ᠡᠷᠢᠶᠡᠨ ᠬᠤᠲᠠ ᠠᠴᠠ ᠭᠤᠸᠠᠩᠵᠧᠦ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠳᠤ ᠰᠦᠵᠢ ᠭᠠᠴᠠᠭᠠᠨ ᠤ ᠣᠶᠢᠳᠣ ᠭᠠᠵᠠᠷ ᠢ ᠬᠡᠷᠡᠭᠯᠡᠬᠦ ᠳᠣᠬᠠᠢ ᠵᠠᠷᠯᠠᠯ
ᠨᠡᠶᠢᠲᠡᠯᠡᠭᠰᠡᠨ ᠴᠠᠭ᠄
2020/6/4
   ᠡᠷᠢᠶᠡᠨ ᠬᠤᠲᠠ ᠠᠴᠠ ᠭᠤᠸᠠᠩᠵᠧᠦ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠥᠭᠡᠷᠡᠴᠢᠯᠡᠯᠲᠡ ᠶᠢᠨ ᠵᠥᠪᠯᠡᠯ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠭᠤᠷᠢ ᠦᠰᠦᠭ〔 2017〕1353 ᠳ᠋ᠤᠭᠠᠷ ᠲᠣᠭᠠᠲᠤ︶ ᠠᠴᠠ ᠴᠣᠬᠤᠯᠠᠪᠣᠷᠢᠯᠠᠨ ᠬᠡᠷᠡᠭᠵᠢᠭᠦᠯᠵᠦ᠂ ᠡᠷᠢᠶᠡᠨ ᠬᠤᠲᠠ ᠶᠢᠨ ᠭᠡᠷᠡᠯᠳᠣᠠᠣᠳᠣ ᠰᠤᠮᠤ ᠶᠢᠨ ᠰᠦᠵᠢ ᠭᠠᠴᠠᠭᠠᠨ ᠤ ᠣᠶᠢᠲᠤ ᠭᠠᠵᠠᠷ ᠤᠨ ᠶᠡᠷᠦᠩᠬᠡᠶ ᠲᠠᠯᠠᠪᠠᠢ 12.9203 ᠾᠧᠺᠲ᠋ᠠᠷ ᠭᠠᠵᠠᠷ ᠢ ᠬᠡᠷᠡᠭᠯᠡᠬᠦ ᠪᠠᠷ ᠲᠦᠯᠦᠪᠯᠡᠵᠣ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠪᠠ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠶᠢᠲᠤ ᠭᠠᠵᠠᠷ ᠢ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄ᠨᠢᠭᠡ᠂ ᠨᠡᠶᠢᠳᠡ ᠳᠤ ᠵᠠᠷᠯᠠᠬᠤ ᠠᠭᠤᠯᠭ᠎ᠠ1. ᠬᠡᠷᠡᠭᠯᠡᠬᠦ ᠪᠠᠷ ᠪᠠᠶᠢᠭ᠎ᠠ ᠣᠶᠢᠳᠣ ᠭᠠᠵᠠᠷ ᠤᠨ ᠬᠡᠷᠡᠭᠴᠡᠭᠡ᠄ ᠡᠷᠢᠶᠡᠨ ᠬᠤᠲᠠ ᠠᠴᠠ ᠭᠤᠸᠠᠩᠵᠧᠦ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠳᠤ ᠬᠡᠷᠡᠭᠯᠡᠵᠦ᠂ ᠣᠶᠢᠳᠣ ᠭᠠᠵᠠᠷ ᠤᠨ ᠬᠡᠷᠡᠭᠯᠡᠯᠳᠡ ᠶᠢᠨ ᠬᠤᠭᠤᠴᠠᠭ᠎ᠠ  ᠨᠢ ᠥᠨᠢ ᠡᠭᠦᠷᠢᠳᠡ᠃2. ᠬᠡᠷᠡᠭᠯᠡᠬᠦ ᠪᠠᠷ ᠪᠠᠶᠢᠭ᠎ᠠ ᠣᠶᠢᠲᠤ ᠭᠠᠵᠠᠷ ᠤᠨ ᠬᠦᠷᠢᠶ᠎ᠡ ᠬᠡᠪᠴᠢᠶ᠎ᠡ᠄ ᠡᠷᠢᠶᠡᠨ ᠬᠤᠲᠠ ᠶᠢᠨ 2017 ᠣᠨ ᠤ ᠡᠴᠦᠰ ᠪᠣᠯᠲᠠᠯ᠎ᠠ ᠣᠶᠢᠲᠤ ᠭᠠᠵᠠᠷ ᠢ ᠬᠤᠪᠢᠷᠠᠭᠤᠯᠤᠭᠰᠠᠨ ᠦᠷ᠎ᠡ ᠪᠦᠲᠦᠭᠡᠯ ᠳᠤ ᠰᠠᠭᠤᠷᠢᠯᠠᠨ᠂ ᠰᠦᠵᠢ ᠭᠠᠴᠠᠭᠠᠨ ᠤ 003 ᠣᠶᠢᠳᠣ ᠪᠠᠭ ᠤᠨ 3᠂ 28᠂ 98᠂ 31᠂ 34᠂ 32᠂ 33᠂ 41᠂ 44᠂ 47 ᠳ᠋ᠤᠭᠠᠷ ᠪᠠᠭ ᠳᠤ ᠪᠠᠶᠢᠷᠢᠯᠠᠨ᠎ᠠ᠃    3. ᠬᠡᠷᠡᠭᠯᠡᠬᠦ ᠪᠠᠷ ᠪᠠᠶᠢᠭ᠎ᠠ ᠣᠶᠢᠳᠦ ᠭᠠᠵᠠᠷ ᠤᠨ ᠪᠠᠶᠢᠳᠠᠯ᠄ ᠶᠡᠷᠦᠩᠬᠡᠶ ᠲᠠᠯᠠᠪᠠᠶ ᠨᠢ 12.9203 ᠾᠧᠺᠲ᠋ᠠᠷ᠃ ᠡᠭᠦᠨ ᠳᠤ᠂ ᠬᠥᠮᠦᠨ ᠤ ᠬᠦᠴᠦ ᠪᠠᠷ ᠪᠣᠶᠢᠵᠢᠭᠤᠯᠵᠣ ᠪᠠᠶᠢᠭ᠎ᠠ ᠣᠶᠢᠲᠤ ᠭᠠᠵᠠᠷ᠂ ᠴᠢᠪᠠᠭ᠎ᠠ᠂ ᠬᠠᠮᠠᠭᠠᠯᠠᠯᠳᠠ ᠶᠢᠨ ᠳᠡᠰ ᠨᠢ ᠭᠤᠷᠪᠠᠳᠣᠭᠠᠷ ᠳᠡᠰ ᠪᠣᠯᠬᠤ 3.9855 ᠾᠧᠺᠲ᠋ᠠᠷ ᠣᠶᠢᠳᠣ ᠭᠠᠵᠠᠷ︔ ᠪᠢᠳᠡᠬᠦᠮᠵᠢᠯᠡᠨ ᠪᠣᠶᠢᠵᠢᠭᠤᠯᠵᠦ ᠪᠠᠶᠢᠭ᠎ᠠ ᠣᠶᠢᠳᠣ ᠭᠠᠵᠠᠷ᠂ ᠨᠢᠮᠪᠡᠭᠡ᠂ ᠬᠠᠮᠠᠭᠠᠯᠠᠯᠳᠠ ᠶᠢᠨ ᠳᠡᠰ ᠨᠢ ᠭᠤᠷᠪᠠᠳᠣᠭᠠᠷ ᠳᠡᠰ ᠪᠣᠯᠬᠤ 6.7625 ᠾᠧᠺᠲ᠋ᠠᠷ ᠣᠶᠢᠳᠣ ᠭᠠᠵᠠᠷ︔ ᠲᠤᠷᠤᠭ ᠮᠣᠳᠣᠨ ᠤ ᠣᠶᠢᠲᠤ ᠭᠠᠵᠠᠷ᠂ ᠬᠥᠮᠦᠨ ᠤ ᠬᠦᠴᠦ ᠪᠠᠷ ᠪᠣᠶᠢᠵᠢᠭᠤᠯᠣᠭᠰᠠᠨ᠂ ᠬᠠᠶᠢᠯᠠᠰᠤᠨ ᠮᠣᠳᠣ᠂ ᠬᠠᠯᠬᠠᠪᠴᠢ ᠣᠢ 0.1183 ᠾᠧᠺᠲ᠋ᠠᠷ᠂ ᠤᠯᠤᠰ ᠤᠨ ᠳᠡᠰ ᠤᠨ ᠬᠤᠶᠠᠳᠤᠭᠠᠷ ᠳᠡᠰ ᠤᠨ ᠨᠡᠶᠢᠲᠡ ᠶᠢᠨ ᠠᠰᠠᠷᠠᠮᠵᠢ ᠶᠢᠨ ᠤᠢ᠂ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢ ᠬᠦᠷᠳᠡᠵᠣ ᠪᠠᠶᠢᠭ᠎ᠠ᠂ ᠬᠠᠮᠠᠭᠠᠯᠠᠯᠳᠠ ᠶᠢᠨ ᠳᠡᠰ ᠨᠢ ᠭᠤᠷᠪᠠᠳᠣᠭᠠᠷ ᠳᠡᠰ ᠪᠣᠯᠬᠤ 0.0103 ᠾᠧᠺᠲ᠋ᠠᠷ ᠣᠶᠢᠳᠣ ᠭᠠᠵᠠᠷ᠂ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠤᠢ᠂ ᠬᠠᠮᠠᠭᠠᠯᠠᠯᠳᠠ ᠶᠢᠨ ᠳᠡᠰ ᠨᠢ ᠭᠤᠷᠪᠠᠳᠣᠭᠠᠷ ᠳᠡᠰ ᠪᠣᠯᠬᠤ 0.108 ᠾᠧᠺᠲ᠋ᠠᠷ ᠣᠶᠢᠳᠣ ᠭᠠᠵᠠᠷ ᠪᠠᠭᠳᠠᠨ᠎ᠠ︔ ᠣᠶᠢᠵᠢᠭᠤᠯᠵᠣ ᠪᠣᠯᠬᠤᠶᠢᠴᠠ ᠭᠠᠵᠠᠷ᠂ ᠬᠠᠮᠠᠭᠠᠯᠠᠯᠳᠠ ᠶᠢᠨ ᠳᠡᠰ ᠨᠢ  ᠭᠤᠷᠪᠠᠳᠣᠭᠠᠷ ᠲᠡᠰ ᠪᠣᠯᠬᠤ 2.054 ᠾᠧᠺᠲ᠋ᠠᠷ ᠣᠶᠢᠳᠣ ᠭᠠᠵᠠᠷ ᠵᠡᠷᠭᠡ᠃ ᠣᠢ ᠮᠣᠳᠣ ᠶᠢ ᠣᠭᠲᠣᠯᠬᠤ ᠴᠢᠬᠤᠯᠠ ᠲᠠᠢ ᠪᠣᠯ ᠣᠶᠢᠲᠤ ᠭᠠᠵᠠᠷ ᠢ ᠬᠡᠷᠡᠭᠯᠡᠬᠦ ᠨᠢᠭᠡᠴᠡ ᠠᠴᠠ ᠣᠭᠲᠣᠯᠵᠤ᠂ ᠰᠠᠯᠠᠭ᠎ᠠ ᠨᠠᠮᠠᠭ᠎ᠠ ᠶᠢ ᠨᠢ ᠠᠷᠢᠯᠭᠠᠭᠰᠠᠨ ᠤ ᠳᠠᠷᠠᠭ᠎ᠠ ᠣᠶᠢᠲᠤ ᠭᠠᠵᠠᠷ ᠢ ᠬᠡᠷᠡᠭᠯᠡᠭᠦᠯᠦᠭᠰᠡᠨ ᠨᠢᠭᠡᠴᠡ ᠳᠤ ᠳᠣᠰᠢᠶᠠᠬᠤ ᠪᠤᠶᠤ ᠣᠶᠢᠲᠤ ᠭᠠᠵᠠᠷ ᠢ ᠬᠡᠷᠡᠭᠯᠡᠬᠦ ᠨᠢᠭᠡᠴᠡ ᠠᠴᠠ ᠣᠶᠢᠲᠤ ᠭᠠᠵᠠᠷ ᠢ ᠬᠡᠷᠡᠭᠯᠡᠭᠦᠯᠦᠭᠰᠡᠨ ᠨᠢᠭᠡᠴᠡ ᠶᠢᠨ ᠵᠢᠭᠠᠨ ᠲᠣᠭᠲᠠᠭᠠᠭᠰᠠᠨ ᠭᠠᠵᠠᠷ ᠲᠤ ᠰᠢᠯᠵᠢᠭᠦᠯᠦᠨ ᠵᠠᠶᠢᠯᠠᠨ᠎ᠠ᠃ᠬᠤᠶᠠᠷ᠂ ᠭᠤᠤᠯ ᠶᠠᠪᠣᠳᠠᠯᠲᠣᠰ ᠬᠡᠷᠡᠭᠯᠡᠬᠦ ᠪᠠᠷ ᠪᠠᠶᠢᠭ᠎ᠠ ᠣᠶᠢᠲᠤ ᠭᠠᠵᠠᠷ ᠤᠨ ᠲᠥᠷᠥᠯ ᠵᠦᠢᠯ ᠲᠠᠢ ᠠᠰᠢᠭ ᠬᠤᠬᠢᠷᠠᠯ ᠤᠨ ᠬᠠᠷᠢᠴᠠᠭ᠎ᠠ ᠲᠠᠢ ᠨᠢᠭᠡᠴᠡ ᠪᠣᠯᠤᠨ ᠬᠤᠪᠢ ᠬᠥᠮᠦᠨ ᠳᠡᠭᠡᠷ᠎ᠡ ᠳᠤᠷᠠᠳᠤᠭᠰᠠᠨ ᠤᠴᠢᠷ ᠶᠠᠪᠤᠳᠠᠯ ᠳᠤ ᠠᠳᠠᠯᠢ ᠪᠣᠰᠣ ᠰᠠᠨᠠᠯ ᠪᠠᠶᠢᠪᠠᠯ᠂ ᠵᠠᠷᠯᠠᠯ ᠤᠨ ᠬᠤᠭᠤᠴᠠᠭᠠᠨ ᠳᠤ ᠡᠷᠢᠶᠡᠨ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠲᠤᠰᠬᠠᠵᠤ ᠪᠣᠯᠤᠨ᠎ᠠ᠃ᠭᠤᠷᠪᠠ᠂ ᠨᠡᠶᠢᠳᠡ ᠳᠤ ᠵᠠᠷᠯᠠᠬᠤ ᠬᠤᠭᠤᠴᠠᠭ᠎ᠠ2020 ᠣᠨ ᠤ 4 ᠰᠠᠷ᠎ᠠ ᠶᠢᠨ 23 ᠤ ᠡᠳᠦᠷ ᠠᠴᠠ 2020 ᠣᠨ ᠤ 4 ᠰᠠᠷ᠎ᠠ ᠶᠢᠨ 29 ᠤ ᠡᠳᠦᠷ ᠪᠣᠯᠲᠠᠯ᠎ᠠ᠃ᠳᠥᠷᠪᠡ᠂ ᠰᠠᠨᠠᠯ ᠢᠶᠠᠨ ᠬᠠᠷᠢᠭᠤ ᠳᠣᠰᠬᠠᠬᠤ ᠠᠷᠭ᠎ᠠ ᠬᠡᠯᠪᠡᠷᠢᠵᠠᠷᠯᠠᠯ ᠤᠨ ᠬᠤᠭᠤᠴᠠᠭᠠᠨ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠳᠠᠰᠦ᠂ ᠵᠠᠬᠢᠳᠠᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠷᠢᠶᠡᠨ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠳᠣᠪᠴᠢᠶᠠᠨ ᠳᠤ  ᠰᠠᠨᠠᠯ ᠢᠶᠠᠨ ᠳᠤᠷᠠᠳᠴᠤ ᠪᠣᠯᠤᠨ᠎ᠠ᠃ᠪᠠᠶᠢᠭᠤᠯᠭ᠎ᠠ ᠶᠢᠨ ᠬᠠᠶ᠋ᠢᠭ᠄ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠯᠪᠠᠨ ᠠᠰᠠᠷ ᠤᠨ 5 ᠳ᠋ᠤᠭᠠᠷ ᠳᠠᠪᠬᠤᠷᠭ᠎ᠠᠰᠢᠦᠳᠠᠨ ᠳ᠋ᠤᠭᠠᠷ᠄ 011100ᠬᠠᠷᠢᠯᠴᠠᠬᠤ ᠬᠥᠮᠦᠨ᠄ ᠴᠢᠶᠣᠤ  ᠸᠧᠨ ᠬᠦᠶᠬᠠᠷᠢᠯᠴᠠᠬᠤ ᠤᠲᠠᠰᠤ᠄ 0479 — 7522186                                                                                                    ᠡᠷᠢᠶᠡᠨ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                                                                                                                 2020 ᠣᠨ ᠤ 4 ᠰᠠᠷ᠎ᠠ ᠶᠢᠨ 22 ᠤᠨ ᠡᠳᠦᠷ
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号