5 ᠰᠠᠷ᠎ᠠ ᠠᠴᠠ ᠡᠬᠢᠯᠡᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠮᠤᠵᠢ ᠠᠯᠤᠰᠯᠠᠨ ᠣᠨᠳᠣᠤ ᠭᠠᠵᠠᠷ ᠲᠤ ᠰᠢᠢᠳᠪᠦᠷᠢᠯᠡᠬᠦ ᠲᠤᠷᠰᠢᠯᠳᠠ ᠬᠢᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020/6/5
     ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠤᠶᠢᠯᠠᠭᠠᠬᠰᠠᠨ ᠢᠶᠠᠷ᠂ ᠣᠶᠢᠷ᠎ᠠ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 157 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠵᠤ᠂ ᠰᠢᠨ᠎ᠡ ︽ᠵᠢᠷᠤᠮ ᠤᠨ ᠲᠣᠭᠲᠠᠭᠠᠯ︾ ᠢ 2020 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠠᠷ ᠪᠤᠢ᠃      ︽ᠵᠢᠷᠤᠮ ᠤᠨ ᠲᠣᠭᠲᠠᠭᠠᠯ︾ ᠢ 2004 ᠣᠨ ᠤ 5 ᠰᠠᠷ᠎ᠠ ᠶᠢᠨ 1 ᠤ ᠡᠳᠦᠷ ᠨᠡᠶᠢᠲᠡᠯᠡᠨ ᠬᠡᠷᠡᠭᠵᠢᠭᠦᠯᠵᠠᠢ᠂ ᠠᠵᠤ ᠠᠬᠤᠶ ᠨᠡᠶᠢᠭᠡᠮ ᠬᠦᠭᠵᠢᠭᠦ ᠶᠢ ᠳᠠᠭᠠᠯᠳᠤᠨ᠂ ︽ᠵᠢᠷᠤᠮ ᠤᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠶᠠᠪᠤᠳᠠᠯ ᠲᠤᠯᠭᠠᠮ᠎ᠠ ᠱᠠᠭᠠᠷᠳᠠᠬᠳᠠᠵᠤ ᠪᠠᠶᠢᠬᠤ ᠲᠤᠯᠠ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠤᠯᠠᠮ ᠴᠢᠨᠠᠬᠰᠢᠳᠠ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠬᠠᠶ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠪᠠ ᠰᠢᠨ᠎ᠡ ᠱᠠᠭᠠᠷᠳᠠᠯᠭ᠎ᠠ ᠳᠤ ᠬᠠᠷᠢᠭᠤ ᠥᠭᠬᠦ ᠪᠠ ᠲᠡᠳᠡᠨ ᠤ ᠱᠠᠭᠠᠷᠳᠠᠯᠭ᠎ᠠ ᠶᠢ ᠬᠠᠩᠭᠠᠵᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠨᠳᠣᠤ ᠭᠠᠵᠠᠷ ᠲᠤ ᠰᠢᠢᠳᠪᠦᠷᠢᠯᠡᠬᠦ᠂ ᠮᠠᠰᠢᠨ ᠲᠡᠷᠭᠡ ᠲᠦᠷᠢᠶᠡᠰᠦᠯᠡᠭᠦ ᠳᠤ ᠲᠦᠭᠦᠮ ᠦᠵᠡᠬᠦᠯᠬᠦ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠪᠠᠳᠤᠯᠠᠵᠤ᠂ ᠵᠠᠮ ᠬᠠᠷᠢᠯᠴᠠᠭᠠᠨ ᠳᠤ ᠣᠷᠣᠯᠴᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠵᠣ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号