︽︿ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ﹀ ᠶᠢ ᠨᠡᠶᠢᠲᠡᠯᠡᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2020/6/8
          ᠭᠠᠶᠢᠯᠢ ᠲᠤᠰᠢᠶᠠᠭᠴᠢᠳ ᠪᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠣᠶᠢᠯᠠᠭᠠᠨ ᠬᠡᠷᠡᠭᠵᠢᠭᠦᠯᠬᠦ ᠳᠤ ᠳᠥᠭᠦᠮ ᠤᠨ ᠲᠤᠰᠠᠳᠠ᠂ ᠣᠳᠣ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢᠨ ᠠᠭᠤᠯᠭ᠎ᠠ ᠶᠢᠨ ᠲᠠᠶᠢᠯᠤᠮᠵᠢ ᠨᠢ ᠲᠣᠣᠷᠠᠬᠢ ᠮᠡᠲᠦ᠄ ᠨᠢᠭᠡ᠂ ︽ᠠᠷᠭ᠎ᠠ︾ ᠶᠢ ᠲᠣᠭᠲᠠᠭᠠᠨ ᠲᠠᠷᠬᠠᠭᠠᠭᠰᠠᠨ ᠠᠵᠤ ᠪᠠᠶᠢᠳᠠᠯ      ᠶᠡᠷᠦᠩᠬᠡᠢ ᠱᠦᠵᠢ ᠰᠢ ᠶᠢᠨ ᠫᠢᠩ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ︾ ᠠᠵᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠶᠡᠷᠦᠩᠬᠡᠢ ᠰᠠᠶᠢᠳ ᠯᠢ ᠺᠧ ᠴᠢᠶᠠᠩ 2018 ᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠲᠧᠯᠸᠢᠰ ᠤᠨ ᠬᠤᠷᠠᠯ ᠳᠡᠭᠡᠷ᠎ᠡ ︽ᠢᠲᠡᠭᠡᠮᠵᠢ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠯᠲᠠᠨ ᠲᠦᠯᠬᠢᠭᠦᠷ ᠮᠥᠨ︾ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠬᠦᠨᠳᠦ ᠨᠣᠴᠢᠲᠠᠢ ᠦᠢᠯᠡ ᠠᠵᠢᠯᠯᠠᠭ᠎ᠠ ᠳᠤ ᠪᠦᠲᠦᠮᠵᠢᠲᠡᠢ ᠴᠣᠬᠢᠯᠲᠠ ᠥᠭᠴᠦ᠂ ᠭᠠᠶᠢᠯᠢ ᠶᠢᠨ ᠬᠠᠤᠯᠢ ᠶᠢᠨ ᠵᠢᠷᠤᠮᠯᠠᠨ ᠳᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠤᠰᠠᠳᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ 2015 ᠣᠨ ᠤ 24 ᠳ᠋ᠦ᠋ᠭᠡᠷ ᠲᠣᠭᠠᠲᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ 2018 ᠣᠨ ᠤ 31 ᠳ᠋ᠦ᠋ᠭᠡᠷ ᠲᠣᠭᠠᠲᠤ ᠳᠤ ᠵᠠᠰᠠᠪᠤᠷᠢ ᠣᠷᠣᠭᠤᠯᠪᠠ᠂ ᠳᠣᠷᠣᠭᠰᠢ ︽ᠤᠤᠯ ᠤᠨ ᠠᠷᠭ᠎ᠠ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠵᠤ᠂ ᠲᠤᠰ ︽ᠠᠷᠭ᠎ᠠ︾ ᠶᠢ ᠲᠣᠭᠲᠠᠭᠠᠵᠠᠢ᠃ ᠬᠤᠶᠠᠷ᠂ ᠵᠠᠰᠠᠨ ᠥᠭᠡᠷᠡᠴᠢᠯᠡᠭᠰᠡᠨ ᠭᠤᠣᠯ ᠠᠭᠤᠯᠭ᠎ᠠ       ︽ᠠᠷᠭ᠎ᠠ︾ ᠳᠤ ᠬᠡᠷᠡᠭ ᠤᠨ ᠨᠡᠶᠢᠲᠡᠯᠡᠬᠦ ᠪᠠᠷᠢᠮᠵᠢᠶ᠎ᠠ᠂ ᠮᠡᠳᠡᠭᠡ ᠵᠠᠩᠭᠢ ᠶᠢᠨ ᠨᠡᠶᠢᠲᠡᠯᠡᠬᠦ ᠠᠭᠤᠯᠭ᠎ᠠ᠂ ᠢᠲᠡᠭᠡᠮᠵᠢ ᠶᠢ ᠵᠠᠰᠠᠨ ᠰᠡᠷᠭᠦᠭᠡᠬᠦ᠂ ᠬᠡᠷᠡᠭ ᠢ ᠡᠭᠡᠭᠦᠯᠦᠨ ᠪᠤᠴᠠᠭᠠᠬᠤ ᠵᠡᠷᠭᠡ ᠳᠤ ᠵᠠᠰᠠᠯᠲᠠ ᠥᠭᠡᠷᠡᠴᠢᠯᠡᠯᠲᠡ ᠬᠢᠪᠡ᠃ ᠣᠳᠣ ᠵᠠᠰᠠᠨ ᠥᠭᠡᠷᠡᠴᠢᠯᠡᠭᠰᠡᠨ ᠭᠤᠣᠯ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠣᠳᠣᠷᠬᠠᠶᠢᠯᠠᠯᠲᠠ ᠬᠢᠪᠡ᠄     ︵ᠨᠢᠭᠡ︶ ᠨᠡᠷᠡᠶᠢᠳᠦᠯ ᠤᠨ ᠲᠤᠬᠠᠢ ᠵᠠᠰᠠᠯᠲᠠ ᠥᠭᠡᠷᠡᠴᠢᠯᠡᠯᠲᠡ      ︽ᠠᠷᠭ᠎ᠠ︾ ᠳᠤ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠴᠢᠬᠤᠯᠠ ᠶᠡᠭᠡ ᠬᠡᠷᠡᠭ︾ ᠭᠡᠳᠡᠭ ᠢ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ︾ ᠭᠡᠵᠦ ᠵᠠᠰᠠᠨ ᠥᠭᠡᠷᠡᠴᠢᠯᠡᠪᠡ᠃ ᠭᠤᠣᠯᠳᠠᠭᠤ ᠲᠤᠰ ︽ᠠᠷᠭ᠎ᠠ︾ ᠪᠣᠯ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠳᠤ ᠵᠠᠯᠬᠠᠭᠠᠯ ᠴᠡᠭᠡᠷᠯᠡᠯ ᠶᠠᠪᠤᠭᠤᠯᠬᠤ ᠴᠢᠬᠤᠯᠠ ᠳᠦᠷᠢᠮ ᠪᠣᠯᠬᠤ ᠶᠢ ᠪᠣᠳᠣᠯᠬᠢᠯᠠᠵᠤ᠂ ︽ᠢᠲᠡᠭᠡᠮᠵᠢ ᠠᠯᠳᠠᠬᠤ︾ ᠭᠡᠬᠦ ᠬᠤᠶᠠᠷ ᠦᠰᠦᠭ ᠢ ᠨᠡᠮᠡᠬᠦ ᠨᠢ ᠡᠨᠡ ᠬᠦ ᠣᠨᠴᠠᠯᠢᠭ ᠢ ᠨᠡᠩ ᠰᠠᠶᠢᠲᠤᠷ ᠢᠯᠡᠷᠡᠭᠦᠯᠵᠦ ᠴᠢᠳᠠᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠨ ︽ᠬᠠᠷ᠎ᠠ ᠳᠠᠩᠰᠠ︾ ᠶᠢᠨ ᠳᠦᠷᠢᠮ ᠳᠤ ︽ᠢᠲᠡᠭᠡᠮᠵᠢ ᠠᠯᠳᠠᠭᠰᠠᠨ︾ ᠭᠡᠬᠦ ᠥᠭᠦᠯᠡᠯᠲᠡ ᠶᠢ ᠢᠯᠡᠭᠦᠬᠡᠨ ᠬᠡᠷᠡᠭᠯᠡᠭᠰᠡᠨ ᠠᠴᠠ᠂ ᠵᠠᠰᠠᠨ ᠥᠭᠡᠷᠡᠴᠢᠯᠡᠭᠰᠡᠨ ᠤ ᠳᠠᠷᠠᠭ᠎ᠠ ᠨᠡᠩ ᠨᠢᠭᠡᠳᠦᠯᠲᠡᠢ ᠪᠣᠯᠵᠤ᠂ ᠰᠠᠯᠠᠭ᠎ᠠ ᠮᠥᠴᠢᠷ ᠤᠳ ᠢ ᠵᠣᠯᠭᠠᠯᠳᠤᠭᠤᠯᠬᠤ ᠳᠤ ᠳᠥᠭᠦᠮ ᠪᠣᠯᠵᠠᠢ᠃     ︵ᠬᠤᠶᠠᠷ︶ ᠬᠡᠷᠡᠭ ᠤᠨ ᠪᠠᠷᠢᠮᠵᠢᠶ᠎ᠠ ᠶᠢᠨ ᠲᠤᠬᠠᠢ ᠵᠠᠰᠠᠯᠲᠠ ᠥᠭᠡᠷᠡᠴᠢᠯᠡᠯᠲᠡ 1. ᠭᠠᠶᠢᠯᠢ ᠠᠴᠠ ᠵᠠᠶᠢᠯᠠᠵᠤ ᠥᠷᠢᠲᠦᠭᠰᠡᠨ ᠭᠠᠶᠢᠯᠢ ᠶᠢ ᠨᠡᠬᠡᠨ ᠲᠤᠰᠢᠶᠠᠯᠭᠠᠬᠤ ᠪᠠᠷᠢᠮᠵᠢᠶ᠎ᠠ ᠳᠤ ᠵᠠᠰᠠᠯᠲᠠ ᠥᠭᠡᠷᠡᠴᠢᠯᠡᠯᠲᠡ ᠬᠢᠪᠡ ᠪᠣᠳᠠᠲᠠᠢ ᠠᠵᠢᠯ ᠤᠨ ᠪᠠᠶᠢᠳᠠᠯ ᠢ ᠦᠨᠳᠦᠰᠦᠯᠡᠨ᠂ ︽ᠠᠷᠭ᠎ᠠ︾ ᠳᠤ ᠭᠠᠶᠢᠯᠢ ᠠᠴᠠ ᠵᠠᠶᠢᠯᠠᠵᠤ ᠥᠷᠢᠲᠦᠭᠰᠡᠨ ᠭᠠᠶᠢᠯᠢ ᠶᠢ ᠨᠡᠬᠡᠨ ᠲᠤᠰᠢᠶᠠᠯᠭᠠᠬᠤ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ ᠪᠠᠷᠢᠮᠵᠢᠶ᠎ᠠ ᠳᠠᠬᠢ ︽ᠥᠷᠢᠲᠦᠵᠦ ᠲᠤᠰᠢᠶᠠᠭᠰᠠᠨ ᠭᠠᠶᠢᠯᠢ ᠶᠢᠨ ᠵᠣᠭᠤᠰ ᠨᠢ 100 ᠲᠦᠮᠡᠨ ᠲᠥᠭᠦᠷᠢᠭ ᠠᠴᠠ ᠳᠡᠭᠡᠭᠰᠢ ᠪᠣᠯ︾ ᠭᠡᠳᠡᠭ ᠢ ︽ᠥᠷᠢᠲᠦᠵᠦ ᠲᠤᠰᠢᠶᠠᠭᠰᠠᠨ ᠭᠠᠶᠢᠯᠢ ᠶᠢᠨ ᠵᠣᠭᠤᠰ  ᠨᠢ 10 ᠲᠦᠮᠡᠨ ᠲᠥᠭᠦᠷᠢᠭ ᠠᠴᠠ ᠳᠡᠭᠡᠭᠰᠢ ᠪᠣᠯ︾ ᠭᠡᠵᠦ ᠵᠠᠰᠠᠨ ᠥᠭᠡᠷᠡᠴᠢᠯᠡᠪᠡ᠃ 2. ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠠᠵᠤ ᠠᠬᠤᠶᠢᠯᠠᠯ ᠢ ᠵᠠᠷᠯᠠᠨ ᠨᠡᠶᠢᠲᠡᠯᠡᠬᠦ ᠬᠡᠪᠴᠢᠶᠡᠨ ᠳᠤ ᠣᠷᠣᠭᠤᠯᠪᠠ      ᠬᠡᠰᠡᠭ ᠠᠵᠤ ᠠᠬᠤᠶᠢᠯᠠᠯ ᠨᠢ ᠣᠷᠭᠤᠨ ᠳᠤᠲᠠᠭᠠᠬᠤ ︵ᠬᠠᠷᠢᠯᠴᠠᠭ᠎ᠠ ᠲᠠᠰᠤᠷᠠᠬᠤ︶ ᠵᠡᠷᠭᠡ ᠠᠷᠭ᠎ᠠ ᠬᠡᠯᠪᠡᠷᠢ ᠶᠢ ᠠᠰᠢᠭᠯᠠᠨ ᠭᠠᠶᠢᠯᠢ ᠲᠠᠲᠠᠪᠤᠷᠢ ᠶᠢᠨ ᠡᠷᠬᠡ ᠡᠭᠦᠷᠭᠡ ᠪᠠᠨ ᠭᠦᠢᠴᠡᠳᠬᠡᠬᠦ ᠠᠴᠠ ᠵᠠᠶᠢᠯᠠᠵᠤ᠂ ᠭᠠᠶᠢᠯᠢ ᠲᠠᠲᠠᠪᠤᠷᠢ ᠪᠠ ᠠᠵᠤ ᠠᠬᠤᠢ ᠶᠢᠨ ᠡᠮᠬᠢ ᠳᠢᠭᠯᠢᠮ ᠢ ᠬᠦᠨᠳᠦ ᠨᠣᠴᠢᠲᠠᠢ ᠰᠠᠮᠠᠭᠤᠷᠠᠭᠤᠯᠵᠤ ᠪᠠᠶᠢᠨ᠎ᠠ᠃ ᠣᠳᠣᠬᠠᠨ ᠤ ᠣᠷᠭᠤᠨ ᠳᠤᠲᠠᠭᠠᠬᠤ ︵ᠬᠠᠷᠢᠯᠴᠠᠭ᠎ᠠ ᠲᠠᠰᠤᠷᠠᠬᠤ︶ ᠠᠵᠤ ᠠᠬᠤᠶᠢᠯᠠᠯ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠨᠳᠤᠰᠢ ᠶᠢ ᠪᠦᠲᠦᠮᠵᠢᠲᠡᠢ ᠪᠠᠷ ᠬᠤᠷᠢᠭᠯᠠᠬᠤ ᠶᠢᠨ ᠲᠤᠰᠠᠳᠠ᠂ ︽ᠠᠷᠭ᠎ᠠ︾ ᠳᠤ ︽ᠭᠠᠶᠢᠯᠢ ᠶᠢ ᠳᠠᠷᠤᠬᠤ᠂ ᠭᠠᠶᠢᠯᠢ ᠠᠴᠠ ᠵᠠᠶᠢᠯᠠᠵᠤ ᠭᠠᠶᠢᠯᠢ ᠨᠡᠬᠡᠨ ᠲᠤᠰᠢᠶᠠᠯᠭᠠᠬᠤ ᠪᠠ ᠭᠠᠶᠢᠯᠢ ᠥᠷᠢᠲᠦᠬᠦ᠂ ᠭᠠᠳᠠᠭᠠᠳᠤ ᠳᠤ ᠭᠠᠷᠭᠠᠭᠰᠠᠨ ᠤ ᠭᠠᠶᠢᠯᠢ ᠶᠢ ᠪᠤᠴᠠᠭᠠᠬᠤ ᠶᠢ ᠮᠡᠬᠡᠯᠡᠨ ᠠᠪᠬᠤ᠂ ᠭᠠᠶᠢᠯᠢ ᠶᠢ ᠡᠰᠡᠷᠭᠦᠴᠡᠬᠦ᠂ ᠬᠡᠢ ᠬᠤᠭᠤᠰᠤᠨ ᠢᠶᠠᠷ ᠪᠠᠷᠢᠮᠲᠠ ᠠᠪᠬᠤ ᠵᠡᠷᠭᠡ ᠦᠢᠯᠡ ᠠᠵᠢᠯᠯᠠᠭ᠎ᠠ ᠲᠠᠢ ᠪᠠᠶᠢᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠠᠶᠢᠴᠠᠭᠠᠯᠲᠠ ᠪᠠᠷ ᠳᠠᠮᠵᠢᠨ ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠢ ᠨᠤᠲᠠᠯᠠᠭᠰᠠᠨ ᠪᠣᠯ︾ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠬᠡᠷᠡᠭ ᠤᠨ ᠪᠠᠷᠢᠮᠵᠢᠶ᠎ᠠ ᠶᠢᠨ ᠨᠢᠭᠡ ᠪᠣᠯᠭᠠᠬᠤ ᠪᠠᠷ ᠲᠣᠳᠣᠷᠬᠠᠶᠢᠯᠠᠵᠤ᠂ ᠡᠭᠦᠨ ᠳᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠬᠢᠨᠠᠨ ᠪᠠᠶᠢᠴᠠᠭᠠᠬᠤ ᠲᠣᠪᠴᠢᠶ᠎ᠠ ᠠᠴᠠ ᠵᠠᠰᠠᠭ ᠵᠠᠬᠢᠷᠭᠠᠨ ᠤ ᠲᠣᠭᠲᠠᠭᠠᠯ ᠭᠠᠷᠭᠠᠬᠤ ᠠᠴᠠ ᠡᠮᠦᠨ᠎ᠡ ᠨᠢᠭᠡᠨᠲᠡ ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶᠂ ᠵᠢᠴᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨᠠᠨ ᠪᠠᠶᠢᠴᠠᠭᠠᠬᠤ ᠲᠣᠪᠴᠢᠶ᠎ᠠ ᠠᠴᠠ ᠵᠠᠰᠠᠭ ᠵᠠᠬᠢᠷᠭᠠᠨ ᠤ ᠲᠣᠭᠲᠠᠭᠠᠯ ᠭᠠᠷᠭᠠᠭᠰᠠᠨ ᠤ ᠳᠠᠷᠠᠭ᠎ᠠ ᠣᠷᠭᠤᠨ ᠳᠤᠲᠠᠭᠠᠭᠰᠠᠨ ︵ᠢᠲᠡᠭᠡᠮᠵᠢ ᠠᠯᠳᠠᠭᠰᠠᠨ︶ ᠭᠡᠬᠦ ᠬᠤᠶᠠᠷ ᠵᠦᠢᠯ ᠤᠨ ᠪᠠᠶᠢᠳᠠᠯ ᠢ ᠪᠠᠭᠲᠠᠭᠠᠵᠤ ᠪᠠᠶᠢᠨ᠎ᠠ᠃      ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠠᠵᠤ ᠠᠬᠤᠶᠢᠯᠠᠯ ᠳᠠᠬᠢ ᠰᠦᠷᠳᠡᠭᠦᠯᠬᠦ ᠪᠠ ᠴᠣᠬᠢᠯᠲᠠ ᠥᠭᠬᠦ ᠡᠷᠴᠢᠮ ᠢ ᠴᠢᠩᠭᠠᠷᠠᠭᠤᠯᠬᠤ ᠶᠢᠨ ᠲᠤᠰᠠᠳᠠ᠂ ︽ᠭᠠᠶᠢᠯᠢ ᠶᠢᠨ ᠶᠠᠪᠤᠳᠠᠯ ᠤᠨ ᠰᠢᠢᠳᠪᠦᠷᠢᠯᠡᠬᠦ ᠲᠣᠭᠲᠠᠭᠠᠯ ᠤᠨ ᠪᠢᠴᠢᠭ︾ ᠪᠠ ︽ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ︾ ᠥᠯᠥ ᠭᠠᠷᠭᠠᠭᠰᠠᠨ ᠣᠷᠭᠤᠨ ᠳᠤᠲᠠᠭᠠᠭᠰᠠᠨ ︵ᠢᠲᠡᠭᠡᠮᠵᠢ ᠠᠯᠳᠠᠭᠰᠠᠨ︶ ᠬᠡᠷᠡᠭ ᠲᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠪᠠᠶᠢᠴᠠᠭᠠᠨ ᠭᠡᠷᠡᠴᠢᠯᠡᠵᠦ ᠰᠢᠢᠳᠪᠦᠷᠢᠯᠡᠬᠦ ᠪᠠᠷ ᠳᠠᠮᠵᠢᠨ᠂ ᠨᠡᠶᠢᠲᠡ ᠳᠤ ᠵᠠᠷᠯᠠᠭᠰᠠᠨ 30 ᠡᠳᠦᠷ ᠤᠨ ᠳᠠᠷᠠᠭ᠎ᠠ ᠵᠠᠷᠯᠠᠨ ᠨᠡᠶᠢᠲᠡᠯᠡᠬᠦ ᠬᠡᠪᠴᠢᠶᠡᠨ ᠳᠤ ᠣᠷᠣᠭᠤᠯᠤᠨ᠎ᠠ᠃ ᠡᠭᠦᠨ ᠤ ᠬᠠᠮᠲᠤ᠂ ᠨᠡᠶᠢᠲᠡ ᠳᠤ ᠵᠠᠷᠯᠠᠭᠰᠠᠨ 30 ᠡᠳᠦᠷ ᠤᠨ ᠳᠣᠲᠣᠷ᠎ᠠ ᠣᠷᠭᠤᠨ ᠳᠤᠲᠠᠭᠠᠭᠰᠠᠨ ︵ᠢᠲᠡᠭᠡᠮᠵᠢ ᠠᠯᠳᠠᠭᠰᠠᠨ︶ ᠠᠵᠤ ᠠᠬᠤᠶᠢᠯᠠᠯ ᠳᠤ ᠥᠪᠡᠰᠦᠪᠡᠨ ᠵᠠᠰᠠᠨ ᠵᠠᠯᠠᠷᠠᠭᠤᠯᠬᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠰᠢᠢᠳᠪᠦᠷᠢ ᠶᠢ ᠬᠦᠯᠢᠶᠡᠨ ᠠᠪᠬᠤ ᠵᠢᠴᠢ ᠣᠨᠳᠣᠣ ᠰᠠᠨᠠᠯ ᠤᠨ ᠭᠤᠮᠣᠳᠠᠯ ᠲᠣᠭᠠᠴᠢᠬᠤ ᠴᠠᠭ ᠥᠭᠭᠦᠭᠰᠡᠨ ᠨᠢ᠂ ᠭᠠᠶᠢᠯᠢ ᠲᠤᠰᠢᠶᠠᠭᠴᠢᠳ ᠤᠨ ᠵᠢᠷᠤᠮᠯᠠᠨ ᠳᠠᠭᠠᠬᠤ ᠶᠢ ᠬᠥᠲᠥᠯᠥᠨ ᠵᠢᠯᠣᠭᠤᠳᠬᠤ ᠳᠤ ᠠᠰᠢᠭᠲᠠᠢ ᠪᠠᠷ ᠪᠠᠷᠠᠬᠤ ᠦᠭᠡᠢ᠂ ᠭᠠᠶᠢᠯᠢ ᠲᠤᠰᠢᠶᠠᠭᠴᠢᠳ ᠤᠨ ᠡᠷᠬᠡ ᠠᠰᠢᠭ ᠢ ᠬᠠᠮᠠᠭᠠᠯᠠᠬᠤ ᠳᠤ ᠠᠰᠢᠭᠲᠠᠢ ᠪᠠᠶᠢᠳᠠᠭ᠃ ︵ᠭᠤᠷᠪᠠ︶ ᠮᠡᠳᠡᠭᠡ ᠵᠠᠩᠭᠢ ᠵᠠᠷᠯᠠᠨ ᠨᠡᠶᠢᠲᠡᠯᠡᠬᠦ ᠲᠤᠬᠠᠢ ᠵᠠᠰᠠᠯᠲᠠ ᠥᠭᠡᠷᠡᠴᠢᠯᠡᠯᠲᠡ 1. ᠪᠣᠳᠠᠲᠠᠢ ᠬᠠᠷᠢᠭᠤᠴᠠᠯᠭ᠎ᠠ ᠡᠭᠦᠷᠭᠡᠯᠡᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠬᠠᠷᠢᠭᠤᠴᠠᠯᠭᠠᠲᠠᠨ ᠲᠠᠢ ᠨᠢᠭᠡᠳᠦᠯ ᠦᠭᠡᠢ ᠶᠢ ᠰᠢᠢᠳᠪᠦᠷᠢᠯᠡᠬᠦ ᠠᠷᠭ᠎ᠠ ᠶᠢ ᠨᠡᠮᠡᠨ ᠣᠷᠣᠭᠤᠯᠪᠠ ᠣᠶᠢᠷ᠎ᠠ ᠶᠢᠨ ᠵᠢᠯ ᠤᠳ ᠠᠴᠠ ᠨᠠᠭᠠᠰᠢ᠂ ᠬᠡᠰᠡᠭ ᠲᠤᠬᠠᠶᠢᠲᠠᠢ ᠬᠥᠮᠥᠨ ᠬᠠᠤᠯᠢ ᠴᠠᠭᠠᠵᠠ ᠶᠢᠨ ᠬᠠᠷᠢᠭᠤᠴᠠᠯᠭ᠎ᠠ ᠠᠴᠠ ᠵᠠᠶᠢᠯᠠᠬᠤ ᠶᠢᠨ ᠲᠤᠰᠠᠳᠠ᠂ ᠪᠤᠰᠤᠳ ᠬᠥᠮᠥᠨ ᠤ ᠪᠡᠶ᠎ᠡ ᠭᠠᠷᠤᠯ ᠢ ᠵᠢᠭᠡᠯᠡᠨ ᠬᠡᠷᠡᠭᠯᠡᠬᠦ ᠪᠠ ᠬᠤᠯᠠᠭᠠᠶᠢᠯᠠᠨ ᠬᠡᠷᠡᠭᠯᠡᠵᠦ ᠪᠠᠶᠢᠭᠠᠳ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠵᠦ᠂ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠨ᠂ ᠭᠠᠶᠢᠯᠢ ᠲᠠᠲᠠᠪᠤᠷᠢ ᠪᠠ ᠠᠵᠤ ᠠᠬᠤᠢ ᠶᠢᠨ ᠡᠮᠬᠢ ᠳᠢᠭᠯᠢᠮ ᠢ ᠡᠪᠳᠡᠵᠦ ᠪᠠᠶᠢᠨ᠎ᠠ᠃ ᠮᠡᠳᠡᠭᠡ ᠵᠠᠩᠭᠢ ᠪᠠᠨ ᠬᠤᠯᠠᠭᠠᠶᠢᠯᠠᠭᠳᠠᠵᠤ ᠳᠠᠩᠰᠠᠯᠠᠭᠤᠯᠤᠭᠰᠠᠨ᠂ ᠦᠨᠡᠨ ᠬᠦ ᠬᠡᠷᠡᠭ ᠲᠤ ᠬᠤᠯᠪᠣᠭᠳᠠᠭᠰᠠᠨ ᠦᠢᠯᠡ ᠠᠵᠢᠯᠯᠠᠭ᠎ᠠ ᠥᠯᠥ ᠦᠢᠯᠡᠳᠦᠭᠰᠡᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠬᠠᠷᠢᠭᠤᠴᠠᠯᠭᠠᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠶᠢᠨ ᠣᠨᠣᠪᠴᠢᠲᠠᠢ ᠴᠢᠨᠠᠷ ᠪᠠ ᠴᠢᠭᠯᠡᠯᠲᠦ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠠᠷᠭ᠎ᠠ︾ ᠶᠢᠨ ᠳᠣᠯᠣᠳᠤᠭᠠᠷ ᠵᠦᠢᠯ ᠳᠤ᠄ ︽ᠰᠢᠭᠦᠬᠦ ᠬᠤᠷᠢᠶ᠎ᠠ ᠠᠴᠠ ᠰᠢᠭᠦᠨ ᠲᠠᠰᠤᠯᠬᠤ ᠪᠠᠷ ᠳᠠᠮᠵᠢᠨ ᠲᠣᠭᠲᠠᠭᠠᠭᠰᠠᠨ ᠪᠣᠳᠠᠲᠠᠢ ᠬᠠᠷᠢᠭᠤᠴᠠᠯᠭ᠎ᠠ ᠡᠭᠦᠷᠭᠡᠯᠡᠭᠴᠢ ᠨᠢ᠂ ᠬᠠᠤᠯᠢ ᠪᠠᠷ ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠬᠠᠷᠢᠭᠤᠴᠠᠯᠭᠠᠲᠠᠨ ᠲᠠᠢ ᠨᠢᠭᠡᠳᠦᠯ ᠦᠭᠡᠢ ᠪᠣᠯ᠂ ᠬᠠᠤᠯᠢ ᠪᠠᠷ ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠬᠠᠷᠢᠭᠤᠴᠠᠯᠭᠠᠲᠠᠨ ᠤ ᠬᠡᠷᠡᠭ ᠲᠤ ᠬᠤᠯᠪᠣᠭᠳᠠᠭᠰᠠᠨ ᠦᠢᠯᠡ ᠠᠵᠢᠯᠯᠠᠭ᠎ᠠ ᠪᠠᠶᠢᠬᠤ ᠶᠢ ᠭᠡᠷᠡᠴᠢᠯᠡᠭᠰᠡᠨ ᠭᠡᠷᠡᠴᠢ ᠪᠠᠶᠢᠬᠤ ᠠᠴᠠ ᠭᠠᠳᠠᠨ᠎ᠠ᠂ ᠵᠥᠪᠬᠡᠨ ᠪᠣᠳᠠᠲᠠᠢ ᠬᠠᠷᠢᠭᠤᠴᠠᠯᠭ᠎ᠠ ᠡᠭᠦᠷᠭᠡᠯᠡᠭᠴᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ︾ ᠭᠡᠬᠦ ᠲᠣᠭᠠᠴᠢᠯᠲᠠ ᠶᠢ ᠨᠡᠮᠡᠨ ᠣᠷᠣᠭᠤᠯᠪᠠ᠃ 2. ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠶᠢᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠶᠢᠬᠤ ᠶᠢ ᠪᠠᠲᠤᠯᠠᠨ᠂ ᠲᠤᠬᠠᠶᠢᠲᠠᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠬᠤ ᠶᠢᠨ ᠲᠤᠰᠠᠳᠠ᠂ ︽ᠠᠷᠭ᠎ᠠ︾ ᠳᠤ ᠠᠷᠪᠠᠳᠤᠭᠠᠷ ᠵᠦᠢᠯ ᠤᠨ ᠮᠡᠳᠡᠭᠡ ᠵᠠᠩᠭᠢ ᠶᠢᠨ ᠰᠢᠨᠡᠳᠬᠡᠭᠰᠡᠨ ᠠᠭᠤᠯᠭ᠎ᠠ ᠶᠢ ᠨᠡᠮᠡᠨ ᠣᠷᠣᠭᠤᠯᠪᠠ᠃ ᠡᠭᠦᠨ ᠳᠤ ︽ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠪᠣᠯ᠂ ᠴᠠᠭ ᠲᠤᠬᠠᠢ ᠳᠤ ᠨᠢ ᠰᠢᠨᠡᠳᠬᠡᠬᠦ ᠬᠡᠷᠡᠭᠲᠡᠢ᠃ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠳᠠᠷᠠᠭ᠎ᠠ ᠳᠠᠬᠢᠵᠤ ᠲᠤᠰ ᠠᠷᠭ᠎ᠠ ᠶᠢᠨ ᠲᠠᠪᠤᠳᠤᠭᠠᠷ ᠵᠦᠢᠯ ᠤᠨ ᠲᠣᠭᠲᠠᠭᠠᠯ  ᠲᠠᠢ ᠨᠡᠶᠢᠴᠡᠬᠦ ᠦᠭᠡᠢ ᠪᠣᠯᠣᠭᠰᠠᠨ ᠪᠣᠯ᠂ ᠪᠠᠶᠢᠴᠠᠭᠠᠯᠲᠠ ᠬᠢᠭᠰᠡᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠨᠤᠲᠠᠯᠠᠯᠲᠠ ᠪᠠᠷ ᠳᠠᠮᠵᠢᠨ᠂ ᠵᠠᠷᠯᠠᠨ ᠨᠡᠶᠢᠲᠡᠯᠡᠬᠦ ᠪᠠᠨ ᠵᠣᠭᠰᠣᠭᠠᠬᠤ ᠶᠢᠨ ᠬᠠᠮᠲᠤ ᠠᠯᠪᠠᠨ ᠵᠠᠷ ᠤᠨ ᠪᠤᠯᠤᠩ ᠠᠴᠠ ᠬᠠᠰᠤᠵᠤ ᠬᠠᠶᠠᠬᠤ ᠬᠡᠷᠡᠭᠲᠡᠢ︾ ᠭᠡᠵᠦ ᠪᠣᠳᠠᠲᠠᠢ ᠪᠠᠷ ᠲᠣᠭᠠᠴᠢᠯᠲᠠ ᠬᠢᠪᠡ᠃ 3. ᠵᠠᠷᠯᠠᠨ ᠨᠡᠶᠢᠲᠡᠯᠡᠬᠦ ᠴᠠᠭ ᠤᠨ ᠬᠢᠵᠠᠭᠠᠷ ᠢ ᠤᠷᠲᠤᠳᠬᠠᠪᠠ ︽ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠬᠥᠭᠵᠢᠭᠦᠯᠦᠯᠲᠡ ᠥᠭᠡᠷᠡᠴᠢᠯᠡᠯᠲᠡ ᠠᠯᠪᠠᠨ ᠡᠳ᠋ ᠮᠥᠩᠭᠦ ︹2018︺ 424 ᠳ᠋ᠦ᠋ᠭᠡᠷ ᠲᠣᠭᠠᠲᠤ︶  ᠳᠤ ︽ᠬᠦᠨᠳᠦ ᠨᠣᠴᠢᠲᠠᠢ ᠢᠲᠡᠭᠡᠮᠵᠢ ᠠᠯᠳᠠᠭᠰᠠᠨ ᠬᠡᠷᠡᠭ ᠲᠤ ᠬᠤᠯᠪᠣᠭᠳᠠᠭᠰᠠᠨ ᠦᠢᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠬᠤᠭᠤᠴᠠᠭᠠᠨ ᠤ ᠬᠢᠵᠠᠭᠠᠷ ᠨᠢ ᠭᠤᠷᠪᠠᠨ ᠵᠢᠯ ᠪᠣᠯᠣᠨ᠎ᠠ︾ ᠭᠡᠵᠦ ᠲᠣᠭᠲᠠᠭᠠᠵᠤ᠂ ᠲᠡᠭᠦᠨ ᠲᠠᠢ ᠨᠢᠭᠡᠳᠦᠯᠲᠡᠢ ᠪᠠᠶᠢᠯᠭᠠᠬᠤ ᠶᠢᠨ ᠬᠠᠮᠲᠤ᠂ ᠵᠠᠯᠬᠠᠭᠠᠨ ᠴᠡᠭᠡᠷᠯᠡᠭᠦᠯᠬᠦ ᠦᠷ᠎ᠡ ᠪᠦᠲᠦᠮᠵᠢ ᠶᠢ ᠴᠢᠩᠭᠠᠷᠠᠭᠤᠯᠬᠤ ᠶᠢᠨ ᠲᠤᠰᠠᠳᠠ᠂ ︽ᠠᠷᠭ᠎ᠠ︾ ᠳᠤ ᠵᠠᠷᠯᠠᠨ ᠨᠡᠶᠢᠲᠡᠯᠡᠬᠦ ᠴᠠᠭ ᠤᠨ ᠬᠢᠵᠠᠭᠠᠷ ᠢ 2 ᠵᠢᠯ ᠠᠴᠠ ᠤᠷᠲᠤᠳᠬᠠᠵᠤ 3 ᠵᠢᠯ ᠪᠣᠯᠭᠠᠪᠠ᠃ ︵ᠳᠥᠷᠪᠡ︶ ᠢᠲᠡᠭᠡᠮᠵᠢ ᠪᠠᠨ ᠵᠠᠰᠠᠨ ᠰᠡᠷᠭᠦᠭᠡᠬᠦ ᠲᠤᠬᠠᠢ ᠵᠠᠰᠠᠯᠲᠠ ᠥᠭᠡᠷᠡᠴᠢᠯᠡᠯᠲᠡ 1. ᠢᠲᠡᠭᠡᠮᠵᠢ ᠪᠠᠨ ᠠᠪᠤᠷᠠᠨ ᠵᠠᠰᠠᠬᠤ ᠳᠡᠰ ᠳᠠᠷᠠᠭᠠᠯᠠᠯ ᠢ ᠵᠢᠷᠤᠮᠵᠢᠭᠤᠯᠪᠠ ᠢᠲᠡᠭᠡᠮᠵᠢ ᠪᠠᠨ ᠠᠪᠤᠷᠠᠨ ᠵᠠᠰᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠨᠢ ᠲᠤᠬᠠᠶᠢᠲᠠᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠴᠢᠳᠠᠨ᠎ᠠ᠃ ︽ᠠᠷᠭ᠎ᠠ︾ ᠳᠤ ᠭᠠᠶᠢᠯᠢ ᠠᠴᠠ ᠵᠢᠭᠤᠲᠠᠬᠤ᠂ ᠥᠷᠢᠲᠦᠭᠰᠡᠨ ᠭᠠᠶᠢᠯᠢ ᠠᠴᠠ ᠵᠠᠶᠢᠯᠬᠤ ᠪᠠ ᠨᠡᠬᠡᠨ ᠲᠤᠰᠢᠶᠠᠯᠭᠠᠭᠰᠠᠨ ᠲᠤᠬᠠᠶᠢᠲᠠᠢ ᠬᠥᠮᠥᠨ ᠤ ᠮᠡᠳᠡᠭᠡ ᠵᠠᠩᠭᠢ ᠪᠠᠨ ᠵᠠᠰᠠᠨ ᠰᠡᠷᠭᠦᠭᠡᠬᠦ ᠳᠤ ᠵᠠᠷᠯᠠᠨ ᠨᠡᠶᠢᠲᠡᠯᠡᠬᠦ ᠠᠴᠠ ᠡᠮᠦᠨ᠎ᠡ ᠪᠠ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠶᠢᠰᠦᠳᠦᠭᠡᠷ ᠵᠤᠷᠪᠤᠰ ᠤᠨ ᠨᠢᠭᠡᠳᠦᠭᠡᠷ ᠵᠦᠢᠯ᠂ ᠬᠤᠶᠠᠳᠤᠭᠠᠷ ᠵᠦᠢᠯ ᠳᠤ ᠲᠤᠰ ᠲᠤᠰ ᠲᠣᠬᠢᠷᠠᠯᠴᠠᠭᠰᠠᠨ ᠠᠵᠢᠯᠯᠠᠭᠤᠯᠬᠤ ᠳᠡᠰ ᠳᠠᠷᠠᠭᠠᠯᠠᠯ ᠢ ᠲᠣᠳᠣᠷᠬᠠᠶᠢᠯᠠᠪᠠ᠃ 2. ᠢᠲᠡᠭᠡᠮᠵᠢ ᠪᠠᠨ ᠠᠪᠤᠷᠠᠨ ᠵᠠᠰᠠᠬᠤ ᠠᠷᠭ᠎ᠠ ᠬᠡᠮᠵᠢᠶᠡᠨ ᠤ ᠬᠡᠪᠴᠢᠶ᠎ᠡ ᠶᠢ ᠥᠷᠭᠡᠳᠬᠡᠪᠡ     ︽ᠨᠢᠭᠡ ᠭᠠᠵᠠᠷ ᠲᠤ ᠢᠲᠡᠭᠡᠮᠵᠢ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠶᠡᠭᠡ ᠪᠠᠶᠢᠷᠢᠯᠠᠭᠤᠯᠤᠯᠲᠠ ᠶᠢᠨ ᠠᠯᠬᠤᠮ ᠠᠯᠬᠤᠮ ᠢᠶᠠᠷ ᠪᠦᠷᠢᠯᠳᠦᠬᠦ ᠶᠢ ᠳᠠᠭᠠᠯᠳᠤᠨ᠂ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠲᠤᠰ ᠪᠡᠶ᠎ᠡ ᠶᠢᠨ ᠢᠲᠡᠭᠡᠮᠵᠢ ᠪᠠᠨ ᠵᠠᠰᠠᠨ ᠰᠡᠷᠭᠦᠭᠡᠬᠦ ᠶᠢᠨ ᠬᠦᠰᠡᠯ ᠱᠠᠭᠠᠷᠳᠠᠯᠭ᠎ᠠ ᠶᠠᠪᠤᠬᠤ ᠲᠤᠲᠤᠮ ᠴᠢᠩᠭᠠᠷᠠᠪᠠ᠃ ᠢᠲᠡᠭᠡᠮᠵᠢ ᠪᠠᠨ ᠵᠠᠰᠠᠨ ᠰᠡᠷᠭᠦᠭᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠪᠠᠨ ᠵᠠᠰᠠᠨ ᠵᠠᠯᠠᠷᠠᠭᠤᠯᠵᠤ᠂ ᠬᠠᠤᠯᠢ ᠴᠠᠭᠠᠵᠠ ᠶᠢ ᠰᠠᠬᠢᠵᠤ ᠦᠨᠡᠨᠴᠢ ᠢᠲᠡᠭᠡᠮᠵᠢ ᠶᠢ ᠪᠠᠷᠢᠮᠲᠠᠯᠠᠬᠤ ᠶᠢ ᠵᠣᠷᠢᠭᠵᠢᠭᠤᠯᠬᠤ ᠨᠢ ᠮᠥᠨ ᠴᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠪᠠ᠃ ︽ᠠᠷᠭ᠎ᠠ︾ ᠳᠤ ᠢᠲᠡᠭᠡᠮᠵᠢ ᠳᠤ ᠪᠠᠨ ᠠᠪᠤᠷᠠᠯᠲᠠ ᠬᠢᠬᠦ ᠠᠷᠭ᠎ᠠ ᠬᠡᠮᠵᠢᠶᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠶᠢᠰᠦᠳᠦᠭᠡᠷ ᠵᠤᠷᠪᠤᠰ ᠤᠨ ᠭᠤᠷᠪᠠᠳᠤᠭᠠᠷ ᠵᠦᠢᠯ ᠳᠤ ︽ᠭᠠᠶᠢᠯᠢ ᠶᠢ ᠳᠠᠷᠤᠬᠤ᠂ ᠭᠠᠶᠢᠯᠢ ᠠᠴᠠ ᠵᠠᠶᠢᠯᠠᠵᠤ ᠭᠠᠶᠢᠯᠢ ᠨᠡᠬᠡᠨ ᠲᠤᠰᠢᠶᠠᠯᠭᠠᠬᠤ ᠪᠠ ᠭᠠᠶᠢᠯᠢ ᠥᠷᠢᠲᠦᠬᠦ᠂ ᠭᠠᠳᠠᠭᠠᠳᠤ ᠳᠤ ᠭᠠᠷᠭᠠᠭᠰᠠᠨ ᠤ ᠭᠠᠶᠢᠯᠢ ᠶᠢ ᠪᠤᠴᠠᠭᠠᠬᠤ ᠶᠢ ᠮᠡᠬᠡᠯᠡᠨ ᠠᠪᠬᠤ᠂ ᠭᠠᠶᠢᠯᠢ ᠶᠢ ᠡᠰᠡᠷᠭᠦᠴᠡᠬᠦ᠂ ᠬᠡᠢ ᠬᠤᠭᠤᠰᠤᠨ ᠢᠶᠠᠷ ᠪᠠᠷᠢᠮᠲᠠ ᠠᠪᠬᠤ ᠵᠡᠷᠭᠡ ᠦᠢᠯᠡ ᠠᠵᠢᠯᠯᠠᠭ᠎ᠠ ᠪᠠᠶᠢᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠠᠶᠢᠴᠠᠭᠠᠯᠲᠠ ᠪᠠᠷ ᠳᠠᠮᠵᠢᠨ ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠢ ᠨᠤᠲᠠᠯᠠᠭᠰᠠᠨ︾᠂ ︽ᠪᠤᠰᠤᠳ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠶᠠᠪᠤᠳᠠᠯ ᠨᠢ ᠬᠦᠨᠳᠦ ᠨᠣᠴᠢᠲᠠᠢ᠂ ᠨᠡᠯᠢᠶᠡᠳ ᠶᠡᠭᠡ ᠨᠡᠶᠢᠭᠡᠮ ᠤᠨ ᠨᠥᠯᠥᠭᠡ ᠲᠠᠢ︾ ᠬᠡᠷᠡᠭ ᠲᠤ ᠭᠠᠶᠢᠯᠢ ᠶᠢ ᠳᠠᠷᠤᠬᠤ᠂ ᠭᠠᠶᠢᠯᠢ ᠠᠴᠠ ᠵᠠᠶᠢᠯᠠᠵᠤ ᠥᠷᠢᠲᠦᠭᠰᠡᠨ ᠭᠠᠶᠢᠯᠢ ᠪᠠᠨ ᠨᠡᠬᠡᠨ ᠲᠤᠰᠢᠶᠠᠯᠭᠠᠭᠰᠠᠨ ᠲᠤᠬᠠᠶᠢᠲᠠᠢ ᠬᠥᠮᠥᠨ ᠴᠤ ᠢᠲᠡᠭᠡᠮᠵᠢ ᠪᠠᠨ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠡᠷᠡᠭᠯᠡᠨ᠎ᠡ ᠭᠡᠵᠦ ᠲᠣᠳᠣᠷᠬᠠᠶᠢᠯᠠᠪᠠ᠃ ︵ᠲᠠᠪᠤ︶ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠲᠤᠬᠠᠢ ᠵᠠᠰᠠᠯᠲᠠ ᠥᠭᠡᠷᠡᠴᠢᠯᠡᠯᠲᠡ      ᠭᠠᠶᠢᠯᠢ ᠲᠤᠰᠢᠶᠠᠭᠴᠢᠳ ᠤᠨ ᠰᠠᠨᠠᠭᠠᠴᠢᠯᠠᠭ᠎ᠠ ᠠᠴᠠ ᠪᠠᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠪᠠᠨ ᠵᠠᠰᠠᠨ ᠵᠠᠯᠠᠷᠠᠭᠤᠯᠬᠤ ᠶᠢ ᠵᠣᠷᠢᠭᠵᠢᠭᠤᠯᠬᠤ ᠶᠢᠨ ᠲᠤᠰᠠᠳᠠ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠨᠡᠶᠢᠲᠡ ᠳᠤ ᠵᠠᠷᠯᠠᠨ ᠨᠡᠶᠢᠲᠡᠯᠡᠭᠰᠡᠨ ᠲᠤᠬᠠᠶᠢᠲᠠᠢ ᠬᠥᠮᠥᠨ ᠪᠠ ᠨᠡᠶᠢᠲᠡ ᠳᠤ ᠥᠯᠥ ᠵᠠᠷᠯᠠᠨ ᠨᠡᠶᠢᠲᠡᠯᠡᠭᠰᠡᠨ ᠲᠤᠬᠠᠶᠢᠲᠠᠢ ᠬᠥᠮᠥᠨ ᠭᠡᠵᠦ ᠬᠤᠶᠠᠷ ᠲᠥᠷᠥᠯ ᠤᠨ ᠵᠠᠯᠬᠠᠭᠠᠨ ᠴᠡᠭᠡᠷᠯᠡᠭᠦᠯᠬᠦ ᠡᠲᠡᠭᠡᠳ ᠬᠤᠪᠢᠶᠠᠨ ᠲᠤᠰ ᠲᠤᠰ ᠲᠤ ᠨᠢ ᠵᠢᠭᠰᠠᠭᠠᠨ ᠦᠵᠡᠭᠦᠯᠵᠦ᠂ ᠨᠡᠶᠢᠲᠡ ᠳᠤ ᠥᠯᠥ ᠵᠠᠷᠯᠠᠨ ᠨᠡᠶᠢᠲᠡᠯᠡᠭᠰᠡᠨ ᠲᠤᠬᠠᠶᠢᠲᠠᠢ ᠬᠥᠮᠥᠨ ᠳᠤ᠂ ᠭᠠᠶᠢᠯᠢ ᠲᠤᠰᠢᠶᠠᠬᠤ ᠢᠲᠡᠭᠡᠮᠵᠢ ᠶᠢᠨ ᠳᠡᠰ ᠢ ᠨᠢ D ᠳᠡᠰ ᠪᠣᠯᠲᠠᠯ᠎ᠠ ᠪᠠᠭᠤᠷᠠᠭᠤᠯᠬᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号