ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠤᠭᠰᠠᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ | ᠬᠠᠤᠯᠢ ᠶᠢ ᠬᠢᠨᠠᠨ ᠵᠥᠪᠯᠡᠵᠦ ᠪᠠᠲᠤᠯᠠᠪᠠ᠂ 2020 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠠᠤᠯᠢ ᠲᠦᠷᠢᠮ ᠤᠨ ᠠᠵᠢᠯ ᠤᠨ ᠵᠥᠪᠯᠡᠯ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠳᠤ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠵᠦ᠂ ᠠᠷᠠᠳ ᠣᠯᠠᠨ ᠤ | ᠬᠦᠰᠡᠯ ᠡᠷᠡᠮᠡᠯᠵᠡᠯ ᠪᠠ ᠦᠢᠯᠡᠳᠦᠯᠭᠡ ᠶᠢᠨ ᠬᠡᠷᠡᠭᠴᠡᠭᠡ ᠳᠤ ᠬᠠᠷᠢᠭᠤ ᠲᠤᠰᠬᠠᠵᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠣᠷᠳᠣ ᠬᠤᠭᠤᠴᠠᠭᠠᠨ ᠤ | ᠪᠦᠲᠦᠮᠵᠢᠲᠦ ᠲᠣᠭᠲᠠᠴᠠ ᠶᠢ ᠪᠦᠷᠢᠨᠰᠢᠬᠦᠯᠵᠦ᠂ ᠬᠠᠮᠤᠭ ᠤᠨ ᠴᠢᠩᠭ᠎ᠠ ᠲᠦᠷᠢᠮ ᠪᠠ ᠬᠠᠮᠤᠭ ᠤᠨ ᠴᠢᠩᠭ᠎ᠠ | ᠬᠠᠤᠯᠢ ᠶᠢᠨ ᠵᠠᠰᠠᠯᠳᠠ ᠪᠠᠷ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠎ᠠ ᠬᠡᠪᠡ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠳᠤ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ | ᠬᠤᠤᠷ ᠦᠭᠡᠶᠢᠳᠡᠬᠦᠯᠬᠦ ᠵᠠᠷᠴᠢᠮ ᠢ ᠪᠠᠷᠢᠮᠲᠠᠯᠠᠨ᠎ᠠ᠃ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ᠂ ᠢᠲᠡᠭᠡᠮᠵᠢ ᠶᠢᠨ ᠲᠡᠮᠳᠡᠭᠯᠡᠯ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠷᠭᠡᠰᠢᠶᠡᠭᠦ᠂ | ᠪᠦᠬᠦ ᠶᠠᠪᠤᠴᠠ ᠶᠢ ᠬᠢᠨᠠᠨ ᠡᠵᠡᠮᠳᠡᠬᠦ ᠪᠠ ᠮᠡᠳᠡᠭᠡ ᠵᠠᠩᠬᠢᠵᠢᠭᠤᠯᠵᠤ ᠮᠦᠷᠲᠡᠯᠲᠡ ᠬᠢᠭᠦ ᠵᠡᠷᠭᠡ ᠳᠦᠷᠢᠮ ᠢ | ᠲᠣᠳᠣᠷᠬᠠᠶᠢᠯᠠᠵᠤ᠂ ᠤᠯᠤᠰ ᠠᠴᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠳᠠᠭᠠᠳᠤ ᠠᠴᠠ ᠣᠷᠣᠭᠤᠯᠬᠤ ᠦᠭᠡᠢ | ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ᠭᠡᠵᠦ ᠲᠤᠳᠤᠷᠬᠠᠢᠢᠯᠠᠪᠠ᠃ |