ᠠᠰᠫᠢᠷᠠᠨᠲ ᠡᠯᠰᠡᠬᠦ ᠪᠠ ᠲᠤᠰᠬᠠᠢ ᠮᠡᠷᠬᠡᠵᠢᠯ ᠠᠴᠠ ᠵᠢᠩᠬᠢᠨᠢ ᠠᠩᠬᠢ ᠲᠡᠪᠰᠢᠬᠦ ᠰᠤᠷᠤᠭᠴᠢ ᠡᠯᠰᠡᠬᠦ | ᠬᠡᠪᠴᠢᠶ᠎ᠡ ᠶᠢ ᠦᠷᠬᠡᠳᠬᠡᠨ᠎ᠡ ᠃ | ᠡᠨᠡ ᠵᠢᠯ ᠤᠨ ᠠᠰᠫᠢᠷᠠᠨᠲ ᠡᠯᠰᠡᠬᠦ ᠪᠠ ᠲᠤᠰᠬᠠᠢ ᠮᠡᠷᠬᠡᠵᠢᠯ ᠠᠴᠠ ᠵᠢᠩᠬᠢᠨᠢ ᠠᠩᠬᠢ ᠲᠡᠪᠰᠢᠬᠦ ᠰᠤᠷᠤᠭᠴᠢ | ᠡᠯᠰᠡᠬᠦ ᠬᠡᠪᠴᠢᠶ᠎ᠡ ᠶᠢ ᠦᠷᠬᠡᠳᠬᠡᠵᠦ᠂ ᠦᠨᠳᠦᠰᠦᠨ ᠱᠠᠳᠤᠨ ᠤ ᠡᠮ ᠡᠮᠨᠡᠯᠬᠡ᠂ ᠨᠡᠶᠢᠬᠡᠮ ᠤᠨ ᠦᠢᠯᠡᠴᠢᠯᠡᠭᠡ ᠵᠡᠷᠬᠡ | ᠠᠵᠢᠯ ᠤᠨ ᠪᠠᠶᠢᠷᠢ ᠶᠢᠨ ᠡᠯᠰᠡᠬᠦ ᠬᠡᠪᠴᠢᠶ᠎ᠡ ᠶᠢ ᠦᠷᠬᠡᠳᠬᠡᠨ᠂ ᠪᠠᠭ᠎ᠠ ᠵᠢᠵᠢᠭ ᠠᠵᠤ ᠠᠬᠤᠢᠢᠯᠠᠯ ᠤᠨ ᠶᠡᠭᠡ ᠲᠡᠬᠡᠳᠦ | ᠰᠤᠷᠭᠠᠭᠤᠯᠢ ᠲᠡᠬᠦᠰᠦᠭᠰᠡᠳ ᠢ ᠡᠯᠰᠡᠵᠦ ᠠᠵᠢᠯ ᠤᠯᠭᠤᠬᠤ ᠲᠤᠬᠠᠢ ᠲᠡᠮᠵᠢᠯᠬᠡ ᠶᠢ ᠴᠢᠩᠭᠠᠳᠬᠠᠨ᠎ᠠ᠃ | ᠲᠡᠬᠦᠰᠭ᠊ᠤ᠋ ᠤᠶᠤ᠋ᠳ᠋ᠠᠳ ᠤᠨ ᠡᠷᠦᠬᠡ ᠠᠮᠠ ᠶᠢ 2 ᠵᠢᠯ ᠨᠠᠶᠢᠳᠠᠨ ᠬᠠᠮᠢᠶᠠᠷᠤᠭᠤᠯᠤᠨ᠎ᠠ | ᠬᠦᠮᠦᠨ ᠬᠡᠷᠡᠭᠯᠡᠬᠦ ᠨᠢᠬᠡᠴᠢ ᠶᠢᠨ ᠨᠢᠭᠤᠷᠳᠠᠨ ᠰᠢᠯᠭᠠᠯᠳᠠ ᠪᠠ ᠡᠯᠰᠡᠬᠦ ᠴᠠᠭ ᠢ ᠨᠢ ᠬᠤᠶᠢᠰᠢᠯᠠᠭᠤᠯᠵᠤ᠂ | ᠰᠤᠷᠭᠠᠭᠤᠯᠢ ᠠᠴᠠ ᠰᠠᠯᠬᠤ ᠴᠠᠭ ᠢ ᠨᠢ ᠬᠤᠶᠢᠰᠢᠯᠠᠭᠤᠯᠤᠭᠰᠠᠨ ᠲᠡᠬᠦᠰᠬᠦ ᠰᠤᠷᠤᠭᠴᠢᠳ ᠤᠨ ᠨᠡᠷ᠎ᠡ ᠮᠡᠳᠡᠬᠦᠯᠬᠦ᠂ | ᠡᠷᠦᠬᠡ ᠠᠮᠠ ᠤᠷᠤᠭᠤᠯᠬᠤ ᠵᠡᠷᠬᠡ ᠴᠠᠭ ᠤᠨ ᠬᠢᠵᠠᠭᠠᠷ ᠢ ᠬᠤᠶᠢᠰᠢᠯᠠᠭᠤᠯᠤᠨ᠎ᠠ᠃ ᠰᠤᠷᠭᠠᠭᠤᠯᠢ ᠠᠴᠠ ᠪᠠᠨ ᠰᠠᠯᠤᠭᠠᠳ | ᠠᠵᠢᠯ ᠤᠯᠤᠭᠠᠳᠤᠢ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠲᠤ ᠡᠷᠦᠬᠡ ᠠᠮᠠ ᠪᠤᠯᠤᠨ ᠲᠠᠩᠰᠠ ᠡᠪᠬᠡᠮᠡᠯ ᠢ 2 | ᠵᠢᠯ ᠨᠠᠶᠢᠳᠠᠨ ᠬᠠᠮᠢᠶᠠᠷᠬᠤ ᠦᠢᠯᠡᠴᠢᠯᠡᠭᠡ ᠬᠠᠨᠭ᠍ᠭᠠᠵᠤ᠂ ᠲᠤᠰ ᠵᠢᠯ ᠤᠨ ᠲᠡᠬᠦᠰᠬᠦ ᠤᠶᠤᠳᠠᠨ ᠢᠶᠠᠷ ᠠᠵᠢᠯ ᠤᠯᠭᠤᠬᠤ | ᠭᠠᠷ ᠬᠦᠢᠴᠡᠳᠬᠡᠯ ᠬᠦᠢᠴᠡᠳᠬᠡᠵᠦ ᠦᠭᠬᠦᠨ᠎ᠡ᠃ | ᠰᠦᠯᠵᠢᠶᠡᠨ ᠲᠡᠬᠡᠷᠡᠬᠢ ᠠᠵᠢᠯ ᠤᠯᠭᠤᠬᠤ ᠦᠢᠯᠡᠴᠢᠯᠡᠭᠡ ᠶᠢ ᠴᠢᠩᠭᠠᠳᠬᠠᠨ᠎ᠠ | ᠬᠢᠵᠢᠭ ᠤᠨ ᠪᠠᠶᠢᠳᠠᠯ ᠢ ᠪᠦᠳᠦᠮᠵᠢᠳᠠᠢ ᠨᠠᠮᠳᠠᠭᠤᠯᠬᠤ ᠠᠴᠠ ᠡᠮᠦᠨ᠎ᠡ᠂ ᠰᠤᠷᠭᠠᠨ ᠬᠦᠮᠦᠵᠢᠯ ᠤᠨ | ᠰᠢᠰᠲ᠋ᠧᠮ ᠤᠨ ᠡᠷᠬᠢᠯᠡᠭᠰᠡᠨ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠤᠨ ᠲᠤᠬᠠᠢ ᠶᠢᠨ ᠲᠠᠯᠠᠪᠠᠢ ᠳᠤ ᠤᠷᠢᠨ | ᠡᠯᠰᠡᠬᠦ ᠡᠯ᠎ᠡ ᠲᠦᠷᠦᠯ ᠤᠨ ᠠᠵᠢᠯᠯᠠᠭ᠎ᠠ ᠶᠢ ᠲᠦᠷ ᠵᠤᠭᠰᠤᠭᠠᠵᠤ᠂ ᠰᠦᠯᠵᠢᠶᠡᠡ ᠲᠡᠬᠡᠷᠡᠬᠢ ᠠᠵᠢᠯ ᠤᠯᠭᠤᠬᠤ | ᠦᠢᠯᠡᠴᠢᠯᠡᠭᠡ ᠶᠢ ᠶᠡᠬᠡᠪᠡᠷ ᠠᠬᠢᠭᠤᠯᠵᠤ᠂ ᠡᠯ᠎ᠡ ᠭᠠᠵᠠᠷ ᠡᠯ᠎ᠡ ᠶᠡᠭᠡ ᠲᠡᠬᠡᠳᠦ ᠰᠤᠷᠭᠠᠭᠤᠯᠢ ᠶᠢᠨ ᠰᠦᠯᠵᠢᠶᠡᠨ ᠲᠡᠬᠡᠷ᠎ᠡ | ᠨᠢᠭᠤᠷᠳᠠᠨ ᠰᠢᠯᠭᠠᠬᠤ᠂ ᠰᠦᠯᠵᠢᠶᠡᠨ ᠲᠡᠬᠡᠷ᠎ᠡ ᠬᠡᠷ᠎ᠡ ᠲᠤᠭᠳᠠᠬᠤ ᠵᠢᠴᠢ ᠰᠦᠯᠵᠢᠶᠡᠨ ᠲᠡᠬᠡᠷ᠎ᠡ ᠠᠵᠢᠯ | ᠤᠯᠭᠤᠯᠳᠠ ᠶᠢᠨ ᠭᠠᠷ ᠬᠦᠢᠴᠡᠳᠬᠡᠯ ᠬᠦᠢᠴᠡᠳᠬᠡᠬᠦ ᠶᠢ ᠠᠬᠢᠭᠤᠯᠤᠨ᠎ᠠ᠃ | ᠲᠡᠬᠦᠰᠬᠦ ᠤᠶᠤᠳᠠᠳ ᠤᠨ ᠤᠯᠠᠨ ᠠᠷᠭ᠎ᠠ ᠵᠠᠮ ᠢᠶᠠᠷ ᠠᠵᠢᠯ ᠤᠯᠬᠤ ᠶᠢ ᠲᠡᠮᠵᠢᠨ᠎ᠡ | ᠤᠨᠴᠠ ᠠᠵᠢᠯ ᠤᠨ ᠪᠠᠶᠢᠷᠢ ᠶᠢᠨ ᠪᠠᠭᠰᠢ ᠶᠢᠨ ᠲᠦᠯᠦᠪᠯᠡᠭᠡ᠂ ᠤᠶᠤᠳᠠᠨ ᠭᠠᠴᠠᠭᠠᠨ ᠲᠠᠷᠤᠭ᠎ᠠ᠂ ᠭᠤᠷᠪᠠ ᠶᠢ | ᠲᠡᠮᠵᠢᠵᠦ ᠨᠢᠬᠡ ᠶᠢ ᠲᠡᠳᠬᠦᠬᠦ᠂ ᠤᠶᠤᠳᠠᠳ ᠤᠨ ᠪᠠᠷᠠᠭᠤᠨ ᠤᠷᠤᠨ ᠳᠤ ᠰᠠᠶᠢᠨ ᠲᠤᠷ᠎ᠠ ᠠᠴᠠ ᠪᠠᠨ ᠦᠢᠯᠡᠴᠢᠯᠡᠬᠦ | ᠲᠦᠯᠦᠪᠯᠡᠭᠡ ᠵᠡᠷᠬᠡ ᠦᠨᠳᠦᠰᠦᠨ ᠱᠠᠳᠤᠨ ᠤ ᠲᠦᠷᠦᠯ ᠵᠦᠢᠯ ᠢ ᠴᠢᠨᠠᠭᠰᠢᠳᠠ ᠰᠠᠶᠢᠳᠤᠷ ᠵᠤᠬᠢᠶᠠᠨ ᠪᠠᠶᠢᠭᠤᠯᠤᠨ | ᠬᠡᠷᠡᠭᠵᠢᠬᠦᠯᠦᠨ᠎ᠡ᠃ ᠤᠶᠤᠳᠠᠳ ᠤᠨ ᠴᠡᠷᠢᠭ ᠲᠤ ᠤᠷᠤᠬᠤ ᠶᠢ ᠵᠤᠷᠢᠭᠵᠢᠭᠤᠯᠵᠤ᠂ ᠶᠡᠭᠡ ᠲᠡᠬᠡᠳᠦ ᠰᠤᠷᠭᠠᠭᠤᠯᠢ | ᠲᠡᠬᠦᠰᠦᠭᠰᠡᠳ ᠤᠨ ᠦᠨᠳᠦᠰᠦᠨ ᠱᠠᠳᠤᠨ ᠳᠤ ᠤᠴᠢᠵᠤ ᠠᠵᠢᠯ ᠤᠯᠬᠤ᠂ ᠦᠢᠯᠡᠰ ᠪᠤᠰᠬᠠᠬᠤ ᠶᠢ ᠵᠤᠷᠢᠭᠵᠢᠭᠤᠯᠤᠨ᠎ᠠ | ᠃ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠵᠤᠬᠢᠶᠠᠮᠠᠯ ᠤᠶᠤᠨ ᠴᠢᠳᠠᠪᠤᠷᠢ ᠪᠠ ᠪᠤᠳᠠᠳᠤ ᠴᠤᠭᠴᠠ ᠶᠢᠨ ᠠᠵᠤ | ᠠᠬᠤᠢ ᠶᠢᠨ ᠬᠦᠨᠵᠡᠬᠡᠢ ᠠᠭᠤᠰᠤᠯᠴᠠᠯ ᠠᠴᠠ ᠪᠤᠯᠤᠭᠰᠠᠨ ᠠᠵᠢᠯ ᠤᠯᠭᠤᠯᠳᠠ ᠶᠢᠨ ᠲᠤᠬᠢᠶᠠᠯ ᠢ ᠬᠦᠨᠵᠡᠬᠡᠢ | ᠠᠭᠤᠳᠠᠯᠵᠤ᠂ ᠲᠡᠬᠦᠰᠬᠦ ᠤᠶᠤᠳᠠᠳ ᠤᠨ ᠤᠯᠠᠨ ᠠᠷᠭ᠎ᠠ ᠵᠠᠮ ᠢᠶᠠᠷ ᠠᠵᠢᠯ ᠤᠯᠬᠤ ᠶᠢ ᠲᠡᠮᠵᠢᠨ᠎ᠡ᠃ | ᠬᠦᠮᠦᠨ ᠬᠡᠷᠡᠭᠯᠡᠬᠦ ᠨᠢᠬᠡᠴᠢ ᠶᠢᠨ ᠠᠵᠢᠯᠳᠠᠨ ᠤᠷᠢᠬᠤ ᠴᠠᠭ ᠢᠶᠠᠨ ᠵᠤᠬᠢᠰᠳᠠᠢ ᠤᠷᠳᠤᠳᠬᠠᠬᠤ ᠶᠢ ᠬᠦᠳᠦᠯᠦᠨ | ᠵᠢᠯᠤᠭᠤᠳᠤᠨ᠎ᠠ | ᠤᠯᠠᠨ ᠨᠡᠶᠢᠳᠡ ᠶᠢᠨ ᠠᠵᠢᠯ ᠤᠯᠭᠤᠬᠤ ᠴᠢᠳᠠᠪᠤᠷᠢᠳᠠᠨ ᠤ ᠦᠢᠯᠡᠴᠢᠯᠡᠬᠡᠨ ᠤ ᠪᠠᠶᠢᠭᠤᠯᠤᠮᠵᠢ ᠨᠡᠷ᠎ᠡ | ᠮᠡᠳᠡᠬᠦᠯᠬᠦ ᠶᠢ ᠬᠦᠯᠢᠶᠡᠨ ᠠᠪᠬᠤ ᠴᠠᠭ ᠢ ᠤᠷᠳᠤᠳᠬᠠᠵᠤ᠂ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠤᠨ ᠠᠵᠢᠯ | ᠤᠯᠬᠤ ᠬᠡᠯᠡᠯᠴᠡᠬᠡᠷ ᠲᠤᠭᠳᠠᠬᠤ ᠪᠠ ᠨᠡᠷ᠎ᠡ ᠮᠡᠳᠡᠬᠦᠯᠬᠦ ᠭᠠᠷ ᠬᠦᠢᠴᠡᠳᠬᠡᠯ ᠵᠡᠷᠬᠡ ᠶᠢ ᠬᠦᠢᠴᠡᠳᠬᠡᠬᠦ ᠳᠤ ᠪᠦᠬᠦ | ᠬᠦᠴᠦᠨ ᠢᠶᠠᠷ ᠢᠶᠠᠨ ᠲᠦᠬᠦᠮ ᠦᠵᠡᠬᠦᠯᠦᠨ᠎ᠡ᠃ ᠡᠬᠦᠨ ᠤ ᠬᠠᠮᠳᠤ᠂ ᠬᠦᠮᠦᠨ ᠬᠡᠷᠡᠭᠯᠡᠬᠦ ᠨᠢᠬᠡᠴᠢ ᠶᠢ ᠬᠦᠳᠦᠯᠦᠨ | ᠵᠢᠯᠤᠭᠤᠳᠴᠤ ᠪᠠᠶᠢᠭᠠᠳ ᠠᠵᠢᠯᠳᠠᠨ ᠤᠷᠢᠵᠤ ᠡᠯᠰᠡᠬᠦ ᠴᠠᠭ ᠢ ᠵᠤᠬᠢᠰᠳᠠᠢ ᠤᠷᠳᠤᠳᠬᠠᠵᠤ᠂ ᠪᠡᠶ᠎ᠡ ᠶᠢᠨ | ᠪᠠᠶᠢᠴᠠᠭᠠᠯᠳᠠ ᠬᠢᠬᠦ ᠪᠠ ᠬᠡᠷ᠎ᠡ ᠲᠤᠭᠳᠠᠨ ᠡᠯᠰᠡᠬᠦ ᠴᠠᠭ ᠢ ᠬᠤᠶᠢᠰᠢᠯᠠᠭᠤᠯᠤᠨ᠎ᠠ᠃ | ᠶᠠᠳᠠᠭᠤ ᠬᠦᠴᠢᠷᠳᠡᠯᠳᠠᠢ ᠪᠠ ᠵᠡᠮᠳᠡᠭ ᠲᠡᠬᠦᠰᠬᠦ ᠰᠤᠷᠤᠭᠴᠢᠳ ᠢ ᠬᠠᠪᠰᠤᠷᠤᠨ᠎ᠠ | ᠶᠡᠭᠡ ᠲᠡᠬᠡᠳᠦ ᠰᠤᠷᠭᠠᠭᠤᠯᠢ ᠶᠢ ᠵᠢᠯᠤᠭᠤᠳᠴᠤ ᠪᠠᠶᠢᠭᠠᠳ ᠲᠠᠩᠰᠠ ᠺᠠᠷᠲ ᠪᠠᠶᠢᠭᠤᠯᠤᠭᠰᠠᠨ ᠶᠠᠳᠠᠭᠤ | ᠬᠦᠴᠢᠷᠳᠡᠯᠳᠠᠢ ᠬᠡᠷ ᠪᠦᠯᠢ ᠶᠢᠨ ᠪᠠ ᠪᠡᠶ᠎ᠡ ᠵᠡᠮᠳᠡᠭ ᠲᠡᠬᠦᠰᠬᠦ ᠰᠤᠷᠤᠭᠴᠢᠳ ᠵᠡᠷᠬᠡ ᠶᠢ ᠬᠠᠪᠰᠤᠷᠤᠨ ᠲᠡᠳᠬᠦᠵᠦ᠂ | ᠴᠢᠭᠯᠡᠬᠦᠯᠦᠯᠳᠦ ᠴᠢᠨᠠᠷᠳᠠᠢ ᠪᠠᠷ ᠠᠵᠢᠯ ᠤᠯᠭᠤᠬᠤ ᠠᠵᠢᠯ ᠤᠨ ᠪᠠᠶᠢᠷᠢ ᠲᠠᠨᠢᠯᠴᠠᠭᠤᠯᠬᠤ ᠠᠵᠢᠯ ᠢ ᠦᠷᠨᠢᠬᠦᠯᠦᠨ᠎ᠡ᠃ | ᠬᠤᠪᠸᠢ ᠶᠢᠨ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠢ ᠭᠤᠤᠯᠳᠠᠯᠭ᠎ᠠ ᠲᠠᠢ ᠬᠠᠯᠠᠮᠵᠢᠯᠠᠨ᠎ᠠ | ᠬᠤᠪᠸᠢ ᠶᠢᠨ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠤᠨ ᠠᠵᠢᠯ ᠤᠯᠬᠤ ᠠᠰᠠᠭᠤᠳᠠᠯ ᠢ | ᠭᠤᠤᠯᠳᠠᠯᠭ᠎ᠠ ᠲᠠᠢ ᠠᠩᠬᠠᠷᠴᠤ᠂ ᠠᠵᠢᠯ ᠤᠯᠭᠤᠯᠳᠠ ᠶᠢ ᠠᠬᠢᠭᠤᠯᠬᠤ ᠴᠢᠬᠤᠯᠠ ᠪᠦᠬᠦᠢ ᠠᠷᠭ᠎ᠠ ᠬᠡᠮᠵᠢᠶ᠎ᠡ ᠶᠢ | ᠬᠡᠷᠡᠭᠵᠢᠬᠦᠯᠦᠨ᠂ ᠰᠦᠯᠵᠢᠶ᠎ᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠡᠬᠦᠰᠬᠦ | ᠰᠤᠷᠤᠭᠴᠢᠳ ᠤᠨ ᠠᠵᠢᠯ ᠰᠤᠩᠭᠤᠬᠤ ᠠᠷᠭ᠎ᠠ ᠵᠠᠮ ᠢ ᠦᠷᠬᠡᠳᠬᠡᠵᠦ᠂ ᠠᠵᠢᠯ ᠤᠯᠬᠤ ᠲᠤᠬᠢᠶᠠᠯ ᠢ ᠨᠡᠮᠡᠭᠳᠡᠬᠦᠯᠦᠨ᠎ᠡ᠃ | | ᠲᠠᠳᠤᠯᠭ᠎ᠠ ᠶᠢᠨ ᠰᠤᠷᠤᠯᠭ᠎ᠠ ᠶᠢᠨ ᠬᠤᠪᠢ ᠶᠢ ᠵᠤᠬᠢᠬᠤ ᠬᠡᠮᠵᠢᠶ᠎ᠡ ᠪᠠᠷ ᠬᠠᠰᠤᠨ ᠬᠡᠯᠳᠦᠷᠢᠬᠦᠯᠦᠨ᠎ᠡ | ᠤᠶᠤᠳᠠᠳ ᠤᠨ ᠠᠵᠤ ᠠᠬᠤᠢᠢᠯᠠᠯ ᠠᠵᠢᠯ ᠦᠢᠯᠡᠰ ᠤᠨ ᠨᠢᠬᠡᠴᠢ ᠳᠤ ᠤᠴᠢᠵᠤ ᠲᠠᠳᠤᠯᠭ᠎ᠠ ᠬᠢᠬᠦ ᠶᠢ ᠲᠦᠷ | ᠵᠤᠭᠰᠤᠭᠠᠵᠤ᠂ ᠡᠯ᠎ᠡ ᠶᠡᠭᠡ ᠲᠡᠬᠡᠳᠦ ᠰᠤᠷᠭᠠᠭᠤᠯᠢ ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠢ ᠦᠨᠳᠦᠰᠦᠯᠡᠨ | ᠲᠠᠳᠤᠯᠭ᠎ᠠ ᠶᠢᠨ ᠰᠤᠷᠤᠯᠭ᠎ᠠ ᠶᠢᠨ ᠬᠤᠪᠢ ᠶᠢ ᠵᠤᠬᠢᠬᠤ ᠬᠡᠮᠵᠢᠶ᠎ᠡ ᠪᠠᠷ ᠬᠠᠰᠤᠵᠤ ᠬᠡᠯᠳᠦᠷᠢᠬᠦᠯᠬᠦ ᠲᠦᠷᠦ ᠶᠢᠨ | ᠪᠤᠳᠤᠯᠭ᠎ᠠ ᠭᠠᠷᠭᠠᠵᠤ ᠪᠤᠯᠤᠨ᠎ᠠ᠃ ᠬᠢᠵᠢᠭ ᠤᠨ ᠪᠠᠶᠢᠳᠠᠯ ᠤᠨ ᠬᠤᠪᠢᠷᠠᠯᠳᠠ ᠶᠢ ᠦᠨᠳᠦᠰᠦᠯᠡᠵᠦ᠂ ᠶᠡᠭᠡ ᠲᠡᠬᠡᠳᠦ | ᠰᠤᠷᠭᠠᠭᠤᠯᠢ ᠶᠢᠨ ᠲᠡᠬᠦᠰᠬᠦ ᠦᠬᠦᠯᠡᠯ᠂ ᠲᠡᠬᠦᠰᠬᠦ ᠵᠢᠷᠤᠭ ᠲᠦᠯᠦᠪᠯᠡᠭᠡ ᠪᠠ ᠨᠤᠮ ᠬᠠᠶᠠᠯᠴᠠᠬᠤ ᠴᠠᠭ ᠲᠤ | ᠬᠤᠯᠪᠤᠭᠳᠠᠬᠤ ᠬᠠᠮᠢᠶ᠎ᠠ ᠪᠦᠬᠦᠢ ᠱᠠᠭᠠᠷᠳᠠᠯᠭ᠎ᠠ ᠪᠤᠯᠤᠨ ᠪᠤᠳᠠᠳᠠᠢ ᠲᠤᠬᠢᠷᠠᠭᠤᠯᠤᠯᠳᠠ ᠶᠢ ᠴᠠᠭ ᠲᠤᠨᠢ ᠲᠤᠬᠢᠷᠠᠭᠤᠯᠤᠨ᠎ᠠ | ᠃ | ᠠᠵᠢᠯ ᠮᠡᠷᠬᠡᠵᠢᠯ ᠤᠨ ᠵᠢᠯᠤᠭᠤᠳᠤᠯᠭ᠎ᠠ ᠪᠠ ᠰᠡᠳᠬᠢᠴᠡ ᠶᠢᠨ ᠵᠦᠪᠯᠡᠯᠬᠡ ᠶᠢ ᠰᠠᠶᠢᠳᠤᠷ ᠬᠢᠨ᠎ᠡ | ᠠᠵᠢᠯ ᠮᠡᠷᠬᠡᠵᠢᠯ ᠤᠨ ᠰᠦᠯᠵᠢᠶᠡᠨ ᠤ ᠵᠢᠯᠤᠭᠤᠳᠤᠯᠭ᠎ᠠ ᠶᠢᠨ ᠬᠢᠴᠢᠶᠡᠯ ᠭᠠᠷᠭᠠᠵᠤ᠂ ᠤᠯᠠᠨ ᠨᠡᠶᠢᠳᠡ ᠶᠢᠨ | ᠠᠵᠢᠯ ᠤᠯᠭᠤᠬᠤ ᠦᠢᠯᠡᠴᠢᠯᠡᠬᠡᠨ ᠤ ᠲᠤᠰᠬᠠᠢ ᠮᠡᠷᠬᠡᠵᠢᠯᠳᠡᠨ ᠢ ᠵᠤᠬᠢᠶᠠᠨ ᠪᠠᠶᠢᠭᠤᠯᠤᠨ ᠲᠡᠬᠦᠰᠬᠦ ᠤᠶᠤᠳᠠᠳ ᠤᠨ | ᠠᠵᠢᠯ ᠡᠷᠢᠵᠦ ᠠᠵᠢᠯ ᠤᠯᠬᠤ ᠲᠤᠮᠳᠠᠬᠢ ᠬᠠᠯᠠᠮᠵᠢᠯᠠᠵᠤ ᠪᠠᠶᠢᠭ᠎ᠠ ᠠᠰᠠᠭᠤᠳᠠᠯ ᠳᠤᠨᠢ ᠬᠠᠷᠢᠭᠤᠯᠳᠠ ᠦᠭᠴᠦ᠂ ᠠᠵᠢᠯ | ᠮᠡᠷᠬᠡᠵᠢᠯ ᠤᠨ ᠵᠢᠯᠤᠭᠤᠳᠤᠯᠭ᠎ᠠ ᠪᠠ ᠰᠡᠳᠬᠢᠴᠡ ᠶᠢᠨ ᠵᠦᠪᠯᠡᠯᠬᠡ ᠬᠠᠨᠭ᠍ᠭᠠᠨ᠎ᠠ᠃ | | |