ᠮᠠᠨ ᠤ ᠬᠤᠲᠠ ︽ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠡᠷᠡᠯᠬᠡᠭᠯᠡᠨ ᠤᠷᠤᠭᠰᠢᠯᠠᠶ᠎ᠠ — ᠨᠠᠮ ᠪᠠᠶᠢᠭᠤᠯᠣᠭᠳᠠᠭᠰᠠᠨ 99 ᠵᠢᠯ ᠤᠨ ᠣᠶ ᠶᠢ ᠳᠤᠷᠠᠰᠬᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/7/1
          6 ᠳ᠋ᠤᠭᠠᠷ ᠰᠠᠷ᠎ᠠ ᠶᠢᠨ 24 ᠤ ᠡᠳᠦᠷ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠳ᠋ᠢᠩ ᠰᠢᠨ ᠬᠦᠷᠦᠩᠭᠡ ᠬᠤᠷᠠᠮᠳᠣᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ︽ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠡᠷᠡᠯᠬᠡᠭᠯᠡᠨ ᠣᠷᠣᠭᠰᠢᠯᠠᠶ᠎ᠠ — ᠨᠠᠮ ᠪᠠᠶᠢᠭᠤᠯᠣᠭᠳᠠᠭᠰᠠᠨ 99 ᠵᠢᠯ ᠤᠨ ᠣᠶ ᠶᠢ ᠳᠤᠷᠠᠰᠬᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᡁᠢ ᠫᠢᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠵᠠᠩ ᠴᠦᠨ ᠯᠢᠨ᠂ ᠬᠤᠲᠠ ᠶᠢᠨ ᠳᠡᠳ᠋ ᠳᠠᠷᠤᠭ ᠎ᠠ ᠭᠦᠸᠧ ᠫᠢᠩ ᠸᠠᠩ᠂ ᠱᠣᠤ ᠱᠢ ᠴᠢᠶᠠᠩ ᠠᠵᠢᠯᠯᠠᠭ᠎ᠠ ᠳᠤ ᠣᠷᠣᠯᠴᠠᠵᠠᠶ᠃
          ᠠᠵᠢᠯᠯᠠᠭ᠎ᠠ ᠳᠡᠭᠡᠷ᠎ᠡ᠂ ᠵᠠᠩ ᠴᠦᠨ ᠯᠢᠨ ᠪᠦᠬᠦ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ᠂ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠡᠷᠭᠢᠴᠡᠭᠦᠯᠵᠦ᠂ ᠪᠦᠬᠦ ᠨᠠᠮ ᠤᠨ ᠭᠡᠰᠢᠭᠦᠳ ᠭᠠᠯ ᠤᠯᠠᠭᠠᠨ ᠨᠠᠮ ᠤᠨ ᠲᠤᠭ ᠤᠨ ᠡᠮᠦᠨ᠎ᠡ ᠡᠪ ᠬᠠᠮᠲᠤ ᠨᠠᠮ ᠤᠨ ᠭᠡᠰᠢᠭᠦᠨ ᠤ ᠬᠠᠮᠤᠭ ᠤᠨ ᠠᠷᠢᠭᠤᠨ ᠳᠠᠷᠬᠠᠨ᠂ ᠬᠠᠮᠤᠭ ᠤᠨ ᠲᠥᠪ ᠴᠢᠩᠭ᠎ᠠ ᠠᠮᠠᠯᠠᠯᠲᠠ ᠬᠢᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠢᠭᠤᠨ ᠲᠠᠷᠬᠠᠨ ᠳᠠᠪᠲᠠᠯᠲᠠ ᠶᠢ ᠬᠦᠯᠢᠶᠡᠵᠦ ᠂ ᠨᠠᠮ ᠳᠤ ᠪᠠᠨ ᠬᠠᠷᠢᠴᠠᠯᠠᠰᠢ ᠦᠬᠡᠢ ᠦᠨᠡᠨᠴᠢ ᠰᠢᠳᠤᠷᠭᠤ᠂ ᠨᠠᠮ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠪᠠᠲᠤ ᠴᠢᠩᠭ᠎ᠠ ᠢᠲᠡᠭᠡᠯ ᠵᠣᠷᠢᠭ ᠪᠠ ᠡᠷᠡᠰ ᠪᠠᠲᠤ ᠵᠣᠷᠢᠭ ᠢᠶᠠᠨ ᠭᠦᠨᠵᠡᠭᠡᠢ ᠢᠯᠡᠳᠬᠡᠪᠡ᠃
        ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠲᠥᠪ ᠴᠢᠩᠭ᠎ᠠ ᠠᠮᠠᠯᠠᠯᠲᠠ ᠪᠠᠨ ᠨᠠᠷᠢᠨ ᠬᠢᠨᠠᠮᠠᠭᠠᠢ ᠦᠢᠯᠡᠳᠦᠯᠬᠡᠵᠢᠭᠦᠯᠵᠣ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠦᠷᠭᠦᠯᠵᠢᠯᠡᠨ ᠤᠷᠤᠭᠰᠢᠯᠠᠵᠤ ᠂  ᠨᠢᠭᠡᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠤ ᠱᠠᠭᠠᠷᠳᠠᠯᠭ᠎ᠠ ᠪᠠᠷ ᠴᠠᠭ ᠢᠮᠠᠭᠲᠠ ᠥᠪᠡᠷ ᠢ ᠪᠠᠨ ᠱᠠᠭᠠᠷᠳᠠᠵᠣ᠂ ᠨᠠᠮ ᠪᠠ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠂ ᠡᠬᠡ ᠣᠷᠣᠨᠴᠢ ᠰᠡᠳᠬᠢᠯᠭᠡ᠂ ᠡᠬᠡ ᠤᠯᠤᠰ ᠲᠠᠭᠠᠨ ᠵᠢᠳᠬᠦᠬᠦ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠶᠢᠨ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠤᠬᠡᠨ ᠬᠠᠷᠢᠭᠤᠴᠠᠯᠭᠠᠲᠤ ᠰᠡᠳᠬᠢᠯᠭᠡ ᠪᠣᠯᠭᠠᠨ᠂ ᠤᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠵᠥᠷᠢᠶ᠎ᠡ ᠪᠠᠨ ᠡᠷᠢᠵᠦ᠂ ᠨᠠᠶᠢᠳᠠᠪᠣᠷᠢᠵᠢᠭᠤᠯᠣᠯᠳᠠ ᠶᠢ ᠠᠳᠬᠤᠵᠣ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠦᠨᠡᠨᠴᠢ ᠰᠢᠳᠤᠷᠭᠤ ᠤᠯᠤᠰ ᠤᠨ ᠡᠭᠦᠳᠡ ᠶᠢᠨ ᠬᠠᠮᠠᠭᠠᠯᠠᠭᠴᠢ ᠪᠤᠯᠵᠤ᠂ ᠬᠢᠯᠢ ᠶᠢᠨ ᠪᠣᠭᠤᠮᠳᠠ ᠳᠤ ᠰᠠᠭᠤᠷᠢᠯᠠᠨ᠂ ᠡᠷᠡᠮᠡᠬᠡᠶᠢᠯᠡᠨ ᠤᠷᠤᠭᠰᠢᠯᠠᠭᠰᠠᠨ ᠰᠦᠷᠯᠢᠭ ᠰᠠᠶᠢᠬᠠᠨ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ ᠭᠡᠳᠡᠭ ᠢᠶᠠᠨ ᠢᠯᠡᠷᠭᠡᠶᠢᠯᠡᠪᠡ︕
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号