| ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠦᠪᠡᠳᠡᠭᠰᠢ | ᠶᠡᠭᠡ ᠪᠠᠷ ᠳᠣᠷᠠᠰᠣᠨ᠂ ᠨᠠᠮ ᠤᠨ ᠭᠡᠷᠡᠯ ᠰᠠᠴᠤᠷᠠᠩᠭᠤᠶ ᠲᠡᠤᠬᠡᠨ ᠥᠩᠭᠡᠷᠡᠯᠲᠡ ᠶᠢ ᠡᠷᠭᠢᠴᠡᠭᠦᠯᠵᠦ᠂ ᠨᠠᠮ ᠤᠨ | ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠭᠡᠰᠢᠭᠦᠨ ᠺᠠᠳ᠋ᠷ ᠤᠨ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠣᠯᠠᠨ ᠨᠠᠮ ᠤᠨ ᠭᠡᠰᠢᠭᠦᠨ ᠤ ᠢᠷᠠᠭᠤ ᠠᠯᠳᠠᠷᠲᠤ | ᠰᠡᠳᠬᠢᠯᠭᠡ᠂ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠳᠬᠠᠬᠤ ᠶᠢᠨ ᠳᠣᠯᠠᠳᠠ᠂ 6 ᠰᠠᠷ᠎ᠠ ᠶᠢᠨ 30 ᠤ | ᠡᠳᠦᠷ᠂ ᠬᠤᠲᠠ ᠶᠢᠨ ᠤᠯᠠᠭᠠᠨᠮᠥ᠋ᠴᠢᠷ᠂ ᠤᠮᠠᠷᠠᠲᠤ ᠬᠢᠯᠢ ᠶᠢᠨ ᠨᠡᠶᠢᠭᠡᠮ ᠲᠣᠭᠤᠷᠢᠭ᠂ ᠦᠨᠳᠣᠰᠣᠳᠡᠨ ᠤ | ᠬᠡᠤᠬᠡᠳ ᠤᠨ ᠴᠡᠴᠡᠷᠯᠢᠭ ᠬᠠᠮᠲᠤᠷᠠᠨ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠪᠡᠯᠭᠡᠯᠡᠬᠦ ᠭᠤᠤᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠶᠢ ᠡᠷᠭᠢᠯᠡᠪᠡ᠃ | | | | | ᠨᠠᠮ ᠤᠨ ᠭᠡᠰᠢᠭᠦᠨ ᠺᠠᠳ᠋ᠷᠴᠣᠳ ᠳᠠᠩᠭᠠᠷᠢᠭ ᠡᠷᠬᠦᠵᠦ ᠪᠠᠶᠢᠨ᠎ᠠ | | ᠨᠠᠮ ᠤᠨ ᠭᠡᠰᠢᠭᠦᠳ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠳᠤ ᠬᠦᠷᠴᠦ᠂ ᠤᠯᠤᠰ ᠤᠨ | ᠡᠬᠦᠳᠠ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠭᠤᠤᠯ ᠰᠡᠳᠦᠪᠲᠦ ᠬᠥᠮᠦᠵᠢᠯ ᠢ ᠦᠷᠨᠢᠬᠦᠯᠵᠦ᠂ | ᠤᠯᠤᠰ ᠲᠥᠷᠥ ᠶᠢᠨ ᠣᠨᠣᠯ ᠤᠨ ᠬᠢᠷᠢ ᠲᠦᠪᠰᠢᠨ ᠢ ᠬᠠᠮᠲᠤ ᠪᠠᠷ ᠳᠡᠭᠡᠭᠰᠢᠯᠡᠭᠦᠯᠦᠨ᠎ᠡ᠃ ᠤᠯᠤᠰ ᠤᠨ ᠡᠭᠦᠳᠡᠨ ᠤ | ᠳᠣᠣᠷ᠎ᠠ᠂ ᠰᠦᠷ ᠵᠢᠪᠬᠤᠯᠠᠩᠲᠤ ᠬᠢᠯᠢ ᠶᠢᠨ ᠬᠥᠰᠢᠶ᠎ᠡ ᠶᠢᠨ ᠬᠠᠵᠠᠭᠤ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ | ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠡᠷᠭᠢᠴᠡᠭᠦᠯᠵᠦ᠂ ᠨᠠᠮ ᠤᠨ ᠭᠡᠰᠢᠭᠦᠨ ᠤ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠵᠣᠷᠢᠭᠵᠢᠭᠤᠯᠪᠠ᠃ | | | | | ᠤᠷᠠᠨ ᠰᠠᠶᠢᠬᠠᠨ ᠤ ᠲᠣᠭᠯᠠᠯᠲᠠ | | ᠤᠯᠠᠭᠠᠨᠮᠥ᠋ᠴᠢᠷ ᠤᠨ ᠨᠠᠮ ᠤᠨ ᠭᠡᠰᠢᠭᠦᠨ ᠤ ᠭᠤᠴᠣᠯᠠᠯ ᠳᠠᠭᠤᠤ ︽ᠨᠤᠲᠤᠭ ᠤᠨ ᠳᠠᠭᠤᠤ ᠳᠠᠭᠤᠯᠠᠵᠤ | ᠨᠠᠮ ᠳᠤ ᠰᠣᠨᠣᠰᠬᠠᠬᠤ︾ ᠶᠢ ᠳᠠᠭᠠᠯᠳᠤᠨ᠂ ᠨᠠᠮ ᠤᠨ ᠡᠳᠦᠷ ᠤᠨ ᠠᠵᠢᠯᠯᠠᠭ᠎ᠠ ᠶᠢᠨ ᠠᠭᠤᠷ ᠠᠮᠢᠰᠬᠤᠯ ᠢ | ᠣᠷᠭᠢᠯ ᠳᠤ ᠬᠦᠷᠬᠡᠵᠦ ᠳᠠᠭᠤᠯᠠᠨ ᠪᠥᠵᠢᠭᠯᠡᠬᠦ ᠳᠡᠭᠡᠨ ᠴᠢᠳᠠᠮᠠᠭᠠᠶ ᠨᠠᠮ ᠤᠨ ᠭᠡᠰᠢᠭᠦᠨ ᠬᠤᠶᠢᠨ᠎ᠠ ᠬᠤᠶᠢᠨ᠎ᠠ ᠠᠴᠠ ᠪᠠᠨ | ᠠᠪᠢᠶᠠᠰ ᠴᠢᠳᠠᠪᠣᠷᠢ ᠪᠠᠨ ᠪᠠᠳᠠᠷᠠᠭᠤᠯᠣᠨ᠎ᠠ᠃ ᠡᠷᠡᠭᠲᠡᠶ ᠰᠤᠷᠤᠭᠴᠢᠳ ᠤᠨ ᠭᠤᠴᠣᠯᠠᠯ ᠳᠠᠭᠤᠤ᠂ ᠣᠯᠠᠨ ᠬᠥᠮᠦᠨ ᠤ | ᠨᠠᠶᠢᠷᠠᠯ ᠳᠠᠭᠤᠤ᠂ ᠦᠨᠳᠦᠰᠦᠲᠡᠨ ᠤ ᠪᠥᠵᠢᠭ᠂ ᠢᠷᠠᠭᠤ ᠨᠠᠶᠢᠷᠠᠭ ᠤᠷᠠᠨ ᠤᠩᠰᠢᠯᠭ᠎ᠠ ᠵᠡᠷᠭᠡ ᠬᠡᠪ ᠨᠠᠮᠪᠠ ᠶᠢᠨ | ᠲᠣᠭᠯᠠᠯᠲᠠ ᠣᠯᠠᠨ ᠳᠤ ᠳᠣᠳᠣᠷᠠᠭᠤᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠠᠨᠳᠠ | ᠬᠦᠷᠳᠡᠪᠡ᠃ | | | | | | ᠬᠠᠮᠲᠤ ᠶᠢᠨ ᠰᠡᠭᠦᠳᠡᠷ ᠲᠠᠲᠠᠨ᠎ᠠ | | ᠳᠡᠬᠦᠰᠬᠡᠯ ᠳᠤ᠂ ᠨᠠᠮ ᠤᠨ ᠭᠡᠰᠢᠭᠦᠳ ᠦᠷᠡᠭᠳᠡᠭᠰᠡᠨ ᠪᠠᠭᠠᠲᠤᠷᠴᠤᠳ ᠤᠨ ᠡᠷᠬᠢᠮ ᠳᠡᠭᠡᠳᠦ ᠵᠣᠷᠢᠭ | ᠰᠠᠨᠠᠭ᠎ᠠ ᠶᠢ ᠣᠶᠢᠯᠠᠭᠠᠨ ᠪᠢᠰᠢᠷᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠤᠬᠠᠶᠢᠯᠠᠭᠰᠠᠨ | ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠣᠶᠣᠯ ᠤᠨ | ᠬᠦᠴᠦᠷᠬᠡᠭ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠪᠣᠭᠤᠮᠲᠠ ᠶᠢᠨ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠨ᠎ᠡ ᠬᠡᠵᠦ ᠵᠣᠷᠢᠭ | ᠰᠢᠭᠤᠳᠪᠠ᠃ | | | |