| | ᠡᠷᠢᠶᠡᠨ ᠬᠤᠲᠠ ᠠᠴᠠ ᠭᠤᠸᠠᠩᠵᠧᠦ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ | ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠢ | ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠥᠭᠡᠷᠡᠴᠢᠯᠡᠯᠲᠡ ᠶᠢᠨ ᠵᠥᠪᠯᠡᠯ ︵ᠥᠪᠥᠷ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠭᠤᠷᠢ ᠦᠰᠦᠭ〔 2017〕1353 ᠳ᠋ᠤᠭᠠᠷ ᠲᠣᠭᠠᠲᠤ︶ ᠠᠴᠠ ᠴᠣᠬᠤᠯᠠᠪᠣᠷᠢᠯᠠᠨ | ᠬᠡᠷᠡᠭᠵᠢᠭᠦᠯᠵᠦ᠂ ᠡᠷᠢᠶᠡᠨ ᠬᠤᠲᠠ ᠶᠢᠨ ᠭᠡᠷᠡᠯᠳᠣᠠᠣᠳᠣ ᠰᠤᠮᠤ ᠶᠢᠨ ᠳᠣᠯᠢ ᠭᠠᠴᠠᠭᠠᠨ ᠤ ᠣᠶᠢᠲᠤ ᠭᠠᠵᠠᠷ ᠤᠨ | ᠶᠡᠷᠦᠩᠬᠡᠶ ᠲᠠᠯᠠᠪᠠᠢ 6.3395 ᠾᠧᠺᠲ᠋ᠠᠷ ᠭᠠᠵᠠᠷ ᠢ ᠬᠡᠷᠡᠭᠯᠡᠬᠦ ᠪᠠᠷ ᠲᠦᠯᠦᠪᠯᠡᠵᠣ᠂ ︽ᠵᠠᠰᠠᠭ ᠵᠠᠬᠢᠷᠭᠠᠨ ᠤ | ᠵᠥᠪᠰᠢᠶᠡᠷᠡᠯ ᠤᠨ ᠬᠠᠤᠯᠢ︾ ᠪᠠ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠶᠢᠲᠤ ᠭᠠᠵᠠᠷ ᠢ | ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄ | | ᠨᠢᠭᠡ᠂ ᠨᠡᠶᠢᠳᠡ ᠳᠤ ᠵᠠᠷᠯᠠᠬᠤ ᠠᠭᠤᠯᠭ᠎ᠠ | 1. ᠬᠡᠷᠡᠭᠯᠡᠬᠦ ᠪᠠᠷ ᠪᠠᠶᠢᠭ᠎ᠠ ᠣᠶᠢᠳᠣ ᠭᠠᠵᠠᠷ ᠤᠨ ᠬᠡᠷᠡᠭᠴᠡᠭᠡ᠄ ᠡᠷᠢᠶᠡᠨ ᠬᠤᠲᠠ ᠠᠴᠠ ᠭᠤᠸᠠᠩᠵᠧᠦ ᠬᠦᠷᠬᠦ | ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ | ᠵᠠᠮ ᠤᠨ ᠢᠨᠵᠧᠨᠧᠷᠢᠩ ᠤᠨ ᠲᠥᠷᠥᠯ ᠵᠦᠢᠯ ᠳᠤ ᠬᠡᠷᠡᠭᠯᠡᠵᠦ᠂ ᠣᠶᠢᠳᠣ ᠭᠠᠵᠠᠷ ᠤᠨ ᠬᠡᠷᠡᠭᠯᠡᠯᠳᠡ ᠶᠢᠨ ᠬᠤᠭᠤᠴᠠᠭ᠎ᠠ | ᠨᠢ ᠥᠨᠢ ᠡᠭᠦᠷᠢᠳᠡ᠃ | 2. ᠬᠡᠷᠡᠭᠯᠡᠬᠦ ᠪᠠᠷ ᠪᠠᠶᠢᠭ᠎ᠠ ᠣᠶᠢᠲᠤ ᠭᠠᠵᠠᠷ ᠤᠨ ᠬᠦᠷᠢᠶ᠎ᠡ ᠬᠡᠪᠴᠢᠶ᠎ᠡ᠄ ᠡᠷᠢᠶᠡᠨ ᠬᠤᠲᠠ ᠶᠢᠨ 2017 ᠣᠨ ᠤ | ᠡᠴᠦᠰ ᠪᠣᠯᠲᠠᠯ᠎ᠠ ᠣᠶᠢᠲᠤ ᠭᠠᠵᠠᠷ ᠢ ᠬᠤᠪᠢᠷᠠᠭᠤᠯᠤᠭᠰᠠᠨ ᠦᠷ᠎ᠡ ᠪᠦᠲᠦᠭᠡᠯ ᠳᠤ ᠰᠠᠭᠤᠷᠢᠯᠠᠨ᠂ ᠰᠦᠵᠢ | ᠭᠠᠴᠠᠭᠠᠨ ᠤ 004 ᠣᠶᠢᠳᠣ ᠪᠠᠭ ᠤᠨ 49᠂ 57᠂ 70᠂ 77 ᠳ᠋ᠤᠭᠠᠷ ᠪᠠᠭ ᠳᠤ ᠪᠠᠶᠢᠷᠢᠯᠠᠨ᠎ᠠ᠃ | 3. ᠬᠡᠷᠡᠭᠯᠡᠬᠦ ᠪᠠᠷ ᠪᠠᠶᠢᠭ᠎ᠠ ᠣᠶᠢᠳᠦ ᠭᠠᠵᠠᠷ ᠤᠨ ᠪᠠᠶᠢᠳᠠᠯ᠄ ᠶᠡᠷᠦᠩᠬᠡᠶ ᠲᠠᠯᠠᠪᠠᠶ ᠨᠢ 6.3395 ᠾᠧᠺᠲ᠋ᠠᠷ᠃ | ᠡᠭᠦᠨ ᠳᠤ᠂ ᠬᠥᠮᠦᠨ ᠤ ᠬᠦᠴᠦ ᠪᠠᠷ ᠪᠣᠶᠢᠵᠢᠭᠤᠯᠵᠣ ᠪᠠᠶᠢᠭ᠎ᠠ ᠣᠶᠢᠲᠤ ᠭᠠᠵᠠᠷ᠂ ᠨᠢᠮᠪᠡᠭᠡ᠂ ᠬᠠᠮᠠᠭᠠᠯᠠᠯᠳᠠ ᠶᠢᠨ | ᠳᠡᠰ ᠨᠢ ᠭᠤᠷᠪᠠᠳᠣᠭᠠᠷ ᠳᠡᠰ ᠪᠣᠯᠬᠤ 3.5677 ᠾᠧᠺᠲ᠋ᠠᠷ ᠣᠶᠢᠳᠣ ᠭᠠᠵᠠᠷ︔ ᠲᠤᠷᠤᠭ ᠮᠣᠳᠣᠨ ᠤ ᠣᠶᠢᠲᠤ | ᠭᠠᠵᠠᠷ᠂ ᠬᠥᠮᠦᠨ ᠤ ᠬᠦᠴᠦ ᠪᠠᠷ ᠪᠣᠶᠢᠵᠢᠭᠤᠯᠣᠭᠰᠠᠨ᠂ ᠬᠠᠶᠢᠯᠠᠰᠤᠨ ᠮᠣᠳᠣ᠂ ᠬᠠᠯᠬᠠᠪᠴᠢ ᠣᠢ᠂ ᠤᠯᠤᠰ ᠤᠨ | ᠳᠡᠰ ᠤᠨ ᠬᠤᠶᠠᠳᠤᠭᠠᠷ ᠳᠡᠰ ᠤᠨ ᠨᠡᠶᠢᠲᠡ ᠶᠢᠨ ᠠᠰᠠᠷᠠᠮᠵᠢ ᠶᠢᠨ ᠤᠢ᠂ ᠤᠢ ᠰᠢᠭᠤᠶ ᠶᠢᠨ ᠠᠮᠢ ᠠᠬᠤᠶ ᠶᠢᠨ ᠦᠷ᠎ᠡ | ᠠᠰᠢᠭ ᠤᠨ ᠨᠥᠬᠦᠪᠥᠷᠢ ᠶᠢ ᠬᠦᠷᠳᠡᠵᠣ ᠪᠠᠶᠢᠭ᠎ᠠ᠂ ᠬᠠᠮᠠᠭᠠᠯᠠᠯᠳᠠ ᠶᠢᠨ ᠳᠡᠰ ᠨᠢ ᠬᠤᠶᠠᠳᠣᠭᠠᠷ ᠳᠡᠰ ᠪᠣᠯᠬᠤ 2. | 7718 ᠾᠧᠺᠲ᠋ᠠᠷ ᠣᠶᠢᠳᠣ ᠭᠠᠵᠠᠷ ᠵᠡᠷᠭᠡ᠃ ᠣᠢ ᠮᠣᠳᠣ ᠶᠢ ᠣᠭᠲᠣᠯᠬᠤ ᠴᠢᠬᠤᠯᠠ ᠲᠠᠢ ᠪᠣᠯ ᠣᠶᠢᠲᠤ ᠭᠠᠵᠠᠷ ᠢ | ᠬᠡᠷᠡᠭᠯᠡᠬᠦ ᠨᠢᠭᠡᠴᠡ ᠠᠴᠠ ᠣᠭᠲᠣᠯᠵᠤ᠂ ᠰᠠᠯᠠᠭ᠎ᠠ ᠨᠠᠮᠠᠭ᠎ᠠ ᠶᠢ ᠨᠢ ᠠᠷᠢᠯᠭᠠᠭᠰᠠᠨ ᠤ ᠳᠠᠷᠠᠭ᠎ᠠ ᠣᠶᠢᠲᠤ ᠭᠠᠵᠠᠷ ᠢ | ᠬᠡᠷᠡᠭᠯᠡᠭᠦᠯᠦᠭᠰᠡᠨ ᠨᠢᠭᠡᠴᠡ ᠳᠤ ᠳᠣᠰᠢᠶᠠᠬᠤ ᠪᠤᠶᠤ ᠣᠶᠢᠲᠤ ᠭᠠᠵᠠᠷ ᠢ ᠬᠡᠷᠡᠭᠯᠡᠬᠦ ᠨᠢᠭᠡᠴᠡ ᠠᠴᠠ ᠣᠶᠢᠲᠤ ᠭᠠᠵᠠᠷ ᠢ | ᠬᠡᠷᠡᠭᠯᠡᠭᠦᠯᠦᠭᠰᠡᠨ ᠨᠢᠭᠡᠴᠡ ᠶᠢᠨ ᠵᠢᠭᠠᠨ ᠲᠣᠭᠲᠠᠭᠠᠭᠰᠠᠨ ᠭᠠᠵᠠᠷ ᠲᠤ ᠰᠢᠯᠵᠢᠭᠦᠯᠦᠨ ᠵᠠᠶᠢᠯᠠᠨ᠎ᠠ᠃ | | ᠬᠤᠶᠠᠷ᠂ ᠭᠤᠤᠯ ᠶᠠᠪᠣᠳᠠᠯ | ᠲᠣᠰ ᠬᠡᠷᠡᠭᠯᠡᠬᠦ ᠪᠠᠷ ᠪᠠᠶᠢᠭ᠎ᠠ ᠣᠶᠢᠲᠤ ᠭᠠᠵᠠᠷ ᠤᠨ ᠲᠥᠷᠥᠯ ᠵᠦᠢᠯ ᠲᠠᠢ ᠠᠰᠢᠭ ᠬᠤᠬᠢᠷᠠᠯ ᠤᠨ | ᠬᠠᠷᠢᠴᠠᠭ᠎ᠠ ᠲᠠᠢ ᠨᠢᠭᠡᠴᠡ ᠪᠣᠯᠤᠨ ᠬᠤᠪᠢ ᠬᠥᠮᠦᠨ ᠳᠡᠭᠡᠷ᠎ᠡ ᠳᠤᠷᠠᠳᠤᠭᠰᠠᠨ ᠤᠴᠢᠷ ᠶᠠᠪᠤᠳᠠᠯ ᠳᠤ ᠠᠳᠠᠯᠢ ᠪᠣᠰᠣ | ᠰᠠᠨᠠᠯ ᠪᠠᠶᠢᠪᠠᠯ᠂ ᠵᠠᠷᠯᠠᠯ ᠤᠨ ᠬᠤᠭᠤᠴᠠᠭᠠᠨ ᠳᠤ ᠡᠷᠢᠶᠡᠨ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ | ᠲᠣᠪᠴᠢᠶ᠎ᠠ ᠳᠤ ᠲᠤᠰᠬᠠᠵᠤ ᠪᠣᠯᠤᠨ᠎ᠠ᠃ | | ᠭᠤᠷᠪᠠ᠂ ᠨᠡᠶᠢᠳᠡ ᠳᠤ ᠵᠠᠷᠯᠠᠬᠤ ᠬᠤᠭᠤᠴᠠᠭ᠎ᠠ | 2020 ᠣᠨ ᠤ 4 ᠰᠠᠷ᠎ᠠ ᠶᠢᠨ 23 ᠤ ᠡᠳᠦᠷ ᠠᠴᠠ 2020 ᠣᠨ ᠤ 4 ᠰᠠᠷ᠎ᠠ ᠶᠢᠨ 29 ᠤ ᠡᠳᠦᠷ | ᠪᠣᠯᠲᠠᠯ᠎ᠠ᠃ | | ᠳᠥᠷᠪᠡ᠂ ᠰᠠᠨᠠᠯ ᠢᠶᠠᠨ ᠬᠠᠷᠢᠭᠤ ᠳᠣᠰᠬᠠᠬᠤ ᠠᠷᠭ᠎ᠠ ᠬᠡᠯᠪᠡᠷᠢ | ᠵᠠᠷᠯᠠᠯ ᠤᠨ ᠬᠤᠭᠤᠴᠠᠭᠠᠨ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠳᠠᠰᠦ᠂ ᠵᠠᠬᠢᠳᠠᠯ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ ᠡᠷᠢᠶᠡᠨ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ | ᠳᠣᠪᠴᠢᠶᠠᠨ ᠳᠤ ᠰᠠᠨᠠᠯ ᠢᠶᠠᠨ ᠳᠤᠷᠠᠳᠴᠤ ᠪᠣᠯᠤᠨ᠎ᠠ᠃ | | ᠪᠠᠶᠢᠭᠤᠯᠭ᠎ᠠ ᠶᠢᠨ ᠬᠠᠶ᠋ᠢᠭ᠄ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠯᠪᠠᠨ | ᠠᠰᠠᠷ ᠤᠨ 5 ᠳ᠋ᠤᠭᠠᠷ ᠳᠠᠪᠬᠤᠷᠭ᠎ᠠ | ᠰᠢᠦᠳᠠᠨ ᠳ᠋ᠤᠭᠠᠷ᠄ 011100 | ᠬᠠᠷᠢᠯᠴᠠᠬᠤ ᠬᠥᠮᠦᠨ᠄ ᠴᠢᠶᠣᠤ ᠸᠧᠨ ᠬᠦᠶ | ᠬᠠᠷᠢᠯᠴᠠᠬᠤ ᠤᠲᠠᠰᠤ᠄ 0479 — 7522186 | | | | ᠡᠷᠢᠶᠡᠨ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | | 2020 ᠣᠨ ᠤ 4 ᠰᠠᠷ᠎ᠠ ᠶᠢᠨ 22 ᠤᠨ ᠡᠳᠦᠷ |