︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/6/8
        ᠣᠳᠣ ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ︵ᠳᠣᠷᠣᠭᠰᠢ ︽ᠠᠯᠪᠠᠨ ᠵᠠᠷ︾ ᠭᠡᠵᠦ ᠲᠣᠪᠴᠢᠯᠠᠨ᠎ᠠ︶ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄            ᠨᠢᠭᠡ᠂ ︽ᠠᠯᠪᠠᠨ ᠵᠠᠷ︾ ᠢ ᠨᠡᠶᠢᠲᠡᠯᠡᠭᠰᠡᠨ ᠠᠬᠤᠢ ᠪᠠᠶᠢᠳᠠᠯ        ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠵᠤ ᠠᠬᠤᠶᠢᠯᠠᠯ ᠤᠨ ᠲᠥᠷᠥᠯ ᠬᠤᠪᠢᠶᠠᠨ ᠬᠠᠮᠢᠶᠠᠷᠬᠤ ᠶᠢ ᠰᠢᠯᠢᠳᠡᠭᠵᠢᠭᠦᠯᠬᠦ᠂ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠶᠡᠭᠡ ᠬᠦᠴᠦᠨ ᠢᠶᠠᠷ ᠳᠡᠮᠵᠢᠬᠦ ᠪᠠ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠦᠢᠯᠡᠴᠢᠯᠡᠭᠡ ᠶᠢ ᠰᠠᠶᠢᠲᠤᠷ ᠬᠢᠬᠦ ᠵᠡᠷᠭᠡ ᠡᠯ᠎ᠡ ᠵᠦᠢᠯ ᠤᠨ ᠠᠵᠢᠯ ᠢᠶᠠᠷ ᠳᠠᠮᠵᠢᠭᠤᠯᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠶᠢᠨ ᠲᠥᠯᠥᠭᠡ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ︽ᠠᠯᠪᠠᠨ ᠵᠠᠷ ︾  ᠢ ᠲᠣᠭᠲᠠᠭᠠᠨ ᠨᠡᠶᠢᠲᠡᠯᠡᠪᠡ᠃      ᠬᠤᠶᠠᠷ᠂ ︽ᠠᠯᠪᠠᠨ ᠵᠠᠷ︾ ᠤᠨ ᠭᠤᠣᠯ ᠠᠭᠤᠯᠭ᠎ᠠ ᠶᠢᠨ ᠲᠠᠶᠢᠯᠤᠮᠵᠢ ︵ᠨᠢᠭᠡ︶ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠵᠤ ᠠᠬᠤᠶᠢᠯᠠᠯ ᠤᠨ ᠲᠥᠷᠥᠯ ᠬᠤᠪᠢᠶᠠᠨ ᠬᠠᠮᠢᠶᠠᠷᠬᠤ ᠶᠢ ᠰᠢᠯᠢᠳᠡᠭᠵᠢᠭᠦᠯᠪᠡ 1. ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠷᠥᠯ ᠢᠯᠭᠠᠯ ᠢ ᠦᠨᠡᠯᠡᠨ ᠲᠣᠭᠲᠠᠭᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ᠄ ᠨᠢᠭᠡ ᠳᠤ᠂ ᠨᠢᠭᠡᠳᠦᠭᠡᠷ ᠲᠥᠷᠥᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠦᠨᠡᠯᠡᠨ ᠲᠣᠭᠲᠠᠭᠠᠬᠤ ᠪᠠᠷᠢᠮᠵᠢᠶ᠎ᠠ ᠳᠠᠬᠢ ᠠᠵᠤ ᠠᠬᠤᠶᠢᠯᠠᠯ ᠤᠨ ᠵᠢᠯ ᠤᠨ ᠰᠡᠭᠦᠯᠴᠢ ᠶᠢᠨ ᠴᠡᠪᠡᠷ ᠡᠳ᠋ ᠬᠥᠷᠥᠩᠭᠡ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠪᠠᠭᠠᠷᠠᠭᠤᠯᠪᠠ᠃ ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠵᠤ ᠠᠬᠤᠶᠢᠯᠠᠯ ᠤᠨ ᠲᠥᠷᠥᠯ ᠬᠤᠪᠢᠶᠠᠨ ᠬᠠᠮᠢᠶᠠᠷᠬᠤ ᠠᠷᠭ᠎ᠠ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ 2016 ᠣᠨ ᠤ 46 ᠳ᠋ᠤᠭᠠᠷ ᠲᠣᠭᠠᠲᠤ ᠳᠤ ᠨᠡᠶᠢᠲᠡᠯᠡᠪᠡ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠳᠤ᠂ ᠨᠢᠭᠡᠳᠦᠭᠡᠷ ᠲᠥᠷᠥᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ︽ᠳᠡᠭᠡᠷ᠎ᠡ ᠨᠢᠭᠡ ᠵᠢᠯ ᠤᠨ ᠵᠢᠯ ᠤᠨ ᠰᠡᠭᠦᠯᠴᠢ ᠶᠢᠨ ᠴᠡᠪᠡᠷ ᠡᠳ᠋ ᠬᠥᠷᠥᠩᠭᠡ ᠨᠢ ᠳᠡᠭᠡᠷ᠎ᠡ ᠨᠢᠭᠡ ᠵᠢᠯ ᠤᠨ ᠲᠤᠰ ᠠᠵᠤ ᠠᠬᠤᠶᠢᠯᠠᠯ ᠤᠨ ᠨᠢᠭᠡᠨᠲᠡ ᠭᠦᠢᠴᠡᠳᠬᠡᠭᠰᠡᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠭᠰᠠᠨ ᠲᠤᠭ᠎ᠠ ︵ᠬᠡᠯᠲᠦᠷᠢᠭᠦᠯᠵᠦ ᠲᠤᠯᠭᠠᠭᠰᠠᠨ ᠭᠠᠶᠢᠯᠢ ᠶᠢᠨ ᠲᠤᠭ᠎ᠠ ᠪᠠᠭᠲᠠᠬᠤ ᠦᠭᠡᠢ︶ ᠠᠴᠠ ᠶᠡᠭᠡ ᠪᠠᠶᠢᠬᠤ︾ ᠨᠥᠬᠦᠴᠡᠯ ᠳᠤ ᠨᠡᠶᠢᠴᠡᠬᠦ ᠬᠡᠷᠡᠭᠲᠡᠢ᠃ ᠡᠨᠡ ᠤᠳᠠᠭ᠎ᠠ ᠲᠤᠰ ᠨᠥᠬᠦᠴᠡᠯ ᠢ ︽ᠳᠡᠭᠡᠷ᠎ᠡ ᠨᠢᠭᠡ ᠵᠢᠯ ᠤᠨ ᠵᠢᠯ ᠤᠨ ᠰᠡᠭᠦᠯᠴᠢ ᠶᠢᠨ ᠴᠡᠪᠡᠷ ᠡᠳ᠋ ᠬᠥᠷᠥᠩᠭᠡ ᠨᠢ ᠳᠡᠭᠡᠷ᠎ᠡ ᠨᠢᠭᠡ ᠵᠢᠯ ᠤᠨ ᠲᠤᠰ ᠠᠵᠤ ᠠᠬᠤᠶᠢᠯᠠᠯ ᠤᠨ ᠨᠢᠭᠡᠨᠲᠡ ᠭᠦᠢᠴᠡᠳᠬᠡᠭᠰᠡᠨ ᠭᠠᠶᠢᠯᠢ ᠪᠤᠴᠠᠭᠠᠭᠰᠠᠨ ᠲᠤᠭ᠎ᠠ ︵ᠬᠡᠯᠲᠦᠷᠢᠭᠦᠯᠵᠦ ᠲᠤᠯᠭᠠᠭᠰᠠᠨ ᠭᠠᠶᠢᠯᠢ ᠶᠢᠨ ᠲᠤᠭ᠎ᠠ ᠪᠠᠭᠲᠠᠬᠤ ᠦᠭᠡᠢ︶ ᠶᠢᠨ 60% ᠠᠴᠠ ᠶᠡᠭᠡ ᠪᠠᠶᠢᠬᠤ︾ ᠪᠣᠯᠭᠠᠨ ᠲᠣᠬᠢᠷᠠᠭᠤᠯᠤᠯᠲᠠ ᠬᠢᠵᠦ᠂ ᠨᠢᠭᠡᠳᠦᠭᠡᠷ ᠲᠥᠷᠥᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠠ ᠨᠢᠭᠡᠳᠦᠭᠡᠷ ᠲᠥᠷᠥᠯ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠢᠯ ᠤᠨ ᠰᠡᠭᠦᠯᠴᠢ ᠶᠢᠨ ᠴᠡᠪᠡᠷ ᠡᠳ᠋ ᠬᠥᠷᠥᠩᠭᠡ ᠶᠢᠨ ᠬᠠᠷᠢᠴᠠᠯ ᠤᠨ ᠲᠤᠬᠠᠢ ᠱᠠᠭᠠᠷᠳᠠᠭᠰᠠᠨ ᠦᠨᠡᠯᠡᠨ ᠲᠣᠭᠲᠠᠭᠠᠬᠤ ᠪᠠᠷᠢᠮᠵᠢᠶ᠎ᠠ ᠲᠠᠢ ᠨᠢᠭᠡᠳᠦᠯᠲᠡᠢ ᠪᠣᠯᠭᠠᠵᠤ᠂ ᠲᠦᠭᠰᠢᠭᠦᠷᠢ ᠶᠢ ᠪᠦᠲᠦᠮᠵᠢᠲᠡᠢ ᠬᠢᠵᠠᠭᠠᠷᠯᠠᠭᠰᠠᠨ ᠤ ᠬᠠᠮᠲᠤ᠂ ᠨᠢᠭᠡᠳᠦᠭᠡᠷ ᠲᠥᠷᠥᠯ ᠤᠨ ᠠᠵᠤ ᠠᠬᠤᠶᠢᠯᠠᠯ ᠤᠨ ᠡᠷᠦᠭᠡ ᠶᠢᠨ ᠲᠤᠭ᠎ᠠ ᠶᠢ ᠨᠡᠮᠡᠭᠳᠡᠭᠦᠯᠪᠡ᠃ ᠬᠤᠶᠠᠷ ᠲᠤ᠂ ᠭᠤᠷᠪᠠᠳᠤᠭᠠᠷ ᠲᠥᠷᠥᠯ ᠤᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ ᠦᠨᠡᠯᠡᠨ ᠲᠣᠭᠲᠠᠭᠠᠬᠤ ᠪᠠᠷᠢᠮᠵᠢᠶ᠎ᠠ ᠳᠠᠬᠢ ︽ᠳᠡᠭᠡᠷ᠎ᠡ ᠨᠢᠭᠡ ᠵᠢᠯ ᠳᠤ ᠨᠡᠶᠢᠲᠡ 6 ᠰᠠᠷ᠎ᠠ ᠠᠴᠠ ᠳᠡᠭᠡᠭᠰᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠪᠠᠷ ᠥᠯᠥ ᠭᠤᠶᠤᠴᠢᠯᠠᠨ ᠮᠡᠳᠡᠭᠦᠯᠦᠭᠰᠡᠨ ᠪᠣᠯ︾ ᠭᠡᠬᠦ ᠦᠨᠡᠯᠡᠨ ᠲᠣᠭᠲᠠᠭᠠᠬᠤ ᠨᠥᠬᠦᠴᠡᠯ ᠢ ᠦᠭᠡᠶᠢᠰᠬᠡᠪᠡ᠃ ᠡᠭᠦᠨ ᠠᠴᠠ ᠡᠮᠦᠨ᠎ᠡ᠂ ᠲᠤᠰ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠢ ᠪᠠᠭ᠎ᠠ ᠭᠠᠳᠠᠭᠠᠳᠤ ᠭᠠᠷᠭᠠᠯᠲᠠ ᠶᠢᠨ ᠬᠡᠰᠡᠭ ᠳᠤᠮᠳᠠ ᠵᠢᠵᠢᠭ ᠠᠵᠤ ᠠᠬᠤᠶᠢᠯᠠᠯ ᠨᠢ ᠨᠢᠭᠡᠳᠦᠭᠡᠷ᠂ ᠬᠤᠶᠠᠳᠤᠭᠠᠷ ᠲᠥᠷᠥᠯ ᠤᠨ ᠠᠵᠤ ᠠᠬᠤᠶᠢᠯᠠᠯ ᠢᠶᠠᠷ ᠦᠨᠡᠯᠡᠭᠳᠡᠵᠦ ᠴᠢᠳᠠᠬᠤ ᠦᠭᠡᠢ ᠪᠠᠶᠢᠪᠠ᠃ ᠡᠨᠡ ᠬᠦ ᠵᠦᠢᠯ ᠤᠨ ᠨᠥᠬᠦᠴᠡᠯ ᠢ ᠦᠭᠡᠶᠢᠰᠬᠡᠭᠰᠡᠨ ᠤ ᠳᠠᠷᠠᠭ᠎ᠠ᠂ ᠤᠤᠯ ᠤᠨ ᠭᠤᠷᠪᠠᠳᠤᠭᠠᠷ ᠲᠥᠷᠥᠯ ᠤᠨ ᠠᠵᠤ ᠠᠬᠤᠶᠢᠯᠠᠯ ᠳᠣᠲᠣᠷᠠᠬᠢ ᠪᠤᠰᠤᠳ ᠨᠥᠬᠦᠴᠡᠯ ᠨᠢ ᠨᠢᠭᠡᠳᠦᠭᠡᠷ᠂ ᠬᠤᠶᠠᠳᠤᠭᠠᠷ ᠲᠥᠷᠥᠯ ᠤᠨ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠳᠤᠮᠳᠠ ᠵᠢᠵᠢᠭ ᠠᠵᠤ ᠠᠬᠤᠶᠢᠯᠠᠯ ᠨᠢ᠂ ᠲᠣᠭᠲᠠᠭᠠᠯ ᠶᠣᠰᠣᠭᠠᠷ ᠲᠥᠷᠥᠯ ᠬᠤᠪᠢᠶᠠᠨ ᠬᠠᠮᠢᠶᠠᠷᠬᠤ ᠲᠥᠷᠥᠯ ᠢᠯᠭᠠᠯ ᠢᠶᠠᠨ ᠲᠣᠬᠢᠷᠠᠭᠤᠯᠤᠨ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠭᠠᠶᠢᠯᠢ ᠪᠤᠴᠠᠭᠠᠬᠤ ᠠᠬᠢᠴᠠ ᠪᠠᠨ ᠲᠦᠷᠭᠡᠳᠬᠡᠵᠦ ᠪᠣᠯᠣᠨ᠎ᠠ᠃ 2. ᠬᠠᠮᠢᠶᠠᠷᠤᠯᠲᠠ ᠶᠢᠨ ᠲᠥᠷᠥᠯ ᠢᠯᠭᠠᠯ ᠤᠨ ᠣᠨ ᠤ ᠦᠨᠡᠯᠡᠨ ᠲᠣᠭᠲᠠᠭᠠᠬᠤ ᠤᠳᠠᠭ᠎ᠠ ᠶᠢᠨ ᠬᠢᠵᠠᠭᠠᠷᠯᠠᠯ ᠢ ᠦᠭᠡᠶᠢᠰᠬᠡᠪᠡ᠃ ︽ᠠᠷᠭ᠎ᠠ︾ ᠳᠤ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠷᠥᠯ ᠢᠯᠭᠠᠯ ᠢ ᠦᠨᠡᠯᠡᠨ ᠲᠣᠭᠲᠠᠭᠠᠬᠤ ᠠᠵᠢᠯ ᠢ ᠵᠢᠯ ᠪᠦᠷᠢ 1 ᠤᠳᠠᠭ᠎ᠠ ᠶᠠᠪᠤᠭᠤᠯᠤᠨ᠎ᠠ ᠭᠡᠵᠦ ᠲᠣᠭᠲᠠᠭᠠᠵᠤ᠂ ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠪᠠᠷ ᠭᠤᠶᠤᠴᠢᠯᠠᠨ ᠮᠡᠳᠡᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ 2018 ᠣᠨ ᠤ 16 ᠳ᠋ᠤᠭᠠᠷ ᠲᠣᠭᠠᠲᠤ︶ ᠲᠤ᠂ ︽ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠭᠠᠶᠢᠯᠢ ᠲᠤᠰᠢᠶᠠᠭᠰᠠᠨ ᠢᠲᠡᠭᠡᠮᠵᠢ ᠶᠢᠨ ᠳᠡᠰ ᠢᠯᠭᠠᠯ᠂ ᠬᠢᠯᠢ ᠶᠢᠨ ᠪᠣᠭᠤᠯᠲᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠷᠥᠯ ᠢᠯᠭᠠᠯ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠥᠷᠥᠯ ᠬᠤᠪᠢᠶᠠᠨ ᠬᠠᠮᠢᠶᠠᠷᠬᠤ ᠵᠡᠷᠭᠡ ᠳᠡᠰ ᠵᠡᠷᠭᠡ ᠳᠤ ᠬᠤᠪᠢᠷᠠᠯᠲᠠ ᠭᠠᠷᠤᠭᠰᠠᠨ ᠠᠴᠠ ᠪᠣᠯᠵᠤ᠂ ᠡᠰᠡᠬᠦᠯ᠎ᠡ ᠲᠥᠷᠥᠯ ᠬᠤᠪᠢᠶᠠᠨ ᠬᠠᠮᠢᠶᠠᠷᠬᠤ ᠲᠥᠷᠥᠯ ᠢᠯᠭᠠᠯ ᠢ ᠦᠨᠡᠯᠡᠨ ᠲᠣᠭᠲᠠᠭᠠᠬᠤ ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠷᠥᠯ ᠢᠯᠭᠠᠯ ᠢ ᠦᠨᠡᠯᠡᠨ ᠲᠣᠭᠲᠠᠭᠠᠬᠤ ᠶᠢ ᠬᠠᠷᠢᠭᠤᠴᠠᠵᠤ ᠪᠠᠶᠢᠭ᠎ᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠢᠶᠠᠷᠤᠯᠲᠠ ᠶᠢᠨ ᠲᠥᠷᠥᠯ ᠢᠯᠭᠠᠯ ᠢᠶᠠᠨ ᠳᠠᠬᠢᠵᠤ ᠦᠨᠡᠯᠡᠨ ᠲᠣᠭᠲᠠᠭᠠᠬᠤ ᠪᠠᠷ ᠪᠢᠴᠢᠭ ᠤᠨ ᠬᠡᠯᠪᠡᠷᠢ ᠪᠠᠷ ᠳᠤᠷᠠᠳᠴᠤ ᠪᠣᠯᠣᠨ᠎ᠠ︾ ᠭᠡᠵᠦ ᠲᠣᠳᠣᠷᠬᠠᠶᠢᠯᠠᠪᠠ᠃ ᠡᠨᠡ ᠤᠳᠠᠭ᠎ᠠ ︽ᠠᠯᠪᠠᠨ ᠵᠠᠷ︾ ᠲᠤ᠂ ︽ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠪᠠᠶᠢᠳᠠᠯ ᠲᠥᠯᠥᠪ ᠳᠤ ᠬᠤᠪᠢᠷᠠᠯᠲᠠ ᠭᠠᠷᠤᠭᠰᠠᠨ ᠤ ᠬᠠᠮᠲᠤ ᠬᠠᠮᠢᠶᠠᠷᠤᠯᠲᠠ ᠶᠢᠨ ᠲᠥᠷᠥᠯ ᠢᠯᠭᠠᠯ ᠳᠤ ᠪᠠᠨ ᠲᠣᠬᠢᠷᠠᠭᠤᠯᠤᠯᠲᠠ ᠬᠢᠬᠦ ᠪᠠᠷ ᠭᠤᠶᠤᠴᠢᠯᠠᠭᠰᠠᠨ ᠪᠣᠯ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠨᠡᠯᠡᠨ ᠲᠣᠭᠲᠠᠭᠠᠬᠤ ᠠᠵᠢᠯ ᠢ ᠴᠠᠭ ᠲᠤᠬᠠᠢ ᠳᠤ ᠨᠢ ᠥᠷᠨᠢᠭᠦᠯᠬᠦ ᠬᠡᠷᠡᠭᠲᠡᠢ︾ ᠭᠡᠵᠦ ᠤᠯᠠᠮ ᠨᠢᠭᠡ ᠠᠯᠬᠤᠮ ᠲᠣᠳᠣᠷᠬᠠᠶᠢᠯᠠᠪᠠ᠃ ᠡᠭᠦᠨ ᠠᠴᠠ ᠬᠤᠶᠢᠰᠢᠳᠠ ᠢᠲᠡᠭᠡᠮᠵᠢ ᠶᠢᠨ ᠵᠡᠷᠭᠡ ᠳᠡᠰ ᠨᠢ ᠥᠨᠳᠥᠷ᠂ ᠭᠠᠶᠢᠯᠢ ᠲᠤᠰᠢᠶᠠᠭᠰᠠᠨ ᠲᠡᠮᠳᠡᠭᠯᠡᠯ ᠨᠢ ᠰᠠᠶᠢᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ  ᠨᠢ ᠨᠢᠭᠡᠳᠦᠭᠡᠷ᠂ ᠬᠤᠶᠠᠳᠤᠭᠠᠷ ᠲᠥᠷᠥᠯ ᠤᠨ ᠬᠠᠮᠢᠶᠠᠷᠤᠯᠲᠠ ᠶᠢᠨ ᠲᠥᠷᠥᠯ ᠢᠯᠭᠠᠯ ᠤᠨ ᠪᠠᠷᠢᠮᠵᠢᠶ᠎ᠠ ᠳᠤ ᠬᠦᠷᠦᠭᠰᠡᠭᠡᠷ ᠳᠠᠷᠤᠢ ᠬᠠᠮᠢᠶᠠᠷᠤᠯᠲᠠ ᠶᠢᠨ ᠲᠥᠷᠥᠯ ᠢᠯᠭᠠᠯ ᠳᠤ ᠪᠠᠨ ᠠᠯᠢ ᠲᠦᠷᠭᠡᠨ ᠢᠶᠠᠷ ᠲᠣᠬᠢᠷᠠᠭᠤᠯᠤᠯᠲᠠ ᠬᠢᠵᠦ᠂ ᠥᠪᠡᠷ ᠤᠨ ᠭᠠᠶᠢᠯᠢ ᠪᠤᠴᠠᠭᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠪᠣᠯᠣᠨ᠎ᠠ᠃ 3. ᠡᠭᠦᠨ ᠠᠴᠠ ᠡᠮᠦᠨ᠎ᠡ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠥᠷᠥᠯ ᠬᠤᠪᠢᠶᠠᠵᠤ ᠲᠣᠬᠢᠷᠠᠭᠤᠯᠤᠯᠲᠠ ᠬᠢᠬᠦ ᠠᠵᠢᠯ ᠢ ᠶᠡᠷᠦ ᠶᠢᠨ ᠪᠠᠶᠢᠳᠠᠯ ᠳᠣᠣᠷ᠎ᠠ 20 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠤ ᠪᠠᠶᠢᠵᠠᠢ᠃ ᠡᠨᠡ ᠤᠳᠠᠭ᠎ᠠ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠡᠷᠦᠬᠡ ᠶᠢᠨ ᠲᠤᠭ᠎ᠠ ᠨᠢ ᠬᠡᠳᠦ᠋ᠢᠪᠡᠷ ᠨᠡᠯᠢᠶᠡᠳ ᠠᠷᠪᠢᠨ ᠪᠣᠯᠪᠠᠴᠤ ᠲᠣᠬᠢᠷᠠᠭᠤᠯᠤᠯᠲᠠ ᠬᠢᠬᠦ ᠠᠵᠢᠯ ᠢ ᠠᠯᠢ ᠲᠦᠷᠭᠡᠨ ᠢᠶᠠᠷ ᠪᠡᠶᠡᠯᠡᠭᠦᠯᠵᠦ᠂ ᠡᠭᠦᠨ ᠤ ᠤᠯᠠᠮ ᠠᠴᠠ ᠭᠠᠶᠢᠯᠢ ᠪᠤᠴᠠᠭᠠᠬᠤ ︵ᠬᠡᠯᠲᠦᠷᠢᠭᠦᠯᠬᠦ︶ ᠠᠬᠢᠴᠠ ᠶᠢ ᠲᠦᠷᠭᠡᠳᠬᠡᠬᠦ ᠶᠢᠨ ᠲᠥᠯᠥᠭᠡ᠂ ︽ᠠᠯᠪᠠᠨ ᠵᠠᠷ︾ ᠲᠤ᠂ ᠡᠯ᠎ᠡ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠣᠭᠲᠠᠭᠠᠯ ᠶᠣᠰᠣᠭᠠᠷ 15 ᠠᠵᠢᠯᠯᠠᠬᠤ ᠡᠳᠦᠷ ᠤᠨ ᠳᠣᠲᠣᠷ᠎ᠠ ᠡᠨᠡ ᠤᠳᠠᠭᠠᠨ ᠤ ᠦᠨᠡᠯᠡᠨ ᠲᠣᠭᠲᠠᠭᠠᠵᠤ ᠲᠣᠬᠢᠷᠠᠭᠤᠯᠤᠯᠲᠠ ᠬᠢᠬᠦ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ︵ᠬᠤᠶᠠᠷ︶ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ      ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ 2015 ᠣᠨ ᠤ 4 ᠳ᠋ᠦ᠋ᠭᠡᠷ ᠰᠠᠷ᠎ᠠ ᠳᠤ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠶᠢ ᠺᠣᠮᠫᠢᠦ᠋ᠲ᠋ᠧᠷᠴᠢᠯᠠᠬᠦ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢᠨ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠣᠳᠣᠬᠠᠨ ᠳᠤ ᠪᠦᠬᠦ ᠤᠯᠤᠰ ᠤᠨ ᠲᠥᠪᠡᠳ ᠠᠴᠠ ᠭᠠᠳᠠᠨᠠᠬᠢ ᠭᠠᠵᠠᠷ ᠣᠷᠣᠨ ᠳᠤ ᠨᠢᠭᠡᠨᠲᠡ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠪᠡ᠃ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠦᠭᠰᠡᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠨᠢ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠪᠠᠷ ᠵᠢᠩᠬᠢᠨᠢ ᠪᠠᠷ ᠭᠤᠶᠤᠴᠢᠯᠠᠨ ᠮᠡᠳᠡᠭᠦᠯᠬᠦ ᠵᠢᠴᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠬᠠᠮᠢᠶ᠎ᠠ ᠪᠦᠬᠦᠢ ᠭᠡᠷᠡᠴᠢᠯᠡᠭᠡ ᠭᠦᠢᠴᠡᠳᠬᠡᠬᠦ ᠦᠶ᠎ᠡ ᠳᠤ᠂ ᠵᠥᠪᠬᠡᠨ ᠲᠣᠭᠲᠠᠭᠠᠯ ᠶᠣᠰᠣᠭᠠᠷ ᠦᠨᠡᠨ ᠪᠣᠳᠠᠲᠤ ᠡᠯᠧᠺᠳ᠋ᠷᠣᠨ ᠳ᠋ᠠᠶᠢᠲ᠋ᠠ ᠶᠢ ᠬᠠᠩᠭᠠᠬᠤ ᠴᠢᠬᠤᠯᠠᠲᠠᠢ ᠪᠠᠶᠢᠵᠤ᠂ ᠤᠤᠯ ᠳᠤ ᠪᠠᠨ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠬᠦᠷᠭᠡᠭᠰᠡᠨ ᠴᠠᠭᠠᠰᠤᠨ ᠤ ᠭᠡᠷᠡᠴᠢ ᠪᠠᠷᠢᠮᠲᠠ ᠪᠠ ᠴᠠᠭᠠᠰᠤᠨ ᠤ ᠭᠤᠶᠤᠴᠢᠯᠠᠨ ᠮᠡᠳᠡᠭᠦᠯᠬᠦ ᠬᠦᠰᠦᠨᠦᠭ ᠢ ᠦᠯᠡᠳᠡᠭᠡᠨ ᠬᠠᠳᠠᠭᠠᠯᠠᠵᠤ ᠠᠵᠤ ᠠᠬᠤᠶᠢᠯᠠᠯ ᠤᠨ ᠬᠠᠶᠢᠨ ᠯᠠᠪᠠᠯᠬᠤ ᠳᠤ ᠪᠡᠯᠡᠳᠬᠡᠬᠦ ᠬᠡᠷᠡᠭᠲᠡᠢ ᠭᠡᠵᠦ ᠲᠣᠭᠲᠠᠭᠠᠵᠤ ᠪᠠᠶᠢᠵᠠᠢ᠃ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠤᠨ ᠠᠵᠢᠯ ᠤᠨ ᠰᠠᠭᠤᠷᠢᠨ ᠳᠡᠭᠡᠷ᠎ᠡ᠂ ︽ᠠᠯᠪᠠᠨ ᠵᠠᠷ︾ ᠲᠤ᠂ 2018 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠪᠦᠬᠦ ᠤᠯᠤᠰ ᠲᠤ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠳᠡᠯᠭᠡᠷᠡᠭᠦᠯᠦᠨ ᠬᠡᠷᠡᠭᠵᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠪᠠᠶᠢᠬᠤ ᠵᠠᠷᠴᠢᠮ ᠶᠣᠰᠣᠭᠠᠷ᠂ ᠺᠣᠮᠫᠢᠦ᠋ᠲ᠋ᠧᠷᠴᠢᠯᠠᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠦᠭᠰᠡᠨ ᠨᠢᠭᠡᠳᠦᠭᠡᠷ᠂ ᠬᠤᠶᠠᠳᠤᠭᠠᠷ ᠲᠥᠷᠥᠯ ᠤᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ︵ᠭᠤᠷᠪᠠ︶ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠶᠡᠭᠡ ᠬᠦᠴᠦᠨ ᠢᠶᠠᠷ ᠳᠡᠮᠵᠢᠪᠡ      ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠠᠴᠠ ᠳᠤᠮᠳᠠ ᠵᠢᠵᠢᠭ ᠠᠵᠤ ᠠᠬᠤᠶᠢᠯᠠᠯ ᠤᠨ ᠭᠠᠶᠢᠯᠢ ᠪᠤᠴᠠᠭᠠᠬᠤ ᠶᠢ ᠣᠷᠣᠯᠠᠨ ᠭᠦᠢᠴᠡᠳᠬᠡᠬᠦ ᠶᠢ ᠵᠣᠷᠢᠭᠵᠢᠭᠤᠯᠬᠤ ᠶᠢᠨ ᠲᠥᠯᠥᠭᠡ᠂ ︽ᠠᠯᠪᠠᠨ ᠵᠠᠷ︾ ᠲᠤ᠂ ᠡᠯ᠎ᠡ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠤᠨ ᠭᠠᠶᠢᠯᠢ ᠪᠤᠴᠠᠭᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠭᠦᠨ ᠠᠴᠠ ᠭᠠᠳᠠᠨ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠢ ᠵᠢᠯᠣᠭᠤᠳᠤᠨ ᠭᠠᠶᠢᠯᠢ ᠪᠤᠴᠠᠭᠠᠬᠤ ᠶᠢ ᠣᠷᠣᠯᠠᠨ ᠭᠦᠢᠴᠡᠳᠬᠡᠬᠦ ᠲᠦᠭᠰᠢᠭᠦᠷᠢ ᠶᠢ ᠨᠠᠮᠳᠠᠭᠠᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠤᠨ ᠵᠢᠷᠤᠮᠵᠢᠯ ᠲᠠᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠠᠯᠪᠠᠨ ᠵᠠᠷ︾ ᠲᠤ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠨ ᠦᠢᠯᠡᠴᠢᠯᠡᠬᠦ ᠠᠵᠤ ᠠᠬᠤᠶᠢᠯᠠᠯ ᠢ ᠵᠢᠯᠣᠭᠤᠳᠤᠨ ᠳᠣᠲᠣᠭᠠᠳᠤ ᠶᠢᠨ ᠲᠦᠭᠰᠢᠭᠦᠷᠢ ᠪᠠᠨ ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠵᠤ᠂ ᠳᠣᠲᠣᠭᠠᠳᠤ ᠶᠢᠨ ᠲᠦᠭᠰᠢᠭᠦᠷᠢ ᠪᠠᠨ ᠬᠠᠮᠢᠶᠠᠷᠤᠨ ᠡᠵᠡᠮᠳᠡᠬᠦ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ᠂ ᠭᠠᠶᠢᠯᠢ ᠪᠤᠴᠠᠭᠠᠬᠤ ᠶᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ ᠭᠡᠵᠦ ᠲᠣᠳᠣᠷᠬᠠᠶᠢᠯᠠᠪᠠ᠃ ︵ᠳᠥᠷᠪᠡ︶ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠦᠢᠯᠡᠴᠢᠯᠡᠭᠡ ᠶᠢ ᠢᠳᠡᠪᠬᠢᠲᠡᠢ ᠪᠠᠷ ᠰᠠᠶᠢᠲᠤᠷ ᠬᠢᠪᠡ       ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠠᠴᠠ ᠡᠳ᠋ ᠪᠠᠷᠠᠭ᠎ᠠ ᠪᠠᠨ ᠪᠣᠭᠤᠮᠲᠠ ᠳᠤ ᠮᠡᠳᠡᠭᠦᠯᠵᠦ ᠭᠠᠳᠠᠭᠠᠳᠤ ᠳᠤ ᠭᠠᠷᠭᠠᠭᠰᠠᠨ ᠤ ᠳᠠᠷᠠᠭ᠎ᠠ᠂ ᠠᠵᠤ ᠠᠬᠤᠶᠢᠯᠠᠯ ᠠᠴᠠ ᠬᠠᠭᠤᠳᠠᠰᠤ ᠪᠠᠷᠢᠮᠲᠠ ᠪᠠᠨ ᠪᠦᠷᠢᠨ ᠬᠤᠷᠢᠶᠠᠵᠤ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠬᠦᠷᠲᠡᠯᠡᠬᠢ ᠴᠠᠭ ᠨᠢ ᠨᠡᠯᠢᠶᠡᠳ ᠤᠷᠲᠤ᠂ ᠠᠵᠤ ᠠᠬᠤᠶᠢᠯᠠᠯ ᠤᠨ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠶᠢ ᠨᠥᠯᠥᠭᠡᠯᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ︽ᠠᠯᠪᠠᠨ ᠵᠠᠷ︾ ᠲᠤ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠥᠷᠥ ᠶᠢᠨ ᠪᠣᠳᠣᠯᠭ᠎ᠠ ᠶᠢᠨ ᠤᠬᠠᠭᠤᠯᠵᠤ ᠬᠠᠪᠰᠤᠷᠤᠨ ᠵᠢᠯᠣᠭᠤᠳᠬᠤ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢ᠂ ᠰᠦᠯᠵᠢᠶ᠎ᠡ᠂ ᠣᠬᠤᠷ ᠮᠡᠳᠡᠭᠡᠨ ᠤ ᠲᠠᠪᠴᠠᠩ᠂ ᠢᠮᠧᠯ᠂ ᠸᠢᠴᠠᠲ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠴᠠᠭ ᠲᠤᠬᠠᠢ ᠳᠤ ᠨᠢ ᠬᠠᠭᠤᠳᠠᠰᠤ ᠪᠠᠷᠢᠮᠲᠠ ᠪᠠᠨ ᠴᠤᠭᠯᠠᠭᠤᠯᠵᠤ ᠂ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠨᠥᠬᠦᠴᠡᠯ ᠢ ᠠᠯᠢ ᠲᠦᠷᠭᠡᠨ ᠢᠶᠠᠷ ᠬᠠᠩᠭᠠᠬᠤ ᠬᠡᠷᠡᠭᠲᠡᠢ ᠭᠡᠵᠦ ᠱᠠᠭᠠᠷᠳᠠᠵᠠᠢ᠃          ᠡᠭᠦᠨ ᠠᠴᠠ ᠭᠠᠳᠠᠨ᠎ᠠ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠭᠠᠶᠢᠯᠢ ᠪᠤᠴᠠᠭᠠᠬᠤ ᠶᠢ ᠭᠦᠢᠴᠡᠳᠬᠡᠭᠰᠡᠨ ᠦᠭᠡᠢ ᠠᠴᠠ ᠪᠣᠯᠵᠤ ᠪᠣᠢ ᠪᠣᠯᠭᠠᠭᠰᠠᠨ ᠬᠤᠬᠢᠷᠠᠯ ᠢ ᠪᠠᠭᠠᠰᠬᠠᠬᠤ ᠶᠢᠨ ᠲᠥᠯᠥᠭᠡ᠂ ︽ᠠᠯᠪᠠᠨ ᠵᠠᠷ︾ ᠲᠤ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠪᠠᠷ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠥᠮᠥᠷᠭᠡ ᠳᠤ ᠪᠤᠴᠠᠭᠠᠬᠤ ᠠᠬᠢᠴᠠ ᠵᠢᠴᠢ ᠭᠠᠶᠢᠯᠢ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠴᠠᠭ ᠤᠨ ᠬᠢᠵᠠᠭᠠᠷ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠠᠩᠬᠠᠷᠤᠭᠤᠯᠤᠨ ᠰᠠᠨᠠᠭᠤᠯᠵᠤ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠪᠤᠴᠠᠭᠠᠭᠰᠠᠨ ᠭᠠᠶᠢᠯᠢ ᠶᠢ ᠴᠠᠭ ᠲᠤᠬᠠᠢ ᠳᠤ ᠨᠢ᠂ ᠭᠦᠢᠴᠡᠳ ᠬᠡᠮᠵᠢᠶ᠎ᠡ ᠪᠠᠷ ᠣᠯᠬᠤ ᠳᠤ ᠳᠥᠭᠦᠮ ᠦᠵᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ︵ᠲᠠᠪᠤ︶ ᠬᠡᠷᠡᠭᠵᠢᠭᠦᠯᠬᠦ ᠴᠠᠭ ᠢ ᠲᠣᠳᠣᠷᠬᠠᠶᠢᠯᠠᠪᠠ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠠᠷᠭ᠎ᠠ︾ ᠶᠢᠨ ᠲᠠᠪᠤᠳᠤᠭᠠᠷ ᠵᠤᠷᠪᠤᠰ ᠤᠨ ᠨᠢᠭᠡᠳᠦᠭᠡᠷ ᠵᠦᠢᠯ ᠤᠨ 3 ᠳ᠋ᠤᠭᠠᠷ ᠲᠥᠷᠥᠯ᠂ ᠵᠢᠷᠭᠤᠳᠤᠭᠠᠷ ᠵᠤᠷᠪᠤᠰ ᠤᠨ ᠭᠤᠷᠪᠠᠳᠤᠭᠠᠷ ᠵᠦᠢᠯ᠂ ᠶᠢᠰᠦᠳᠦᠭᠡᠷ ᠵᠤᠷᠪᠤᠰ ᠤᠨ ︽ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠷᠥᠯ ᠢᠯᠭᠠᠯ ᠢ ᠦᠨᠡᠯᠡᠨ ᠲᠣᠭᠲᠠᠭᠠᠬᠤ ᠠᠵᠢᠯ ᠢ ᠵᠢᠯ ᠪᠦᠷᠢ 1 ᠤᠳᠠᠭ᠎ᠠ ᠶᠠᠪᠤᠭᠤᠯᠵᠤ᠂ ᠠᠵᠤ ᠠᠬᠤᠶᠢᠯᠠᠯ ᠤᠨ ᠭᠠᠶᠢᠯᠢ ᠲᠤᠰᠢᠶᠠᠭᠰᠠᠨ ᠢᠲᠡᠭᠡᠮᠵᠢ ᠶᠢᠨ ᠵᠡᠷᠭᠡ ᠳᠡᠰ ᠢ ᠦᠨᠡᠯᠡᠭᠰᠡᠨ ᠦᠷ᠎ᠡ ᠳ᠋ᠦᠩ ᠢ ᠲᠣᠭᠲᠠᠭᠠᠭᠰᠠᠨ ᠤ ᠳᠠᠷᠠᠭ᠎ᠠ 1 ᠰᠠᠷ᠎ᠠ ᠶᠢᠨ ᠳᠣᠲᠣᠷ᠎ᠠ ᠪᠡᠶᠡᠯᠡᠭᠦᠯᠬᠦ ᠬᠡᠷᠡᠭᠲᠡᠢ︾ ᠭᠡᠰᠡᠨ ᠲᠣᠭᠲᠠᠭᠠᠯ ᠢ ᠵᠡᠷᠭᠡ ᠳᠤ ᠨᠢ ᠬᠦᠴᠦᠨ ᠦᠭᠡᠢ ᠪᠣᠯᠭᠠᠵᠠᠢ᠃        
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号