠯᠢ ᠪᠤᠰᠤ ᠪᠠᠷ ᠭᠠᠵᠠᠷ ᠡᠵᠡᠯᠡᠬᠦ᠂ ᠳᠤᠷ᠎ᠠ ᠪᠠᠷ | ᠨᠡᠭᠡᠭᠡᠬᠦ ᠲᠤᠷ᠎ᠠ ᠪᠠᠷ ᠤᠯᠪᠤᠷᠢᠯᠠᠳᠠᠭ ᠬᠠᠷ᠎ᠠ ᠪᠦᠯᠦᠭᠳᠡᠨ ᠬᠠᠷᠬᠢᠰ ᠬᠦᠴᠦᠨ︔ | 6. ᠠᠷᠠᠯᠵᠢᠶ᠎ᠠ ᠬᠤᠳᠠᠯᠳᠤᠭ᠎ᠠ ᠴᠤᠭᠯᠠᠭ᠎ᠠ ᠮᠠᠶᠢᠮᠠᠢ᠂ ᠪᠦᠭᠡᠮ ᠢᠶᠠᠷ ᠬᠤᠳᠠᠯᠳᠣᠬᠤ ᠵᠠᠬ᠎ᠠ᠂ ᠲᠡᠷᠭᠡᠨ ᠦᠷᠳᠡᠭᠡ᠂ | ᠵᠢᠭᠤᠯᠴᠢᠯᠠᠯ ᠤᠨ ᠦᠵᠡᠮᠵᠢᠳᠣ ᠤᠷᠤᠨ ᠵᠡᠷᠭᠡ ᠲᠠᠯᠠᠪᠤᠷ ᠲᠤ ᠠᠵᠢᠯ ᠨᠢᠭᠡᠳᠡᠨ ᠢᠶᠠᠨ ᠲᠠᠷᠤᠯᠠᠵᠤ ᠵᠠᠬ᠎ᠠ ᠳᠡᠯᠭᠡᠭᠦᠷ | ᠡᠵᠡᠷᠭᠡᠬᠦ᠂ ᠠᠯᠪᠠᠳᠠᠯᠭ᠎ᠠ ᠪᠠᠷ ᠬᠤᠳᠠᠯᠳᠣᠨ ᠠᠪᠬᠤ ᠪᠣᠶᠣ ᠬᠤᠳᠠᠯᠳᠣᠬᠤ᠂ ᠬᠠᠮᠠᠭᠠᠯᠠᠯᠳᠡ ᠶᠢᠨ ᠰᠦᠢᠳᠭᠡᠯ | ᠬᠤᠷᠢᠶᠠᠳᠠᠭ ᠵᠠᠬ᠎ᠠ ᠳᠡᠯᠭᠡᠭᠦᠷ ᠤᠨ ᠬᠠᠷᠬᠢᠰ᠂ ᠠᠵᠢᠯ ᠲᠦᠷᠦᠯ ᠤᠨ ᠬᠠᠷᠬᠢᠰ ᠵᠡᠷᠭᠡ ᠬᠠᠷ᠎ᠠ ᠪᠦᠯᠦᠭᠳᠡᠨ ᠬᠠᠷᠬᠢᠰ | ᠬᠦᠴᠦᠨ︔ | 7. ︽ᠱᠠᠯᠢᠭ ᠵᠠᠪᠠᠭ᠋ᠠᠢ᠂ ᠵᠤᠭᠤᠰ ᠮᠦᠷᠦᠶᠢᠴᠡᠬᠦ᠂ ᠬᠤᠤᠷᠳᠣ ᠡᠳ᠋ ᠠᠷᠠᠯᠵᠢᠶᠠᠯᠠᠬᠤ︾ ᠵᠡᠷᠭᠡ ᠬᠠᠦᠯᠢ ᠶᠢ | ᠵᠦᠷᠢᠴᠡᠭᠰᠡᠨ ᠶᠠᠯᠠᠳᠣ ᠠᠵᠢᠯᠯᠠᠭ᠎ᠠ ᠶᠢ ᠡᠵᠡᠮᠳᠡᠨ ᠡᠵᠡᠩᠨᠡᠳᠡᠭ ᠬᠠᠷ᠎ᠠ ᠪᠦᠯᠦᠭᠳᠡᠨ ᠬᠠᠷᠬᠢᠰ ᠬᠦᠴᠦᠨ︔ | 8. ᠬᠠᠤᠯᠢ ᠪᠤᠰᠤ ᠪᠠᠷ ᠦᠨᠳᠦᠷ ᠬᠦᠤ ᠲᠠᠢ ᠵᠢᠭᠡᠯᠡᠯᠭᠡ ᠲᠠᠯᠪᠢᠵᠤ᠂ ᠬᠦᠴᠦᠷᠭᠡᠭᠯᠡᠯ ᠢᠶᠠᠷ ᠦᠷᠢ ᠨᠡᠭᠡᠳᠡᠭ ᠬᠠᠷ᠎ᠠ | ᠪᠦᠯᠦᠭᠳᠡᠨ ᠬᠠᠷᠬᠢᠰ ᠬᠦᠴᠦᠨ︔ | 9. ᠠᠷᠠᠳ ᠤᠨ ᠳᠣᠮᠳᠠᠬᠢ ᠠᠵᠤ ᠠᠬᠤᠢ ᠶᠢᠨ ᠵᠢᠭᠤᠷᠠᠯᠳᠣᠭᠠᠨ ᠳᠤ ᠭᠠᠷ ᠲᠦᠷᠦᠳᠡᠭ︽ᠭᠠᠵᠠᠷ ᠳᠣᠣᠷᠠᠬᠢ ᠬᠠᠤᠯᠢ | ᠬᠡᠷᠡᠭᠵᠢᠭᠦᠯᠬᠦ ᠠᠩᠬᠢ︾ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ︔ | 10. ᠬᠢᠯᠢ ᠶᠢᠨ ᠭᠠᠳᠠᠨᠠᠬᠢ ᠬᠠᠷ᠎ᠠ ᠪᠦᠯᠦᠭᠳᠡᠨ ᠬᠢᠯᠢ ᠪᠠᠷ ᠤᠷᠤᠵᠤ ᠬᠦᠭᠵᠢᠨ ᠨᠡᠪᠴᠢᠭᠰᠡᠨ ᠵᠢᠴᠢ ᠤᠯᠤᠰ | ᠠᠯᠤᠰᠯᠠᠨ ᠬᠢᠯᠢ ᠳᠠᠮᠵᠢᠭᠰᠠᠨ ᠬᠠᠷ᠎ᠠ ᠪᠦᠯᠦᠭᠳᠡᠨ ᠬᠠᠷᠬᠢᠰ ᠬᠦᠴᠦᠨ︔ | 11. ᠭᠠᠵᠠᠷ ᠰᠢᠷᠤᠢ᠂ ᠨᠤᠲᠤᠭ ᠪᠡᠯᠴᠢᠭᠡᠷ ᠤᠨ ᠳᠠᠭᠠᠭᠠᠴᠢᠯᠠᠯᠳᠡ ᠳᠤ ᠠᠯᠪᠠᠳᠠᠯᠭ᠎ᠠ ᠪᠠᠷ ᠭᠠᠷ ᠳᠦᠷᠦᠵᠤ᠂ ᠬᠠᠤᠯᠢ | ᠪᠤᠰᠤ ᠠᠷᠭ᠎ᠠ ᠪᠠᠷᠢᠯ ᠢᠶᠠᠷ ᠬᠠᠮᠤᠭ ᠶᠡᠭᠡ ᠠᠰᠢᠭ ᠤᠯᠵᠠᠯᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ︔ | 12. ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠣᠮᠳᠠ ᠶᠤᠰᠤ ᠪᠤᠰᠤ ᠪᠠᠷ ᠦᠷᠢᠰᠦᠯᠳᠦᠭᠰᠡᠨ ᠪᠤᠶᠤ | ᠢᠯᠡ ᠪᠠᠷ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠡᠵᠡᠯᠡᠨ ᠠᠪᠤᠭᠰᠠᠨ ᠬᠠᠷ᠎ᠠ ᠪᠦᠯᠦᠭᠳᠡᠨ ᠬᠠᠷᠬᠢᠰ ᠬᠦᠴᠦᠨ | ︔ | 13. ᠠᠷᠠᠳ ᠤᠨ ᠬᠤᠭᠤᠷᠤᠨᠳᠣᠬᠢ ᠵᠢᠭᠡᠯᠡᠯᠭᠡ ᠤᠨ ᠦᠭᠴᠡᠭᠡᠨ ᠤ ᠵᠢᠭᠤᠷᠠᠯᠳᠣᠭᠠᠨ ᠳᠤ ᠭᠠᠷ ᠲᠦᠷᠦᠳᠡᠭ ︽ | ᠭᠠᠵᠠᠷ ᠳᠣᠣᠷᠠᠬᠢ ᠬᠠᠤᠯᠢ ᠬᠡᠷᠡᠭᠵᠢᠭᠦᠯᠬᠦ ᠠᠩᠬᠢ︾᠂ ︽ᠦᠷᠢ ᠨᠡᠭᠡᠭᠦ ᠺᠤᠮᠫᠠᠨᠢ︾ ᠵᠡᠷᠭᠡ ᠬᠠᠷ᠎ᠠ ᠪᠦᠯᠦᠭᠳᠡᠨ | ᠬᠠᠷᠬᠢᠰ ᠬᠦᠴᠦᠨ︔ | 14. ᠬᠦᠳᠡᠭᠡ ᠲᠤᠰᠬᠠᠨ ᠮᠠᠯᠵᠢᠬᠤ ᠤᠷᠤᠨ ᠤ ᠰᠡᠯᠡᠭᠦᠤ ᠴᠠᠭ ᠤᠯᠠᠷᠢᠯ ᠳᠤ ᠵᠤᠭᠤᠰ ᠮᠦᠷᠦᠶᠢᠴᠡᠬᠦ᠂ | ᠮᠦᠷᠦᠶᠢᠴᠡᠭᠡᠨ ᠤ ᠳᠠᠯᠠᠪᠣᠷ ᠭᠠᠷᠭᠠᠨ ᠵᠢᠭᠡᠯᠡᠯᠭᠡ ᠳᠠᠯᠪᠢᠳᠠᠭ ᠬᠠᠷ᠎ᠠ ᠪᠦᠯᠦᠭᠳᠡᠨ ᠬᠠᠷᠬᠢᠰ ᠬᠦᠴᠦᠨ︔ | 15. ᠬᠠᠤᠯᠢ ᠪᠤᠰᠤ ᠠᠷᠭ᠎ᠠ ᠪᠠᠷᠢᠯ ᠢᠶᠠᠷ ᠠᠳᠠᠯ ᠠᠬᠤᠢ ᠶᠢᠨ ᠬᠠᠮᠢᠶᠠᠷᠤᠯᠳᠡ ᠶᠢ ᠭᠠᠭᠴᠠᠭᠠᠷ ᠡᠵᠡᠮᠳᠡᠨ᠂ ᠰᠠᠭᠤᠭᠠᠯᠢ | ᠲᠤᠭᠤᠷᠢᠭ ᠤᠨ ᠵᠠᠰᠠᠨ ᠴᠢᠮᠡᠭᠯᠡᠬᠦ ᠪᠠ ᠮᠠᠲ᠋ᠧᠷᠢᠶᠡᠯ ᠬᠠᠩᠭᠠᠬᠤ ᠶᠢ ᠡᠵᠡᠮᠳᠡᠬᠦ ᠡᠰᠡᠭᠦᠯ᠎ᠡ ︽ᠬᠠᠤᠯᠢ ᠪᠤᠰᠤ ᠠᠮᠣᠷ ᠢ | ᠬᠠᠮᠠᠭᠠᠯᠠᠭᠴᠢ︾ ᠶᠢ ᠬᠦᠯᠦᠰᠦᠯᠡᠨ ᠦᠮᠴᠢᠳᠡᠨ ᠢ ᠳᠠᠷᠤᠯᠠᠳᠠᠭ ᠬᠠᠷ᠎ᠠ ᠪᠦᠯᠦᠭᠳᠡᠨ ᠬᠠᠷᠬᠢᠰ ᠬᠦᠴᠦᠨ︔ | 16. ᠮᠤᠩᠭᠤᠯ ᠤᠯᠤᠰ ᠤᠨ ᠢᠷᠭᠡᠨ ᠤ ᠪᠡᠶ᠎ᠡ ᠮᠠᠬᠠᠪᠤᠳ᠂ ᠡᠳ᠋ ᠬᠦᠷᠦᠩᠭᠡ ᠶᠢᠨ ᠠᠮᠤᠷ ᠲᠦᠪᠰᠢᠨ ᠳᠤ | ᠬᠠᠯᠳᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ︔ | 17. ᠪᠤᠭᠤᠮᠳᠠ ᠶᠢᠨ ᠠᠷᠠᠯᠵᠢᠶ᠎ᠡ ᠬᠤᠳᠠᠯᠳᠣᠭᠠᠨ ᠤ ᠠᠵᠢᠯᠯᠠᠭ᠎ᠠ ᠳᠣᠮᠳᠠ ᠠᠵᠢᠯ ᠨᠢᠭᠡᠳᠡᠨ ᠢᠶᠠᠨ ᠲᠠᠷᠤᠯᠠᠵᠤ ᠵᠠᠬ᠎ᠠ | ᠳᠡᠯᠭᠡᠭᠦᠷ ᠡᠵᠡᠷᠬᠡᠭᠰᠡᠨ᠂ ᠠᠵᠢᠯ ᠲᠦᠷᠦᠯ ᠢ ᠭᠠᠭᠴᠠᠭᠠᠷ ᠡᠵᠡᠷᠭᠡᠭᠰᠡᠨ᠂ ᠠᠷᠠᠳ ᠤᠨ ᠶᠠᠷᠢᠶᠡᠨ ᠳᠣᠮᠳᠠᠬᠢ ︽ | ᠬᠠᠳᠣᠯᠠᠩ ᠤᠨ ᠠᠩᠬᠢ︾ ᠵᠡᠷᠭᠡ ᠬᠠᠤᠯᠢ ᠠᠴᠠ ᠵᠦᠷᠢᠴᠡᠨ ᠶᠠᠯ᠎ᠠ ᠬᠢᠭᠰᠡᠨ ᠦᠢᠯᠡ ᠠᠵᠢᠯᠯᠠᠭ᠎ᠠ ᠲᠠᠢ ᠬᠠᠷ᠎ᠠ | ᠪᠦᠯᠦᠭᠳᠡᠨ ᠬᠠᠷᠬᠢᠰ ᠬᠦᠴᠦᠨ︔ | ᠪᠦᠬᠦ ᠬᠤᠲᠠ ᠶᠢᠨ ︽ᠬᠠᠷ᠎ᠠ ᠪᠦᠯᠦᠭᠳᠡᠨ ᠬᠠᠷᠬᠢᠰ ᠬᠦᠴᠦᠨ ᠢ ᠱᠦᠭᠦᠷᠳᠡᠨ ᠠᠷᠢᠯᠭᠠᠬᠤ ᠲᠤᠰᠬᠠᠢ ᠲᠡᠮᠡᠴᠡᠯ︾ | ᠤᠨ ᠬᠤᠭᠤᠴᠠᠭᠠᠨ ᠳᠤ ᠠᠯᠢᠪᠠ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠬᠡᠷᠡᠴᠢᠯᠡᠭᠡᠳ ᠦᠨᠡᠨ | ᠪᠤᠳᠠᠳᠠᠢ ᠪᠤᠯ᠂ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠱᠠᠩᠨᠠᠨ ᠬᠦᠬᠢᠭᠦᠯᠬᠦ ᠶᠢᠨ ᠬᠠᠮᠳᠣ ᠢᠯᠡᠴᠢᠯᠡᠨ | ᠵᠠᠭᠠᠯᠳᠣᠭᠰᠠᠨ ᠬᠦᠮᠦᠨ ᠤ ᠪᠡᠶ᠎ᠡ ᠭᠠᠷᠤᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠢᠯᠡᠴᠢᠯᠡᠨ ᠮᠡᠳᠡᠭᠦᠯᠬᠦ ᠨᠡᠷ᠎ᠡ | ᠪᠠᠷ ᠬᠡᠷᠡᠭ ᠨᠦᠮᠦᠷᠡᠭᠦᠯᠦᠨ ᠬᠤᠤᠷᠯᠠᠭᠰᠠᠨ ᠪᠠᠶᠢᠪᠠᠯ᠂ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠬᠠᠮᠢᠶ᠎ᠠ | ᠪᠦᠬᠦᠢ ᠬᠠᠤᠯᠢ ᠳᠦᠷᠢᠮ ᠲᠤᠭᠲᠠᠭᠠᠯ ᠢ ᠦᠨᠳᠦᠰᠦᠯᠡᠨ ᠴᠢᠩᠭ᠎ᠠ ᠰᠢᠢᠳᠭᠡᠨ᠎ᠡ᠃ ᠦᠮᠦᠭᠯᠡᠬᠦ᠂ ᠨᠢᠭᠤᠨ ᠳᠠᠯᠳᠠᠯᠠᠬᠤ᠂ | ᠴᠢᠮᠡᠭᠡ ᠰᠤᠷᠠᠭ ᠬᠦᠷᠭᠡᠬᠦ᠂ ᠶᠡᠯ᠎ᠡ ᠬᠢᠭᠰᠡᠨ ᠬᠦᠮᠦᠨ ᠢ ᠬᠠᠤᠯᠢ ᠶᠢᠨ ᠨᠡᠭᠡᠮᠵᠢᠯᠡᠯ ᠠᠴᠠ ᠳᠣᠲᠠᠭᠠᠯᠭᠠᠭᠰᠠᠨ ᠪᠠᠶᠢᠪᠠᠯ᠂ | ᠬᠠᠤᠯᠢ ᠶᠤᠰᠤᠭᠠᠷ ᠲᠡᠬᠦᠨ ᠠᠴᠠ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ︵ᠬᠤᠶᠠᠷ︶ ᠱᠠᠩᠨᠠᠨ ᠬᠦᠬᠢᠭᠦᠯᠬᠦ ᠠᠷᠭ᠎ᠠ᠄ | ᠦᠷᠭᠡᠨ ᠤᠯᠠᠨ ᠠᠷᠠᠳ ᠲᠦᠮᠡᠨ ᠤ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠬᠠᠤᠯᠢ ᠠᠴᠠ | ᠵᠤᠷᠢᠴᠡᠭᠰᠡᠨ ᠶᠠᠯᠠᠳᠣ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠶᠢ ᠬᠦᠰᠡᠵᠤ᠂ | ᠢᠯᠡᠴᠢᠯᠡᠨ ᠮᠡᠳᠡᠭᠦᠯᠦᠭᠰᠡᠨ ᠡᠩ ᠤᠨ ᠰᠦᠪᠡᠭᠴᠢ ᠶᠢ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ | ᠭᠡᠷᠡᠴᠢᠯᠡᠵᠣ᠂ ᠦᠨᠡᠨ ᠪᠤᠳᠠᠳᠠᠢ ᠪᠤᠯ᠂ ᠡᠷᠢᠶᠡᠨ ᠬᠤᠲᠠ ᠶᠢᠨ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ | 500 —5000 ᠲᠦᠭᠦᠷᠢᠭ ᠢᠶᠠᠷ ᠱᠠᠩᠨᠠᠨ᠎ᠠ︔ ᠬᠠᠷ᠎ᠠ ᠪᠦᠯᠦᠭᠲᠡᠨ ᠤ ᠰᠢᠨᠵᠢ ᠴᠢᠨᠠᠷᠲᠡᠢ ᠶᠠᠯ᠎ᠠ ᠬᠢᠭᠰᠡᠨ ᠪᠤᠶᠤ ︽ | ᠬᠠᠷᠬᠢᠰ ᠬᠦᠴᠦᠨ︾ ᠤ ᠪᠦᠯᠦᠭᠯᠡᠯ ᠤᠨ ᠶᠠᠯ᠎ᠠ ᠬᠢᠭᠰᠡᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠢ ᠳᠣᠳᠣᠭᠠᠳᠣ | ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠭᠡᠷᠡᠴᠢᠯᠡᠵᠣ ᠦᠨᠡᠨ ᠪᠤᠳᠠᠳᠠᠢ ᠪᠤᠯ᠂ ᠰᠢᠯᠢ ᠶᠢᠨ ᠭᠤᠤᠯ ᠠᠶᠢᠮᠠᠭ | ᠤᠨ ᠳᠣᠳᠣᠭᠠᠳᠣ ᠶᠢ ᠬᠠᠮᠠᠭᠠᠯᠠᠬᠤ ᠲᠤᠪᠴᠢᠶ᠎ᠠ ᠠᠴᠠ 5000 —30000 ᠲᠦᠭᠦᠷᠢᠭ ᠢᠶᠠᠷ ᠱᠠᠩᠨᠠᠨ᠎ᠠ᠃ | | ᠢᠯᠡᠴᠢᠯᠡᠨ ᠮᠡᠳᠡᠭᠦᠯᠬᠦ ᠠᠷᠭ᠎ᠠ᠄ | 1. 0479 —7527110︔ | 2. ᠡᠷᠡᠭᠦᠤ ᠶᠢᠨ ᠬᠡᠷᠡᠭ ᠢ ᠳᠠᠩᠨᠠᠨ ᠪᠠᠶᠢᠴᠠᠭᠠᠬᠤ ᠶᠡᠭᠡ ᠠᠩᠬᠢ ᠶᠢᠨ ᠵᠢᠵᠢᠭᠦᠷ ᠤᠨ ᠲᠠᠰᠤᠭ᠄ 0479 | —7523101︔ | ᠰᠢᠯᠢᠨ ᠲᠤᠮᠢᠯᠠᠭᠰᠠᠨ ᠰᠠᠯᠪᠤᠷᠢ ᠶᠢᠨ ᠵᠢᠵᠢᠭᠦᠷ ᠤᠨ ᠲᠠᠰᠤᠭ᠄ 0479 —7517110︔ | ᠵᠡᠭᠦᠨ ᠬᠤᠲᠠ ᠲᠤᠮᠢᠯᠠᠭᠰᠠᠨ ᠰᠠᠯᠪᠤᠷᠢ ᠶᠢᠨ ᠵᠢᠵᠢᠭᠦᠷ ᠤᠨ ᠲᠠᠰᠤᠭ᠄ 0479 —7521421︔ | ᠤᠯᠠᠭᠠᠨ ᠲᠤᠮᠢᠯᠠᠭᠰᠠᠨ ᠰᠠᠯᠪᠤᠷᠢ ᠶᠢᠨ ᠵᠢᠵᠢᠭᠦᠷ ᠤᠨ ᠲᠠᠰᠤᠭ᠄ 0479 —7521791᠃ | 3. ᠢᠯᠡᠴᠢᠯᠡᠨ ᠮᠡᠳᠡᠭᠦᠯᠬᠦ ᠢᠨᠲ᠋ᠧᠷ ᠬᠠᠶᠠᠭ᠄ 64461503@qq.com︔ | 4. ᠰᠢᠭᠤᠳ ᠡᠷᠢᠶᠡᠨ ᠬᠤᠲᠠ ᠶᠢᠨ ᠳᠣᠳᠣᠭᠠᠳᠣ ᠶᠢ ᠬᠠᠮᠠᠭᠠᠯᠠᠬᠤ ᠲᠤᠪᠴᠢᠶᠡᠨ ᠳᠤ ᠭᠦᠷᠴᠤ ᠪᠠᠶᠢᠳᠠᠯ ᠢᠶᠠᠨ | ᠮᠡᠳᠡᠭᠦᠯᠵᠤ ᠪᠤᠯᠤᠨ᠎ᠠ᠃ | 5. ᠵᠠᠬᠢᠳᠠᠯ ᠢᠶᠠᠷ ᠢᠯᠡᠴᠢᠯᠡᠨ ᠮᠡᠳᠡᠭᠦᠯᠬᠦ ᠬᠠᠶᠠᠭ᠄ | ᠰᠢᠯᠢ ᠶᠢᠨ ᠭᠤᠤᠯ ᠠᠶᠢᠮᠠᠭ ᠤᠨ ᠳᠣᠳᠣᠭᠠᠳᠣ ᠶᠢ ᠬᠠᠮᠠᠭᠠᠯᠠᠬᠤ ᠲᠤᠪᠴᠢᠶᠠᠨ ᠤ ︽ᠬᠠᠷ᠎ᠠ ᠪᠦᠯᠦᠭᠳᠡᠨ ᠬᠠᠷᠬᠢᠰ | ᠬᠦᠴᠦᠨ ᠢ ᠱᠦᠭᠦᠷᠳᠡᠨ ᠠᠷᠢᠯᠭᠠᠬᠤ ᠲᠤᠰᠬᠠᠢ ᠲᠡᠮᠡᠴᠡᠯ︾ ᠤᠨ ᠠᠯᠪᠠᠨ ᠭᠡᠷ ︵ᠬᠤᠷᠢᠶᠠᠮᠤ﹀᠂ ᠰᠢᠣᠳᠠᠨ ᠨᠣᠮᠧᠷ᠄ | 026000 | ᠡᠷᠢᠶᠡᠨ ᠬᠤᠲᠠ ᠶᠢᠨ ᠳᠣᠳᠣᠭᠠᠳᠣ ᠶᠢ ᠬᠠᠮᠠᠭᠠᠯᠠᠬᠤ ᠲᠤᠪᠴᠢᠶᠠᠨ ᠤ ︽ᠬᠠᠷ᠎ᠠ ᠪᠦᠯᠦᠭᠳᠡᠨ ᠬᠠᠷᠬᠢᠰ ᠬᠦᠴᠦᠨ | ᠢ ᠱᠦᠭᠦᠷᠳᠡᠨ ᠠᠷᠢᠯᠭᠠᠬᠤ ᠲᠤᠰᠬᠠᠢ ᠲᠡᠮᠡᠴᠡᠯ︾ ᠤᠨ ᠠᠯᠪᠠᠨ ᠭᠡᠷ ︵ᠬᠤᠷᠢᠶᠠᠮᠤ︶᠂ ᠰᠢᠤᠳᠠᠨ ᠨᠣᠮᠧᠷ᠄ | 011100 | | | | | ᠡᠷᠢᠶᠡᠨ ᠬᠤᠲᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠱᠦᠭᠦᠷᠳᠡᠨ ᠠᠷᠢᠯᠭᠠᠬᠤ ᠲᠤᠰᠬᠠᠢ ᠲᠡᠮᠡᠴᠠᠯ ᠤᠨ | ᠤᠳᠣᠷᠢᠳᠬᠤ ᠳᠣᠭᠤᠶᠢᠯᠠᠩ ᠤᠨ ᠠᠯᠪᠠᠨ ᠭᠡᠷ | | |