ᠬᠠᠮᠲᠤᠷᠠᠭᠰᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ— ᠨᠠᠮ ᠤᠨ ᠳᠤᠭ  ᠣᠯᠣᠰ ᠤᠨ ᠡᠬᠦᠳᠠᠡ ᠳᠤ ᠰᠦᠨᠳᠡᠷᠯᠡᠨ᠎ᠡ
ᠨᠡᠶᠢᠲᠡᠯᠡᠭᠰᠡᠨ ᠴᠠᠭ᠄
2020/7/1
      ᠴᠠᠭ ᠮᠥᠴᠡ ᠢᠲᠡᠭᠡᠯ ᠪᠢᠰᠢᠷᠡᠯ ᠢ ᠬᠥᠪᠴᠢᠯᠡᠵᠦ᠂  ᠣᠨ ᠰᠠᠷ᠎ᠠ ᠤᠭ ᠰᠠᠨᠠᠭ᠎ᠠ ᠶᠢ ᠭᠡᠷᠡᠴᠢᠯᠡᠨ᠎ᠡ᠃ ᠡᠨᠡ ᠵᠢᠯ ᠪᠣᠯ ᠳᠤᠮᠳᠠᠳᠤ ᠤᠯᠤᠰ  ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠢ ᠪᠣᠯᠤᠨ᠎ᠠ᠂ ︽ᠳᠣᠯᠣᠭᠠᠨ ᠰᠠᠷ᠎ᠠ ᠶᠢᠨ ᠨᠢᠭᠡᠨ︾ ᠤ ᠨᠠᠮ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 6 ᠰᠠᠷ᠎ᠠ ᠶᠢᠨ 29 ᠤ ᠡᠳᠦᠷ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠦᠷᠦᠭᠦᠯᠡᠨ ᠨᠠᠮ ᠤᠨ ᠡᠳᠦᠷ ᠤᠨ ᠬᠠᠮᠲᠤᠷᠠᠭᠰᠠᠨ ᠠᠵᠢᠯᠯᠠᠭ᠎ᠠ ᠥᠷᠨᠢᠭᠦᠯᠵᠡᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠨᠠᠷᠠᠨᠳᠠᠨ᠎ᠠ᠂ ᠬᠤᠲᠠ ᠶᠢᠨ ᠳᠡᠳ᠋ ᠳᠠᠷᠤᠭ᠎ᠠ  ᠴᠤᠭ ᠪᠣᠯᠤᠨ ᠨᠠᠮ ᠵᠠᠰᠠᠭ ᠤᠨ ᠪᠠᠶᠢᠭᠤᠯᠭ᠎ᠠ᠂ ᠬᠤᠲᠠ ᠶᠢᠨ ᠨᠠᠮ ᠤᠨ ᠬᠤᠷᠢᠶᠠᠨ ᠤ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠰᠢᠭᠤᠳ  ᠬᠠᠮᠢᠶᠠᠷᠣᠯᠳᠠ ᠶᠢᠨ ᠪᠠᠶᠢᠭᠤᠯᠭ᠎ᠠ ᠵᠡᠷᠭᠡ 21 ᠨᠢᠭᠡᠴᠡ ᠶᠢᠨ 260 ᠭᠠᠷᠤᠶ ᠨᠠᠮ ᠤᠨ  ᠬᠡᠰᠢᠬᠦᠳ‌ᠠᠵᠢᠯᠯᠠᠭ᠎ᠠ ᠳᠤ  ᠣᠷᠣᠯᠴᠠᠪᠠ᠃
                 ᠠᠬᠤᠢ ᠳᠠᠯᠠᠪᠠᠢ
  ᠨᠠᠷᠠᠨᠳᠠᠨ᠎ᠠ᠂ ᠴᠤᠭ   ᠠᠴᠠ ᠬᠢᠯᠢ ᠶᠢᠨ ᠪᠠᠶᠢᠴᠠᠭᠠᠬᠤ ᠥᠷᠲᠡᠭᠡᠨ ᠤ ᠨᠠᠮ ᠤᠨ ᠬᠤᠷᠢᠶᠠᠨ ᠤ ᠪᠡᠯᠡᠳᠬᠡᠯ ᠨᠠᠮ ᠤᠨ ᠬᠡᠰᠢᠬᠦᠳ ᠲᠤ ᠨᠠᠮ ᠤᠨ ᠰᠦᠯᠳᠡ ᠵᠡᠭᠦᠯᠭᠡᠵᠦ  ᠪᠠᠶᠢᠨ᠎ᠠ       ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠬᠤ ᠥᠷᠲᠡᠭᠡᠨ ᠤ ᠤᠯᠤᠰ  ᠤᠨ ᠲᠤᠭ ᠤᠨ ᠬᠠᠮᠠᠭᠠᠯᠠᠯᠲᠠ ᠶᠢᠨ ᠠᠩᠭᠢ ᠴᠤᠭ ᠵᠢᠪᠬᠤᠭ᠎ᠠ ᠪᠠᠳᠠᠷᠠᠩᠭᠤᠶ᠂ ᠲᠡᠷᠢ ᠲᠡᠭᠰᠢ ᠡᠷᠡᠰ ᠪᠠᠲᠤ ᠠᠯᠬᠤᠭ᠎ᠠ ᠪᠠᠷ ᠤᠯᠤᠰ ᠤᠨ ᠲᠤᠭ ᠢᠶᠠᠨ ᠬᠠᠮᠠᠭᠠᠯᠠᠨ ᠲᠤᠭ ᠮᠠᠨᠳᠤᠭᠤᠯᠬᠤ ᠲᠠᠪᠴᠠᠩ ᠵᠦᠭ ᠤᠷᠤᠭᠰᠢᠯᠠᠨ᠎ᠠ᠃ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠳᠤᠮᠳᠠ᠂ ᠬᠤᠷᠴᠠ ᠤᠯᠠᠭᠠᠨ ᠲᠠᠪᠤᠨ ᠣᠳᠣᠲᠤ ᠤᠯᠠᠭᠠᠨ ᠲᠤᠭ ᠠᠯᠭᠤᠷᠬᠠᠨ ᠨᠠᠮᠢᠷᠠᠨ᠎ᠠ᠃ ᠲᠤᠬᠠᠢ ᠶᠢᠨ ᠲᠠᠯᠠᠪᠠᠢ ᠶᠢᠨ ᠨᠠᠮ ᠤᠨ ᠭᠡᠰᠢᠭᠦᠨ ᠺᠠᠳ᠋ᠷ ᠤᠨ ᠰᠡᠳᠬᠢᠯ ᠳᠣᠭᠳᠣᠯᠵᠤ᠂ ᠤᠯᠤᠰ ᠤᠨ ᠲᠤᠭ ᠢ ᠰᠢᠷᠲᠡᠨ᠂ ᠡᠬᠡ ᠣᠷᠣᠨᠴᠢ ᠭᠦᠨ ᠵᠤᠵᠠᠭᠠᠨ ᠬᠠᠶᠢᠷ᠎ᠠ ᠰᠡᠳᠬᠢᠯᠭᠡ  ᠬᠦᠮᠦᠰ ᠤᠨ ᠰᠡᠳᠬᠢᠯᠭᠡ  ᠶᠢ ᠳᠣᠭᠳᠣᠯᠣᠭᠤᠯᠣᠨ᠎ᠠ᠃  ᠳᠠᠷᠠᠭ᠎ᠠ ᠳᠤ ᠨᠢ᠂ ᠥᠷᠭᠡᠨ ᠣᠯᠠᠨ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ  ᠢᠶᠠᠨ ᠳᠠᠬᠢᠨ ᠳᠠᠩᠭᠠᠷᠢᠭᠯᠠᠵᠦ᠂ ᠡᠪ ᠬᠠᠮᠲᠤ ᠨᠠᠮ ᠤᠨ ᠭᠡᠰᠢᠭᠦᠨ ᠤ ᠬᠠᠮᠤᠭ ᠤᠨ ᠠᠷᠢᠭᠤᠨ ᠳᠠᠷᠬᠠᠨ᠂ ᠬᠠᠮᠤᠭ ᠤᠨ ᠲᠥᠪ ᠴᠢᠩᠭ᠎ᠠ ᠠᠮᠠᠯᠠᠯᠲᠠ ᠬᠢᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠢᠭᠤᠨ ᠳᠠᠷᠬᠠᠨ ᠤᠬᠢᠶᠠᠯ ᠢ ᠬᠦᠯᠢᠶᠡᠵᠦ᠂ ᠨᠠᠮ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠨᠠᠮ ᠤᠨ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠬᠦ ᠪᠠᠲᠤ ᠴᠢᠩᠭ᠎ᠠ ᠢᠲᠡᠭᠡᠯ ᠵᠣᠷᠢᠭ ᠪᠠ ᠡᠷᠡᠰ ᠪᠠᠲᠤ ᠵᠣᠷᠢᠭ ᠢᠶᠠᠨ ᠭᠦᠨᠵᠡᠭᠡᠢ ᠢᠯᠡᠳᠬᠡᠵᠡᠢ᠃
      ᠥᠷᠭᠡᠨ ᠤᠯᠠᠨ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨᠲᠠ ᠡᠷᠭᠢᠴᠡᠭᠦᠯᠪᠡ        ︽ᠨᠢᠭᠡᠨ ᠪᠡᠯᠡᠳᠬᠡᠯ ᠨᠠᠮ ᠤᠨ ᠭᠡᠰᠢᠭᠦᠨ᠂ ᠰᠤᠪᠢᠯᠠᠭᠴᠢ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ ᠪᠢ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠰᠠᠶᠢᠲᠤᠷ ᠬᠢᠵᠦ᠂ ᠥᠪᠡᠷ ᠢ ᠪᠠᠨ ᠡᠪ ᠬᠠᠮᠲᠤ ᠨᠠᠮ ᠤᠨ ᠭᠡᠰᠢᠭᠦᠨ ᠭᠡᠳᠡᠭ ᠢᠶᠠᠨ ᠴᠠᠭ ᠢᠮᠠᠭᠲᠠ ᠪᠠᠲᠤ ᠴᠡᠭᠡᠵᠢᠯᠡᠨ᠎ᠡ᠃ ᠦᠢᠯᠡ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠦᠨ᠎ᠡ︾ ᠬᠡᠵᠦ᠂ ᠬᠤᠲᠠ ᠶᠢᠨ ᠡᠮᠨᠡᠯᠭᠡ ᠶᠢᠨ ᠬᠤᠷᠢᠶᠠᠨ ᠤ ᠬᠡᠤᠬᠡᠳ ᠤᠨ ᠰᠠᠯᠠᠭᠠᠨ ᠤ ᠰᠤᠪᠢᠯᠠᠭᠴᠢ ᠵᠠᠩ ᠸᠧᠶ ᠬᠤᠸᠠ ᠶᠠᠷᠢᠶᠠᠨ ᠳᠠᠭᠠᠨ ᠬᠡᠯᠡᠪᠡ᠃
    ᠠᠵᠢᠯᠯᠠᠭ᠎ᠠ ᠶᠢᠨ ᠡᠴᠦᠰ ᠲᠤ᠂ ᠪᠥᠬᠦ ᠨᠠᠮ ᠤᠨ ᠭᠡᠰᠢᠭᠦᠳ ᠬᠠᠨ᠎ᠠ ᠳᠡᠭᠡᠷ᠎ᠡ ᠭᠠᠷ ᠤᠨ ᠥᠰᠥᠭ   ᠢᠶᠠᠨ ᠵᠢᠷᠣᠵᠦ ᠬᠠᠮᠳᠦ ᠶᠢᠨ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃           ᠡᠨᠡ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠨᠠᠮ ᠤᠨ ᠭᠡᠰᠢᠭᠦᠨ ᠺᠠᠳ᠋ᠷᠴᠤᠳ ᠢ ᠬᠦᠰᠡᠯᠡᠩ ᠢᠲᠡᠭᠡᠯ ᠪᠢᠰᠢᠷᠡᠯ ᠢᠶᠠᠨ ᠨᠠᠩ ᠪᠠᠳᠣᠳᠬᠠᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ  ᠪᠠᠨ ᠣᠬᠠᠮᠰᠠᠷ ᠠᠴᠠ ᠪᠠᠨ  ᠴᠢᠩᠭ᠎ᠠ ᠰᠠᠬᠢᠵᠦ᠂ ᠣᠷᠭᠢᠯᠤᠮ᠎ᠠ ᠬᠠᠯᠠᠭᠤᠨ ᠰᠡᠳᠬᠢᠯᠭᠡ  ᠶᠢ ᠡᠪᠣᠷᠯᠡᠨ  ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠨᠡᠨ ᠬᠦ ᠪᠠᠳᠠᠷᠠᠭᠤᠯᠵᠤ᠂ ᠡᠪ ᠬᠠᠮᠲᠤ ᠨᠠᠮ ᠤᠨ ᠭᠡᠰᠢᠭᠦᠨ ᠤ ᠤᠯᠤᠰ ᠲᠥᠷᠥ ᠶᠢᠨ ᠮᠥᠨ ᠴᠢᠨᠠᠷ   ᠢ ᠡᠭᠦᠷᠢᠳᠡ ᠬᠠᠳᠠᠭᠠᠯᠠᠵᠤ᠂ ᠡᠷᠢᠶᠡᠨ ᠬᠤᠳᠠ ᠶᠢ ᠳᠤᠮᠳᠠᠳᠤ ᠤᠯᠤᠰ ᠤᠨ ᠤᠮᠠᠷᠠᠲᠤ ᠣᠷᠣᠨ ᠤ ᠲᠡᠷᠢᠭᠦᠨ ᠵᠡᠷᠭᠡ ᠶᠢᠨ ᠪᠣᠭᠤᠮᠲᠠ ᠶᠢᠨ ᠬᠤᠲᠠ ᠪᠣᠯᠭᠠᠨ ᠪᠦᠲᠦᠭᠡᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ  ᠲᠥᠯᠥᠭᠡ ᠴᠢᠷᠮᠠᠶᠢᠨ ᠳᠡᠮᠡᠴᠡᠬᠦ ᠶᠢ ᠨᠠᠩ ᠰᠠᠶᠢᠨ  ᠠᠬᠢᠭᠤᠯᠣᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号