︽ᠲᠤᠶᠢᠯ ᠤᠨ ᠣᠨᠣᠪᠴᠢᠲᠠᠢ ᠪᠠᠷ ᠬᠠᠪᠰᠤᠷᠤᠨ ᠲᠡᠳᠬᠦᠬᠦ ᠠᠷᠪᠠᠨ ᠶᠡᠭᠡ ᠠᠷᠭ᠎ᠠ ᠬᠡᠮᠵᠢᠶ᠎ᠡ︾  ᠭᠡᠵᠦ ᠶᠠᠭᠤ ᠪᠣᠢ︖
ᠨᠡᠶᠢᠲᠡᠯᠡᠭᠰᠡᠨ ᠴᠠᠭ᠄
2020/6/8
【 ᠶᠠᠳᠠᠭᠤ ᠶᠢ ᠲᠡᠳᠬᠦᠬᠦ ᠲᠤᠬᠠᠶᠢᠯᠠᠭᠰᠠᠨ ᠠᠵᠢᠯ ᠤᠨ ᠣᠨᠣᠯ ᠤᠨ ᠶᠡᠷᠦ ᠶᠢᠨ ᠮᠡᠳᠡᠯᠭᠡ 】     ᠨᠢᠭᠡ ᠳᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠢ ᠨᠡᠮᠡᠭᠳᠡᠭᠦᠯᠦᠨ᠂ ᠳᠠᠶᠢᠴᠢᠯᠠᠨ ᠳᠠᠭᠠᠭᠤᠯᠬᠤ ᠦᠢᠯᠡᠳᠦᠯ ᠢᠶᠠᠷ ᠢᠯᠡᠷᠬᠡᠢ ᠲᠠᠷᠢᠮᠠᠯ ᠲᠡᠵᠢᠭᠡᠪᠦᠷᠢ ᠶᠢᠨ ᠦᠢᠯᠡᠰ᠂ ᠣᠢ ᠰᠢᠭᠤᠢ ᠲᠡᠵᠢᠭᠡᠯ ᠡᠪᠡᠰᠦᠨ ᠤ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ᠂ ᠣᠨᠴᠠᠯᠢᠭᠲᠤ ᠭᠠᠷ ᠤᠷᠠᠯᠠᠯ ᠤᠨ ᠦᠢᠯᠡᠰ᠂ ᠰᠡᠯᠡᠭᠦᠴᠡᠯ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ᠵᠠᠬ᠎ᠠ ᠳᠡᠯᠭᠡᠭᠦᠷ ᠲᠠᠢ᠂ ᠨᠡᠷᠡᠲᠦ ᠲᠡᠮᠳᠡᠭ ᠲᠠᠢ᠂ ᠦᠷ᠎ᠡ ᠠᠰᠢᠭ ᠲᠠᠢ ᠣᠨᠴᠠᠯᠢᠭᠲᠤ ᠠᠵᠤ ᠦᠢᠯᠡᠰ ᠢ ᠢᠳᠡᠪᠬᠢᠲᠡᠢ ᠪᠠᠷ ᠪᠤᠶᠢᠵᠢᠭᠤᠯᠬᠤ ᠪᠠ ᠳᠡᠯᠭᠡᠷᠡᠭᠦᠯᠦᠨ᠎ᠡ᠃ ᠶᠠᠳᠠᠭᠤ ᠬᠦᠴᠢᠷᠳᠡᠯᠲᠡᠢ ᠡᠷᠦᠬᠡ ᠶᠢᠨ ᠠᠵᠤ ᠦᠢᠯᠡᠰ ᠢ ᠬᠥᠭᠵᠢᠭᠦᠯᠬᠦ ᠵᠢᠭᠠᠨ ᠵᠢᠯᠣᠭᠤᠳᠤᠭᠴᠢ ᠶᠢᠨ ᠳᠦᠷᠢᠮ ᠢ ᠪᠠᠶᠢᠭᠤᠯᠤᠨ᠂ ᠡᠷᠦᠬᠡ ᠳᠤ ᠬᠦᠷᠴᠦ ᠬᠠᠪᠰᠤᠷᠤᠨ ᠲᠡᠳᠬᠦᠬᠦ ᠺᠠᠳ᠋ᠷ ᠤᠨ ᠡᠭᠦᠷᠭᠡᠯᠡᠬᠦ ᠠᠵᠤ ᠦᠢᠯᠡᠰ ᠤᠨ ᠬᠥᠭᠵᠢᠯᠲᠡ ᠶᠢ ᠵᠢᠭᠠᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠠᠬᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠥᠳᠡᠭᠡ ᠲᠣᠰᠬᠤᠨ ᠤ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢᠴᠭᠠᠨ ᠤ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠤᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠨᠡᠶᠢᠲᠡ ᠶᠢᠨ ᠠᠵᠤ ᠠᠬᠤᠢ ᠨᠢ ᠪᠠᠭᠤᠷᠠᠢ ᠲᠣᠰᠬᠤᠨ ᠢ ᠬᠥᠭᠵᠢᠭᠦᠯᠦᠨ ᠳᠡᠭᠡᠭᠰᠢᠯᠡᠭᠦᠯᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠨᠡᠶᠢᠲᠡ ᠶᠢᠨ ᠡᠬᠢ ᠪᠠᠶᠠᠯᠢᠭ ᠢ ᠭᠦᠢᠯᠭᠡᠭᠡᠨ ᠲᠠᠢ ᠪᠣᠯᠭᠠᠬᠤ᠂ ᠬᠤᠪᠢ ᠣᠷᠣᠬᠤ ᠪᠤᠶᠤ ᠬᠤᠪᠢᠴᠠᠭ᠎ᠠ ᠳᠤ ᠣᠷᠣᠯᠴᠠᠬᠤ᠂ ᠡᠳ᠋ ᠬᠥᠷᠥᠩᠭᠡ ᠶᠢᠨ ᠦᠷ᠎ᠡ ᠠᠰᠢᠭ ᠢ ᠬᠡᠮᠵᠢᠶᠡᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠎ᠡ᠃ ᠬᠤᠶᠠᠷ ᠲᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠦᠨ᠂ ᠠᠵᠢᠯ ᠣᠯᠬᠤ ᠬᠦᠰᠡᠯ ᠡᠷᠡᠮᠡᠯᠵᠡᠯ᠂ ᠠᠵᠢᠯ ᠣᠯᠬᠤ ᠮᠡᠷᠭᠡᠵᠢᠯ ᠴᠢᠳᠠᠪᠤᠷᠢ ᠬᠢᠭᠡᠳ ᠠᠵᠢᠯ ᠣᠯᠬᠤ ᠪᠠᠶᠢᠷᠢ ᠶᠢ ᠲᠦᠢᠯ ᠤᠨ ᠣᠨᠣᠪᠴᠢᠲᠠᠢ ᠪᠠᠷ ᠵᠣᠯᠭᠠᠯᠳᠤᠭᠤᠯᠬᠤ ᠶᠢ ᠠᠬᠢᠭᠤᠯᠵᠤ᠂ ᠬᠥᠳᠡᠯᠮᠦᠷᠢ ᠦᠢᠯᠡᠴᠢᠯᠡᠭᠡ ᠶᠢ ᠵᠣᠬᠢᠶᠠᠨ ᠪᠠᠶᠢᠭᠤᠯᠤᠯᠲᠠ ᠶᠢᠨ ᠪᠣᠯᠭᠠᠬᠤ ᠬᠡᠮᠵᠢᠶ᠎ᠡ ᠪᠠ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠮᠢ ᠠᠬᠤᠢ ᠶᠢᠨ ᠨᠥᠬᠦᠷᠰᠡᠭ ᠬᠡᠯᠪᠡᠷᠢ ᠪᠠ ᠬᠥᠳᠡᠯᠮᠦᠷᠢ ᠬᠥᠴᠥ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠂ ᠠᠵᠢᠯ ᠤᠨ ᠪᠠᠶᠢᠷᠢ ᠶᠢᠨ ᠨᠡᠮᠡᠭᠦᠷᠢ᠂ ᠲᠠᠯᠠᠪᠤᠷ ᠲᠦᠷᠢᠶᠡᠰᠦᠯᠡᠬᠦ ᠨᠡᠮᠡᠭᠦᠷᠢ᠂ ᠵᠢᠭᠡᠯᠡᠯᠭᠡ ᠶᠢᠨ ᠳᠡᠮᠵᠢᠯᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠢ ᠬᠥᠳᠡᠭᠡ ᠲᠣᠰᠬᠤᠨ ᠳᠤ ᠨᠢᠭᠡ ᠪᠦᠯᠦᠭ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠬᠥᠭᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠥᠳᠡᠯᠮᠦᠷᠢ ᠬᠦᠴᠦᠨ ᠢ ᠰᠢᠩᠭᠡᠭᠡᠨ ᠠᠪᠴᠤ ᠣᠶᠢᠷ᠎ᠠ ᠬᠠᠪᠢ ᠳᠤ ᠠᠵᠢᠯ ᠣᠯᠭᠤᠬᠤ ᠶᠢ ᠲᠡᠳᠬᠦᠨ ᠳᠡᠮᠵᠢᠨ᠎ᠡ᠃ ᠭᠤᠷᠪᠠ ᠳᠤ᠂ ᠣᠨᠳᠣᠣ ᠭᠠᠵᠠᠷ ᠲᠤ ᠶᠠᠳᠠᠭᠤ ᠶᠢ ᠲᠡᠳᠬᠦᠨ ᠨᠡᠭᠦᠯᠭᠡᠬᠦ ᠶᠢ ᠭᠦᠨᠵᠡᠭᠡᠢ ᠠᠬᠢᠭᠤᠯᠤᠨ᠎ᠠ᠃ ᠤᠯᠤᠰ ᠤᠨ ᠣᠨᠳᠣᠣ ᠭᠠᠵᠠᠷ ᠲᠤ ᠶᠠᠳᠠᠭᠤ ᠶᠢ ᠲᠡᠳᠬᠦᠨ ᠨᠡᠭᠦᠯᠭᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠵᠢᠷᠤᠮᠵᠢᠯ ᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠬᠤ ᠲᠠᠢ ᠤᠶᠠᠯᠳᠤᠭᠤᠯᠵᠤ᠂ ᠲᠥᠪᠯᠡᠷᠡᠭᠦᠯᠦᠨ ᠲᠣᠬᠢᠷᠠᠭᠤᠯᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠠᠬᠠᠢ ᠪᠤᠲᠠᠷᠬᠠᠢ ᠪᠠᠷ ᠲᠣᠬᠢᠷᠠᠭᠤᠯᠬᠤ ᠶᠢ ᠲᠣᠭᠲᠠᠭᠤᠨ ᠢᠶᠠᠷ ᠠᠬᠢᠭᠤᠯᠬᠤ ᠶᠢᠨ ᠬᠠᠮᠲᠤ ᠮᠥᠷᠳᠡᠨ ᠬᠢᠨᠠᠨ ᠬᠠᠮᠢᠶᠠᠷᠴᠤ᠂ ᠲᠣᠬᠢᠷᠠᠭᠤᠯᠬᠤ ᠣᠷᠣᠨ ᠤ ᠲᠥᠬᠦᠷ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠪᠠ ᠥᠪᠡᠰᠦᠪᠡᠨ ᠪᠡᠯᠡ ᠮᠥᠩᠭᠦ ᠬᠤᠷᠠᠮᠳᠤᠭᠤᠯᠬᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠶᠠᠳᠠᠭᠤ ᠶᠢ ᠲᠡᠳᠬᠦᠬᠦ ᠪᠠ ᠪᠠᠲᠤᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ᠂ ᠨᠢᠭᠡ ᠡᠷᠦᠬᠡ ᠶᠢ ᠨᠡᠭᠦᠯᠭᠡᠪᠡᠯ᠂ ᠨᠢᠭᠡ ᠡᠷᠦᠬᠡ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠎ᠠ᠃ ᠬᠢᠯᠢ ᠬᠢᠵᠠᠭᠠᠷ ᠤᠨ ᠮᠤᠵᠢ ᠣᠷᠣᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠬᠥᠲᠥᠯᠥᠨ ᠵᠢᠯᠣᠭᠤᠳᠴᠤ ᠪᠠᠶᠢᠭᠠᠳ ᠬᠢᠯᠢ ᠬᠢᠵᠠᠭᠠᠷ ᠤᠨ ᠨᠢᠭᠡᠳᠦᠭᠡᠷ ᠹᠷᠣᠨᠲ ᠤᠨ ᠲᠣᠰᠬᠤᠨ ᠪᠠᠯᠭᠠᠰᠤ ᠲᠡᠶᠢᠰᠢ ᠲᠣᠬᠢᠷᠠᠭᠤᠯᠵᠤ᠂ ᠳᠣᠲᠣᠷ ᠭᠠᠵᠠᠷ ᠤᠨ ᠮᠤᠵᠢ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠬᠢᠯᠢ ᠬᠢᠵᠠᠭᠠᠷ ᠤᠨ ᠨᠢᠭᠡᠳᠦᠭᠡᠷ ᠹᠷᠣᠨᠲ ᠤᠨ ᠭᠠᠵᠠᠷ ᠣᠷᠣᠨ ᠲᠡᠶᠢᠰᠢ ᠮᠤᠵᠢ ᠠᠯᠤᠰᠯᠠᠭᠤᠯᠤᠨ ᠨᠡᠭᠦᠯᠭᠡᠬᠦ ᠰᠢᠨ᠎ᠡ ᠲᠣᠭᠲᠠᠴᠠ ᠶᠢ ᠰᠦᠪᠡᠭᠴᠢᠯᠡᠨ᠎ᠡ᠃ ᠳᠥᠷᠪᠡ ᠳᠤ᠂ ᠠᠮᠢ ᠠᠬᠤᠢ ᠪᠠᠷ ᠶᠠᠳᠠᠭᠤ ᠶᠢ ᠲᠡᠳᠬᠦᠬᠦ ᠶᠢ ᠴᠢᠩᠭᠠᠳᠬᠠᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ ᠲᠣᠭᠲᠠᠴᠠ ᠳᠤ ᠰᠢᠨ᠎ᠡ ᠶᠢ ᠡᠭᠦᠳᠦᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠮᠢ ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢ ᠰᠠᠶᠢᠵᠢᠷᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠬᠤᠣᠰ ᠢᠯᠠᠯᠲᠠ ᠶᠢ ᠪᠡᠶᠡᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠪᠠᠶᠢᠭᠠᠯᠢᠯᠢᠭ ᠣᠢ ᠶᠢ ᠬᠠᠮᠠᠭᠠᠯᠠᠬᠤ ᠢᠨᠵᠧᠨᠧᠷᠢᠩ ᠤᠨ ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠪᠠᠶᠢᠭᠠᠯᠢᠯᠢᠭ ᠣᠢ᠂ ᠨᠡᠶᠢᠲᠡ ᠶᠢᠨ ᠠᠰᠠᠷᠠᠮᠵᠢ ᠶᠢᠨ ᠣᠢ ᠶᠢ ᠨᠠᠶᠢᠳᠠᠨ ᠬᠠᠮᠢᠶᠠᠷᠤᠭᠤᠯᠬᠤ ᠶᠢ ᠰᠦᠪᠡᠭᠴᠢᠯᠡᠨ᠂ ︽ᠬᠤᠷᠰᠢᠶᠠᠵᠢᠯ + ᠬᠠᠮᠢᠶᠠᠷᠤᠯᠲᠠ ᠬᠠᠮᠠᠭᠠᠯᠠᠯᠲᠠ + ᠶᠠᠳᠠᠭᠤ ᠬᠦᠴᠢᠷᠳᠡᠯᠲᠡᠢ ᠡᠷᠦᠬᠡ︾ ᠶᠢᠨ ᠵᠠᠭᠪᠤᠷ ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠢᠩᠭᠡᠭᠡᠨ ᠠᠪᠴᠤ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠭᠤᠯᠤᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ ᠲᠤᠰᠬᠠᠶᠢᠵᠢᠭᠰᠠᠨ ᠬᠤᠷᠰᠢᠶᠠᠵᠢᠯ ︵ᠠᠩᠭᠢ︶ ᠢ ᠪᠠᠶᠢᠭᠤᠯᠤᠨ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠢᠩᠭᠡᠭᠡᠨ ᠠᠪᠴᠤ ᠡᠯᠡᠰᠦ ᠶᠢ ᠰᠡᠷᠭᠡᠶᠢᠯᠡᠨ ᠵᠠᠰᠠᠬᠤ᠂ ᠴᠢᠯᠠᠭᠤᠷᠬᠠᠭᠵᠢᠯᠲᠠ ᠶᠢ ᠵᠠᠰᠠᠬᠤ᠂ ᠰᠡᠷᠭᠡᠶᠢᠯᠡᠯᠲᠡ ᠶᠢᠨ ᠣᠢ ᠶᠢ ᠪᠠᠶᠢᠭᠤᠯᠬᠤ ᠪᠠ ᠨᠥᠭᠡᠴᠡ ᠣᠢ ᠶᠢᠨ ᠪᠠᠶᠢᠭᠤᠯᠤᠯᠲᠠ ᠳᠤ ᠣᠷᠣᠯᠴᠠᠭᠤᠯᠤᠨ᠎ᠠ ᠲᠠᠪᠤ ᠳᠤ᠂ ᠰᠤᠷᠭᠠᠨ ᠬᠥᠮᠥᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠥᠵᠢᠯ ᠢ ᠪᠠᠲᠤᠯᠠᠬᠤ ᠪᠠᠷ ᠭᠤᠣᠯ ᠪᠣᠯᠭᠠᠨ᠂ ᠰᠤᠷᠭᠠᠨ ᠬᠥᠮᠥᠵᠢᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠶᠠᠳᠠᠭᠤ ᠬᠦᠴᠢᠷᠳᠡᠯᠲᠡᠢ ᠭᠠᠵᠠᠷ ᠣᠷᠣᠨ ᠣᠨᠴᠠᠭᠠᠶᠢᠯᠠᠨ ᠤᠷᠲᠤ ᠬᠤᠭᠤᠴᠠᠭ᠎ᠠ ᠪᠠᠷ ᠶᠠᠳᠠᠭᠤ ᠬᠦᠴᠢᠷᠳᠡᠯᠲᠡᠢ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠤᠯᠭ᠎ᠠ ᠪᠠᠨ ᠲᠠᠰᠤᠯᠬᠤ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠤᠯᠭ᠎ᠠ ᠪᠠᠨ ᠲᠠᠰᠤᠯᠬᠤ ᠶᠢ ᠡᠵᠡᠮᠳᠡᠨ ᠰᠤᠷᠤᠯᠭ᠎ᠠ ᠶᠢ ᠪᠠᠲᠤᠯᠠᠬᠤ ᠶᠢ ᠬᠤᠯᠪᠣᠭᠠᠯᠠᠨ ᠪᠠᠲᠤᠯᠠᠵᠤ ᠬᠤᠯᠪᠣᠭᠠᠯᠠᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠷᠠᠭᠤᠯᠤᠨ᠂ ᠰᠤᠷᠤᠯᠭ᠎ᠠ ᠪᠠᠨ ᠲᠠᠰᠤᠯᠬᠤ ᠶᠠᠪᠤᠳᠠᠯ ᠢᠯᠡᠭᠦᠦ ᠡᠭᠦᠰᠬᠦ ᠣᠷᠣᠨ ᠳᠤ ︽ᠨᠢᠭᠡ ᠰᠢᠶᠠᠨ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾ ᠠᠵᠢᠯ ᠤᠨ ᠲᠥᠰᠥᠯ ᠢ ᠲᠣᠭᠲᠠᠭᠠᠵᠤ᠂ ᠶᠠᠳᠠᠭᠤ ᠬᠦᠴᠢᠷᠳᠡᠯᠲᠡᠢ ᠰᠤᠷᠤᠭᠴᠢᠳ ᠤᠨ ᠡᠬᠡ ᠳᠠᠩᠰᠠ ᠶᠢ ᠪᠠᠶᠢᠭᠤᠯᠤᠨ ᠰᠤᠷᠤᠯᠭ᠎ᠠ ᠪᠠᠨ ᠲᠠᠰᠤᠯᠬᠤ ᠶᠢ ᠲᠦᠢᠯ ᠤᠨ ᠣᠨᠣᠪᠴᠢᠲᠠᠢ ᠪᠠᠷ ᠡᠵᠡᠮᠳᠡᠬᠦ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠨᠠᠰᠤᠨ ᠳᠤ ᠬᠦᠷᠦᠭᠰᠡᠨ ᠰᠤᠷᠤᠭᠴᠢᠳ ᠤᠨ ᠶᠠᠳᠠᠭᠤ ᠬᠦᠴᠢᠷᠳᠡᠯᠲᠡᠢ ᠠᠴᠠ ᠪᠣᠯᠵᠤ ᠰᠤᠷᠤᠯᠭ᠎ᠠ ᠪᠠᠨ ᠠᠯᠳᠠᠵᠤ ᠰᠤᠷᠤᠯᠭ᠎ᠠ ᠪᠠᠨ ᠲᠠᠰᠤᠯᠬᠤ ᠦᠭᠡᠢ ᠶᠢ ᠪᠠᠲᠤᠯᠠᠨ᠎ᠠ᠃ ᠵᠢᠷᠭᠤᠭ᠎ᠠ ᠳᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠬᠦᠴᠢᠷᠳᠡᠯᠲᠡᠢ ᠬᠥᠮᠥᠨ ᠠᠮᠠ ᠪᠦᠬᠦᠨ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠡᠳ᠋ ᠤᠨ ᠵᠠᠰᠠᠭ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠡᠮᠴᠢᠯᠡᠭᠡ ᠶᠢᠨ ᠲᠡᠩᠬᠡᠷᠡᠭᠦᠯᠦᠨ ᠲᠤᠰᠠᠯᠠᠬᠤ ᠶᠢ ᠬᠡᠷᠡᠭᠵᠢᠭᠦᠯᠦᠨ᠎ᠡ᠃ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠡᠪᠡᠳᠴᠢᠨ ᠢᠶᠠᠨ ᠦᠵᠡᠭᠦᠯᠬᠦ ᠡᠭᠦᠷᠭᠡᠯᠡᠯ ᠳᠠᠷᠤᠭᠠᠰᠤ ᠶᠢ ᠦᠨᠡᠨ ᠬᠦ ᠬᠥᠩᠭᠡᠯᠡᠨ᠂ ᠰᠦᠢᠳᠬᠡᠯ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ᠂ ᠡᠮᠨᠡᠨ ᠵᠠᠰᠠᠬᠤ ᠲᠥᠰᠥᠯ ᠢ ᠲᠣᠭᠲᠠᠭᠠᠬᠤ᠂ ᠳᠠᠩ ᠭᠠᠭᠴᠠ ᠡᠪᠡᠳᠴᠢᠨ ᠤ ᠵᠦᠢᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ᠂ ᠰᠢᠯᠵᠢᠭᠦᠯᠦᠨ ᠡᠮᠨᠡᠬᠦ ᠪᠠ ᠲᠥᠪᠯᠡᠷᠡᠭᠦᠯᠵᠦ ᠴᠡᠭ ᠲᠣᠭᠲᠠᠭᠠᠨ ᠡᠮᠨᠡᠨ ᠠᠪᠤᠷᠠᠬᠤ ᠶᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠠᠴᠠ ᠣᠯᠭᠤᠭᠰᠠᠨ ᠤ ᠳᠠᠷᠠᠭ᠎ᠠ ᠥᠪᠡᠰᠦᠪᠡᠨ ᠡᠭᠦᠷᠭᠡᠯᠡᠬᠦ ᠰᠦᠢᠳᠬᠡᠯ ᠳᠤ ᠪᠠᠨ ᠮᠥᠨ ᠬᠦ ᠬᠦᠴᠢᠷᠳᠡᠵᠦ ᠪᠠᠶᠢᠭ᠎ᠠ ᠡᠪᠡᠳᠴᠢᠲᠡᠨ ᠳᠤ᠂ ᠡᠮᠴᠢᠯᠡᠵᠦ ᠲᠡᠩᠬᠡᠷᠡᠭᠦᠯᠦᠨ ᠲᠤᠰᠠᠯᠠᠬᠤ ᠪᠠ ᠪᠤᠰᠤᠳ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠳᠣᠯᠤᠭ᠎ᠠ ᠳᠤ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ ᠠᠬᠢᠭᠤᠯᠤᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠷᠴᠢᠮ ᠢ ᠦᠨᠳᠦᠰᠦᠯᠡᠨ᠂ ᠥᠪᠡᠷ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠤᠷᠠᠬᠤ ᠠᠶᠤᠯᠲᠠᠢ ᠭᠡᠷ ᠪᠠᠶᠢᠰᠢᠩ ᠢ ᠬᠢᠨᠠᠨ ᠲᠣᠭᠲᠠᠭᠠᠬᠤ ᠳᠥᠭᠦᠮ ᠪᠥᠭᠡᠳ ᠬᠡᠷᠡᠭᠵᠢᠭᠦᠯᠬᠦ ᠳᠤ ᠠᠮᠠᠷᠬᠠᠨ ᠠᠯᠬᠤᠮ ᠳᠠᠷᠠᠭᠠᠯᠠᠯ ᠢ ᠳᠡᠯᠭᠡᠷᠡᠭᠦᠯᠵᠦ᠂ ᠥᠭᠡᠷᠡᠴᠢᠯᠡᠨ ᠰᠢᠨᠡᠳᠬᠡᠬᠦ ᠡᠲᠡᠭᠡᠳ ᠢ ᠨᠤᠲᠠᠯᠠᠨ ᠲᠣᠭᠲᠠᠭᠠᠬᠤ ᠠᠯᠬᠤᠮ ᠳᠠᠷᠠᠭᠠᠯᠠᠯ ᠢ ᠵᠢᠷᠤᠮᠵᠢᠭᠤᠯᠤᠨ᠂ ᠨᠤᠷᠠᠬᠤ ᠠᠶᠤᠯᠲᠠᠢ ᠭᠡᠷ ᠪᠠᠶᠢᠰᠢᠩ ᠤᠨ ᠡᠬᠡ ᠳᠠᠩᠰᠠ ᠶᠢ ᠪᠠᠶᠢᠭᠤᠯᠬᠤ ᠶᠢᠨ ᠬᠠᠮᠲᠤ ᠲᠦᠢᠯ ᠤᠨ ᠣᠨᠣᠪᠴᠢᠲᠠᠢ ᠪᠠᠷ ᠬᠠᠮᠢᠶᠠᠷᠬᠤ ᠶᠢ ᠬᠡᠷᠡᠭᠵᠢᠭᠦᠯᠵᠦ᠂ ᠨᠢᠭᠡ ᠡᠷᠦᠬᠡ ᠶᠢ ᠥᠭᠡᠷᠡᠴᠢᠯᠡᠨ ᠰᠢᠨᠡᠳᠬᠡᠪᠡᠯ᠂ ᠨᠢᠭᠡ ᠡᠷᠦᠬᠡ ᠶᠢᠨ ᠳᠠᠩᠰᠠ ᠡᠪᠬᠡᠮᠡᠯ ᠢ ᠬᠦᠴᠦᠨ ᠦᠭᠡᠢ ᠪᠣᠯᠭᠠᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠵᠡᠷᠭᠡ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃ ᠨᠠᠢᠮᠠ ᠳᠤ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠨᠠᠷᠲᠠᠢ ᠪᠠᠷ ᠶᠠᠳᠠᠭᠤ ᠶᠢ ᠲᠡᠳᠬᠦᠬᠦ ᠶᠢ ᠴᠢᠩᠭᠠᠷᠠᠭᠤᠯᠤᠨ᠎ᠠ᠃ ᠡᠯ᠎ᠡ ᠲᠥᠷᠥᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠲᠡᠩᠬᠡᠷᠡᠭᠦᠯᠦᠯ ᠲᠤᠰᠠᠯᠠᠮᠵᠢ᠂ ᠨᠡᠶᠢᠭᠡᠮ ᠤᠨ ᠠᠰᠠᠷᠠᠮᠵᠢ ᠶᠢᠨ ᠳᠦᠷᠢᠮ ᠢᠶᠠᠷ ᠭᠤᠣᠯ ᠴᠣᠭᠴᠠ ᠪᠣᠯᠭᠠᠵᠤ ᠂ ᠨᠡᠶᠢᠭᠡᠮ ᠤᠨ ᠬᠠᠪᠰᠤᠷᠤᠮᠵᠢ ᠲᠡᠳᠬᠦᠮᠵᠢ᠂ ᠨᠡᠶᠢᠭᠡᠮ ᠤᠨ ᠠᠵᠢᠯᠲᠠᠳ ᠤᠨ ᠲᠤᠰᠠᠯᠠᠮᠵᠢ ᠪᠠᠷ ᠬᠠᠪᠰᠤᠷᠤᠮᠵᠢ ᠪᠣᠯᠭᠠᠭᠰᠠᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮᠵᠢ ᠨᠢ᠂ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠥᠳᠡᠯᠮᠦᠷᠢᠯᠡᠬᠦ ᠴᠢᠳᠠᠪᠤᠷᠢ ᠪᠠᠨ ᠬᠡᠰᠡᠭ ᠬᠡᠮᠵᠢᠶ᠎ᠡ ᠪᠠᠷ ᠠᠯᠳᠠᠭᠰᠠᠨ ᠮᠥᠷᠲᠡᠭᠡᠨ ᠠᠵᠤ ᠦᠢᠯᠡᠰ ᠲᠤ ᠠᠵᠢᠯ ᠣᠯᠭᠤᠬᠤ ᠳᠤ ᠲᠦᠰᠢᠭᠯᠡᠨ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠶᠢᠨ ᠠᠷᠭ᠎ᠠ ᠦᠭᠡᠢ ᠶᠠᠳᠠᠭᠤ ᠬᠦᠴᠢᠷᠳᠡᠯᠲᠡᠢ ᠬᠥᠮᠥᠨ ᠠᠮᠠ ᠳᠤ ᠳᠠᠭᠠᠭᠠᠨ ᠪᠠᠲᠤᠯᠠᠬᠤ ᠪᠠᠲᠤᠯᠠᠭ᠎ᠠ ᠬᠠᠩᠭᠠᠨ᠎ᠠ᠃ ᠶᠢᠰᠦ ᠳᠤ᠂ ᠶᠠᠳᠠᠭᠤ ᠬᠦᠴᠢᠷᠳᠡᠯᠲᠡᠢ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠭᠰᠡᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠵᠡᠮᠳᠡᠭᠴᠦᠳ ᠢ ᠬᠥᠳᠡᠭᠡ ᠲᠣᠰᠬᠤᠨ ᠤ ᠳᠣᠣᠷ᠎ᠠ ᠪᠠᠲᠤᠯᠠᠭ᠎ᠠ ᠪᠠ ᠬᠤᠲᠠ ᠬᠥᠳᠡᠭᠡ ᠶᠢᠨ ᠡᠮᠴᠢᠯᠡᠭᠡ ᠶᠢᠨ ᠲᠡᠩᠬᠡᠷᠡᠭᠦᠯᠦᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠪᠦᠬᠦᠯᠢ 16 ᠨᠠᠰᠤᠨ ᠠᠴᠠ ᠳᠡᠭᠡᠭᠰᠢᠬᠢ ᠤᠷᠲᠤ ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠲᠠᠢ ᠶᠠᠳᠠᠭᠤ ᠬᠦᠴᠢᠷᠳᠡᠯᠲᠡᠢ ᠬᠦᠨᠳᠦ ᠵᠡᠮᠳᠡᠭᠴᠦᠳ ᠲᠤ᠂ ᠣᠨᠴᠠ ᠬᠦᠴᠢᠷᠳᠡᠯᠲᠡᠢ ᠬᠥᠮᠥᠰ ᠤᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠭᠰᠡᠨ ᠪᠣᠯ ᠣᠨᠴᠠ ᠬᠦᠴᠢᠷᠳᠡᠯᠲᠡᠢ ᠬᠥᠮᠥᠰ ᠤᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠨ᠎ᠠ ︔ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠦᠭᠡᠢ ᠪᠣᠯ᠂ ᠣᠷᠣᠨ ᠨᠤᠲᠤᠭ ᠠᠴᠠ ᠵᠠᠰᠠᠭ ᠤᠨ ᠣᠷᠳᠣᠨ ᠤ ᠨᠡᠮᠡᠭᠦᠷᠢ ᠥᠭᠬᠦ᠂ ᠦᠢᠯᠡᠴᠢᠯᠡᠭᠡ ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠲᠥᠪᠯᠡᠷᠡᠭᠦᠯᠵᠦ ᠨᠠᠶᠢᠳᠠᠨ ᠠᠰᠠᠷᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠢ ᠬᠦᠨᠳᠦ ᠵᠡᠮᠳᠡᠭᠴᠦᠳ ᠲᠤ ᠲᠥᠪᠯᠡᠷᠡᠭᠦᠯᠵᠦ ᠠᠰᠠᠷᠠᠨ ᠬᠠᠷᠠᠭᠠᠯᠵᠠᠬᠤ ᠪᠤᠶᠤ ᠡᠳᠦᠷ ᠢᠶᠠᠷ ᠠᠰᠠᠷᠠᠨ ᠬᠠᠷᠠᠭᠠᠯᠵᠠᠬᠤ᠂ ᠬᠥᠷᠰᠢ ᠵᠡᠷᠭᠡᠯᠡᠳᠡᠭᠡ ᠪᠠᠷ ᠨᠢ ᠠᠰᠠᠷᠠᠨ ᠬᠠᠷᠠᠭᠠᠯᠵᠠᠭᠤᠯᠬᠤ ᠦᠢᠯᠡᠴᠢᠯᠡᠭᠡ ᠬᠠᠩᠭᠠᠨ᠎ᠠ᠃ ᠠᠷᠪᠠ ᠳᠤ᠂ ᠶᠠᠳᠠᠭᠤ ᠶᠢ ᠲᠡᠳᠬᠦᠵᠦ ᠣᠶᠣᠨ ᠰᠠᠨᠠᠭ᠎ᠠ ᠶᠢ ᠨᠢ ᠲᠡᠳᠬᠦᠬᠦ ᠠᠵᠢᠯᠯᠠᠭ᠎ᠠ ᠶᠢ ᠥᠷᠨᠢᠭᠦᠯᠦᠨ᠎ᠡ᠃ ᠬᠥᠮᠥᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠣᠶᠣᠨ ᠰᠠᠨᠠᠭ᠎ᠠ ᠶᠢ ᠨᠢ ᠲᠡᠳᠬᠦᠨ ᠬᠥᠮᠥᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ︽ᠲᠠᠷᠢᠶᠠᠴᠢᠨ ᠤ ᠣᠷᠣᠢ ᠶᠢᠨ ᠰᠤᠷᠭᠠᠭᠤᠯᠢ︾᠂ ︽ᠶᠠᠷᠢᠵᠤ ᠲᠠᠶᠢᠯᠪᠤᠷᠢᠯᠠᠬᠤ ᠭᠠᠵᠠᠷ︾ ᠵᠡᠷᠭᠡ ᠶᠢ ᠡᠭᠦᠳᠦᠨ ᠡᠷᠬᠢᠯᠡᠵᠦ᠂ ᠦᠵᠡᠯ ᠰᠠᠨᠠᠭ᠎ᠠ᠂ ᠰᠣᠶᠣᠯ᠂ ᠶᠣᠰᠣ ᠰᠤᠷᠲᠠᠬᠤᠨ᠂ ᠬᠠᠤᠯᠢ ᠴᠠᠭᠠᠵᠠ᠂ ᠠᠴᠢ ᠬᠠᠷᠢᠭᠤᠯᠠᠬᠤ ᠬᠥᠮᠥᠵᠢᠯ ᠢ ᠴᠢᠩᠭᠠᠳᠬᠠᠨ᠂ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠬᠠᠶᠢᠷᠠᠯᠠᠬᠤ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠪᠠᠷ ᠵᠠᠯᠬᠠᠭᠤ ᠬᠥᠮᠥᠰ ᠢ ᠲᠡᠵᠢᠭᠡᠬᠦ᠂ ᠬᠥᠳᠡᠯᠮᠦᠷᠢᠯᠡᠬᠦ ᠦᠭᠡᠢ ᠪᠠᠷ ᠣᠯᠬᠤ ᠪᠠ ︽ᠬᠦᠯᠢᠶᠡᠬᠦ ᠲᠦᠰᠢᠭᠯᠡᠬᠦ ᠠᠪᠬᠤ︾ ᠵᠡᠷᠭᠡ ᠡᠷᠡᠭᠦᠯ ᠪᠤᠰᠤ ᠵᠠᠩ ᠵᠠᠩᠰᠢᠯ ᠢ ᠰᠡᠷᠭᠡᠶᠢᠯᠡᠨ ᠬᠤᠷᠢᠭᠯᠠᠨ᠎ᠠ᠃ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠨᠡᠩ ᠣᠯᠠᠨ ᠶᠠᠳᠠᠭᠤ ᠬᠦᠴᠢᠷᠳᠡᠯᠲᠡᠢ ᠣᠯᠠᠨ ᠲᠦᠮᠡᠨ ᠢ ᠳᠠᠶᠢᠴᠢᠯᠠᠨ ᠠᠵᠢᠯ ᠬᠥᠳᠡᠯᠮᠦᠷᠢ ᠳᠤ ᠣᠷᠣᠯᠴᠠᠭᠤᠯᠤᠨ᠎ᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号