ᠡᠷᠢᠶᠡᠨ ᠬᠤᠲᠠ ᠠᠴᠠ ᠭᠤᠸᠠᠩᠵᠧᠦ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠳᠤ ᠬᠥᠭᠵᠢᠯᠲᠤᠶᠠᠭ᠎ᠠ ᠭᠠᠴᠠᠭᠠᠨ ᠤ ᠣᠶᠢᠳᠣ ᠭᠠᠵᠠᠷ ᠢ ᠬᠡᠷᠡᠭᠯᠡᠬᠦ ᠳᠣᠬᠠᠢ ᠵᠠᠷᠯᠠᠯ
ᠨᠡᠶᠢᠲᠡᠯᠡᠭᠰᠡᠨ ᠴᠠᠭ᠄
2020/6/4
    ᠡᠷᠢᠶᠡᠨ ᠬᠤᠲᠠ ᠠᠴᠠ ᠭᠤᠸᠠᠩᠵᠧᠦ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠥᠭᠡᠷᠡᠴᠢᠯᠡᠯᠲᠡ ᠶᠢᠨ ᠵᠥᠪᠯᠡᠯ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠭᠤᠷᠢ ᠦᠰᠦᠭ〔 2017〕1353 ᠳ᠋ᠤᠭᠠᠷ ᠲᠣᠭᠠᠲᠤ︶ ᠠᠴᠠ ᠴᠣᠬᠤᠯᠠᠪᠣᠷᠢᠯᠠᠨ ᠬᠡᠷᠡᠭᠵᠢᠭᠦᠯᠵᠦ᠂ ᠡᠷᠢᠶᠡᠨ ᠬᠤᠲᠠ ᠶᠢᠨ ᠭᠡᠷᠡᠯᠳᠣᠠᠣᠳᠣ ᠰᠤᠮᠤ ᠶᠢᠨ ᠬᠥᠭᠵᠢᠯᠲᠤᠶᠠᠭ᠎ᠠ ᠭᠠᠴᠠᠭᠠᠨ ᠤ ᠣᠶᠢᠲᠤ ᠭᠠᠵᠠᠷ ᠤᠨ ᠶᠡᠷᠦᠩᠬᠡᠶ ᠲᠠᠯᠠᠪᠠᠢ 0.8683 ᠾᠧᠺᠲ᠋ᠠᠷ ᠭᠠᠵᠠᠷ ᠢ ᠬᠡᠷᠡᠭᠯᠡᠬᠦ ᠪᠠᠷ ᠲᠦᠯᠦᠪᠯᠡᠵᠣ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠪᠠ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠶᠢᠲᠤ ᠭᠠᠵᠠᠷ ᠢ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄ᠨᠢᠭᠡ᠂ ᠨᠡᠶᠢᠳᠡ ᠳᠤ ᠵᠠᠷᠯᠠᠬᠤ ᠠᠭᠤᠯᠭ᠎ᠠ1. ᠬᠡᠷᠡᠭᠯᠡᠬᠦ ᠪᠠᠷ ᠪᠠᠶᠢᠭ᠎ᠠ ᠣᠶᠢᠳᠣ ᠭᠠᠵᠠᠷ ᠤᠨ ᠬᠡᠷᠡᠭᠴᠡᠭᠡ᠄ ᠡᠷᠢᠶᠡᠨ ᠬᠤᠲᠠ ᠠᠴᠠ ᠭᠤᠸᠠᠩᠵᠧᠦ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠳᠤ ᠬᠡᠷᠡᠭᠯᠡᠵᠦ᠂ ᠣᠶᠢᠳᠣ ᠭᠠᠵᠠᠷ ᠤᠨ ᠬᠡᠷᠡᠭᠯᠡᠯᠳᠡ ᠶᠢᠨ ᠬᠤᠭᠤᠴᠠᠭ᠎ᠠ  ᠨᠢ ᠥᠨᠢ ᠡᠭᠦᠷᠢᠳᠡ᠃2. ᠬᠡᠷᠡᠭᠯᠡᠬᠦ ᠪᠠᠷ ᠪᠠᠶᠢᠭ᠎ᠠ ᠣᠶᠢᠲᠤ ᠭᠠᠵᠠᠷ ᠤᠨ ᠬᠦᠷᠢᠶ᠎ᠡ ᠬᠡᠪᠴᠢᠶ᠎ᠡ᠄ ᠡᠷᠢᠶᠡᠨ ᠬᠤᠲᠠ ᠶᠢᠨ 2017 ᠣᠨ ᠤ ᠡᠴᠦᠰ ᠪᠣᠯᠲᠠᠯ᠎ᠠ ᠣᠶᠢᠲᠤ ᠭᠠᠵᠠᠷ ᠢ ᠬᠤᠪᠢᠷᠠᠭᠤᠯᠤᠭᠰᠠᠨ ᠦᠷ᠎ᠡ ᠪᠦᠲᠦᠭᠡᠯ ᠳᠤ ᠰᠠᠭᠤᠷᠢᠯᠠᠨ᠂ ᠬᠦᠭᠵᠢᠯᠳᠣᠶᠠᠭ᠎ᠠ ᠭᠠᠴᠠᠭᠠᠨ ᠤ 9 ᠳ᠋ᠤᠭᠡᠷ ᠪᠠᠭ ᠳᠤ ᠪᠠᠶᠢᠷᠢᠯᠠᠨ᠎ᠠ᠃    3. ᠬᠡᠷᠡᠭᠯᠡᠬᠦ ᠪᠠᠷ ᠪᠠᠶᠢᠭ᠎ᠠ ᠣᠶᠢᠳᠦ ᠭᠠᠵᠠᠷ ᠤᠨ ᠪᠠᠶᠢᠳᠠᠯ᠄ ᠶᠡᠷᠦᠩᠬᠡᠶ ᠲᠠᠯᠠᠪᠠᠶ ᠨᠢ 0.8683 ᠾᠧᠺᠲ᠋ᠠᠷ ᠪᠠᠶᠢᠵᠤ᠂ ᠪᠦᠬᠦᠨ ᠢᠶᠠᠷ ᠢᠶᠠᠨ ᠣᠶᠢᠵᠢᠭᠤᠯᠵᠣ ᠪᠣᠯᠬᠤᠶᠢᠴᠠ ᠭᠠᠵᠠᠷ᠂ ᠣᠶᠢᠳᠦ ᠭᠠᠵᠠᠷ ᠤᠨ ᠬᠠᠮᠠᠭᠠᠯᠠᠯᠳᠠ ᠶᠢᠨ ᠳᠡᠰ ᠨᠢ ᠭᠤᠷᠪᠠᠳᠣᠭᠠᠷ ᠳᠡᠰ ᠪᠣᠯᠤᠨ᠎ᠠ᠃ᠬᠤᠶᠠᠷ᠂ ᠭᠤᠤᠯ ᠶᠠᠪᠣᠳᠠᠯ     ᠲᠣᠰ ᠬᠡᠷᠡᠭᠯᠡᠬᠦ ᠪᠠᠷ ᠪᠠᠶᠢᠭ᠎ᠠ ᠣᠶᠢᠲᠤ ᠭᠠᠵᠠᠷ ᠤᠨ ᠲᠥᠷᠥᠯ ᠵᠦᠢᠯ ᠲᠠᠢ ᠠᠰᠢᠭ ᠬᠤᠬᠢᠷᠠᠯ ᠤᠨ ᠬᠠᠷᠢᠴᠠᠭ᠎ᠠ ᠲᠠᠢ ᠨᠢᠭᠡᠴᠡ ᠪᠣᠯᠤᠨ ᠬᠤᠪᠢ ᠬᠥᠮᠦᠨ ᠳᠡᠭᠡᠷ᠎ᠡ ᠳᠤᠷᠠᠳᠤᠭᠰᠠᠨ ᠤᠴᠢᠷ ᠶᠠᠪᠤᠳᠠᠯ ᠳᠤ ᠠᠳᠠᠯᠢ ᠪᠣᠰᠣ ᠰᠠᠨᠠᠯ ᠪᠠᠶᠢᠪᠠᠯ᠂ ᠵᠠᠷᠯᠠᠯ ᠤᠨ ᠬᠤᠭᠤᠴᠠᠭᠠᠨ ᠳᠤ ᠡᠷᠢᠶᠡᠨ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠲᠤᠰᠬᠠᠵᠤ ᠪᠣᠯᠤᠨ᠎ᠠ᠃ᠭᠤᠷᠪᠠ᠂ ᠨᠡᠶᠢᠳᠡ ᠳᠤ ᠵᠠᠷᠯᠠᠬᠤ ᠬᠤᠭᠤᠴᠠᠭ᠎ᠠ    2020 ᠣᠨ ᠤ 4 ᠰᠠᠷ᠎ᠠ ᠶᠢᠨ 23 ᠤ ᠡᠳᠦᠷ ᠠᠴᠠ 2020 ᠣᠨ ᠤ 4 ᠰᠠᠷ᠎ᠠ ᠶᠢᠨ 29 ᠤ ᠡᠳᠦᠷ ᠪᠣᠯᠲᠠᠯ᠎ᠠ᠃ᠳᠥᠷᠪᠡ᠂ ᠰᠠᠨᠠᠯ ᠢᠶᠠᠨ ᠬᠠᠷᠢᠭᠤ ᠳᠣᠰᠬᠠᠬᠤ ᠠᠷᠭ᠎ᠠ ᠬᠡᠯᠪᠡᠷᠢ    ᠵᠠᠷᠯᠠᠯ ᠤᠨ ᠬᠤᠭᠤᠴᠠᠭᠠᠨ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠳᠠᠰᠦ᠂ ᠵᠠᠬᠢᠳᠠᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠷᠢᠶᠡᠨ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠳᠣᠪᠴᠢᠶᠠᠨ ᠳᠤ  ᠰᠠᠨᠠᠯ ᠢᠶᠠᠨ ᠳᠤᠷᠠᠳᠴᠤ ᠪᠣᠯᠤᠨ᠎ᠠ᠃ᠪᠠᠶᠢᠭᠤᠯᠭ᠎ᠠ ᠶᠢᠨ ᠬᠠᠶ᠋ᠢᠭ᠄ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠯᠪᠠᠨ ᠠᠰᠠᠷ ᠤᠨ 5 ᠳ᠋ᠤᠭᠠᠷ ᠳᠠᠪᠬᠤᠷᠭ᠎ᠠᠰᠢᠦᠳᠠᠨ ᠳ᠋ᠤᠭᠠᠷ᠄ 011100ᠬᠠᠷᠢᠯᠴᠠᠬᠤ ᠬᠥᠮᠦᠨ᠄ ᠴᠢᠶᠣᠤ  ᠸᠧᠨ ᠬᠦᠶᠬᠠᠷᠢᠯᠴᠠᠬᠤ ᠤᠲᠠᠰᠤ᠄ 0479 — 7522186                                                                                                    ᠡᠷᠢᠶᠡᠨ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                                                                                                             2020 ᠣᠨ ᠤ 4 ᠰᠠᠷ᠎ᠠ ᠶᠢᠨ 22 ᠤᠨ ᠡᠳᠦᠷ
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号