7 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠣᠷᠣᠰ ᠠᠴᠠ ᠣᠷᠣᠭᠤᠯᠤᠭᠰᠠᠨ | ᠨᠣᠬᠠᠶ ᠶᠢᠨ ᠬᠤᠰᠢᠭᠤ ᠠᠩᠬ᠎ᠠ ᠤᠳᠠᠭ᠎ᠠ ᠡᠷᠢᠶᠡᠨ ᠬᠤᠲᠠ ᠠᠴᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠳᠡᠷᠭᠡ ᠪᠠᠷ ᠬᠢᠯᠢ ᠳᠤ ᠣᠷᠣᠪᠠ᠃ ᠲᠤᠰ ᠡᠭᠡᠯᠵᠢ ᠶᠢᠨ ᠭᠠᠯᠲᠤ ᠲᠡᠷᠭᠡ ᠣᠷᠣᠰ ᠤᠨ ᠠᠪᠠᠺᠠᠨ ᠠᠴᠠ ᠮᠣᠷᠳᠠᠵᠤ᠂ | ᠡᠷᠢᠶᠡᠨ ᠬᠤᠲᠠ ᠶᠢᠨ ᠪᠣᠭᠤᠮᠲᠠ ᠪᠠᠷ ᠬᠢᠯᠢ ᠳᠤ ᠣᠷᠣᠵᠤ ᠢᠷᠡᠭᠡᠳ᠂ ᠡᠴᠦᠰ ᠲᠡᠭᠡᠨ ᠬᠥᠬᠡᠨᠠᠭᠤᠷ ᠤᠨ | ᠱᠣᠸ᠋ᠩᠵᠠᠢ ᠳᠤ ᠲᠡᠭᠡᠭᠡᠪᠦᠷᠢᠯᠡᠨ ᠬᠦᠷᠴᠦ᠂ ᠨᠡᠶᠢᠲᠡ 43 ᠬᠠᠶᠢᠷᠴᠠᠭ ᠨᠣᠬᠠᠶ ᠶᠢᠨ ᠬᠤᠰᠢᠭᠤ ᠶᠢ ᠠᠴᠢᠵᠤ᠂ | ᠪᠠᠷᠠᠭ᠎ᠠ ᠶᠢᠨ ᠬᠦᠨᠳᠦ ᠨᠢ 1118 ᠲᠣᠨ ᠪᠣᠯᠤᠨ᠎ᠠ᠃ ᠡᠨᠡ ᠨᠢ ᠡᠷᠢᠶᠡᠨ ᠬᠤᠲᠠ ᠶᠢᠨ ᠪᠣᠭᠤᠮᠲᠠ ᠶᠢᠨ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠠᠶᠠᠯᠠᠯ ᠤᠨ ᠱᠤᠭᠤᠮ 40 ᠵᠤᠷᠪᠤᠰ ᠪᠣᠯᠤᠭᠰᠠᠨ ᠢ ᠬᠠᠷᠠᠭᠤᠯᠵᠤ | ᠪᠠᠶᠢᠨ᠎ᠠ᠃ | | | | ᠡᠷᠢᠶᠡᠨ ᠬᠤᠲᠠ ᠠᠴᠠ ᠠᠩᠬ᠎ᠠ ᠤᠳᠠᠭ᠎ᠠ ᠬᠢᠯᠢ ᠳᠤ ᠣᠷᠣᠵᠤ ᠢᠷᠡᠭᠰᠡᠨ ᠣᠷᠣᠰ ᠤᠨ ᠨᠣᠬᠠᠶ ᠶᠢᠨ | ᠬᠤᠰᠢᠭᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠣᠯᠤᠨ᠎ᠠ᠃ | | ᠣᠶᠢᠯᠠᠭᠠᠭᠰᠠᠨ ᠢᠶᠠᠷ᠂ ᠲᠤᠰ ᠵᠢᠰᠢᠶᠠᠨ ᠤ ᠭᠠᠯᠲᠤ ᠲᠡᠷᠭᠡ ᠪᠣᠯ ᠳᠤᠮᠳᠠᠳᠤ ᠤᠯᠤᠰ ᠤᠨ ᠭᠠᠳᠠᠭᠠᠳᠤ | ᠲᠡᠭᠡᠭᠡᠪᠦᠷᠢ ᠶᠢᠨ ᠬᠤᠸᠠ ᠵᠦᠩ ᠬᠢᠵᠠᠭᠠᠷᠳᠦ ᠺᠣᠮᠫᠠᠨᠢ ᠶᠢᠨ ᠭᠠᠨᠰᠦ ᠶᠢᠨ ᠬᠤᠪᠢᠶᠠᠷᠢ ᠺᠣᠮᠫᠠᠨᠢ ᠪᠣᠯᠤᠨ ᠳᠤᠮᠳᠠᠳᠤ | ᠤᠯᠤᠰ ᠤᠨ ᠭᠠᠳᠠᠭᠠᠳᠤ ᠵᠦᠬᠡᠬᠡᠪᠣᠷᠢ ᠶᠢᠨ ᠤᠮᠠᠷᠠᠲᠤ ᠣᠷᠣᠨ ᠤ ᠬᠢᠵᠠᠭᠠᠷᠲᠤ ᠺᠣᠮᠫᠠᠨᠢ ᠶᠢᠨ ᠡᠷᠢᠶᠡᠨ ᠬᠤᠲᠠ ᠶᠢᠨ | ᠬᠤᠪᠢᠶᠠᠷᠢ ᠺᠣᠮᠫᠠᠨᠢ ᠶᠢᠨ ᠬᠠᠮᠳᠣᠷᠠᠨ ᠠᠶᠠᠯᠠᠭᠰᠠᠨ ᠠᠮᠤ ᠪᠤᠳᠠᠭᠠᠨ ᠤ ᠵᠢᠰᠢᠶᠠᠨ ᠤ ᠭᠠᠯᠲᠤ ᠲᠡᠷᠭᠡ ᠪᠣᠯᠤᠨ᠎ᠠ᠃ | ᠵᠢᠱᠢᠯᠲᠡ ᠪᠠᠷ 15 ᠡᠳᠦᠷ ᠣᠷᠴᠢᠮ ᠠᠶᠠᠯᠠᠨ᠎ᠠ᠃ ᠲᠤᠰ ᠡᠭᠡᠯᠵᠢ ᠶᠢᠨ ᠭᠠᠯᠲᠤ ᠲᠡᠷᠭᠡ ᠶᠢᠨ ᠨᠣᠬᠠᠶ ᠶᠢᠨ | ᠬᠤᠰᠢᠭᠤ ᠶᠢ ᠬᠥᠬᠡᠨᠠᠭᠤᠷ ᠤᠨ ᠱᠤᠸᠠᠩᠵᠠᠢ ᠳᠤ ᠵᠥᠭᠡᠭᠡᠪᠦᠷᠢᠯᠡᠵᠦ ᠨᠣᠬᠠᠶ ᠶᠢᠨ ᠬᠤᠰᠢᠭᠤ ᠶᠢᠨ ᠢᠯᠲᠠᠰᠤ | ᠪᠣᠯᠪᠠᠰᠤᠷᠠᠭᠤᠯᠬᠤ ᠳᠤ ᠬᠡᠷᠡᠭᠯᠡᠨ᠎ᠡ᠃ | ︽ᠡᠨᠡ ᠤᠳᠠᠭ᠎ᠠ ᠶᠢᠨ ᠨᠣᠬᠠᠶ ᠶᠢᠨ ᠬᠤᠰᠢᠭᠤ ᠶᠢᠨ ᠵᠢᠰᠢᠶᠠᠨ ᠤ ᠭᠠᠯᠲᠤ ᠲᠡᠷᠭᠡ ᠲᠦᠷᠭᠡᠨ ᠪᠣᠭᠤᠮᠲᠠ ᠪᠠᠷ | ᠦᠩᠬᠡᠷᠡᠵᠦ ᠴᠢᠳᠠᠭᠰᠠᠨ ᠨᠢ ᠪᠣᠭᠤᠮᠲᠠ ᠶᠢᠨ ᠬᠠᠪᠰᠤᠷᠤᠯᠭ᠎ᠠ ᠪᠠᠷ ᠪᠣᠯᠵᠠᠶ︕︾ ᠬᠡᠵᠦ ᠳᠤᠮᠳᠠᠳᠤ ᠤᠯᠤᠰ ᠤᠨ | ᠭᠠᠳᠠᠭᠠᠳᠤ ᠲᠡᠭᠡᠭᠡᠪᠦᠷᠢ ᠶᠢᠨ ᠤᠮᠠᠷᠠᠲᠤ ᠣᠷᠣᠨ ᠤ ᠬᠢᠵᠠᠭᠠᠷᠲᠤ ᠺᠣᠮᠫᠠᠨᠢ ᠶᠢᠨ ᠡᠯ ᠯᠢᠶᠠᠨ ᠬᠤᠪᠢᠶᠠᠷᠢ ᠺᠣᠮᠫᠠᠨᠢ ᠶᠢᠨ | ᠶᠡᠷᠦᠩᠬᠡᠶ ᠳᠠᠭᠠᠭᠠᠮᠠᠯ ᠤᠨ ᠲᠤᠰᠠᠯᠠᠭᠴᠢ ᠯᠢ ᠪᠢᠩ ᠱᠠᠨ ᠪᠠᠶᠠᠷᠲᠠᠶ ᠪᠠᠷ ᠬᠡᠯᠡᠪᠡ᠃ ᠤᠴᠢᠷ ᠨᠢ ᠤᠤᠯ ᠨᠢ | ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠬᠢᠵᠦ ᠥᠩᠭᠡᠷᠡᠭᠰᠡᠨ ᠦᠭᠡᠢ᠂ ᠡᠷᠢᠶᠡᠨ ᠪᠣᠭᠤᠮᠲᠠ ᠶᠢᠨ | ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠬᠠᠷᠢᠭᠤᠴᠠᠯᠭᠠᠲᠠᠨ ᠪᠣᠯᠣᠨ ᠪᠣᠭᠤᠮᠲᠠ ᠶᠢᠨ ᠠᠵᠢᠯᠲᠠᠨ ᠤ | ᠪᠦᠬᠦ ᠶᠠᠪᠤᠴᠠ ᠶᠢᠨ ᠵᠢᠯᠣᠭᠤᠳᠤᠯᠭ᠎ᠠ ᠪᠠᠷ ᠪᠠᠷᠠᠭ᠎ᠠ ᠶᠢ ᠡᠷᠢᠶᠡᠨ ᠪᠣᠭᠤᠮᠳᠠ ᠳᠤ ᠬᠦᠷᠭᠡᠭᠰᠡᠨ ᠤ ᠳᠠᠷᠠᠭ᠎ᠠ ᠰᠠᠶ᠋ᠢ | ᠬᠠᠮᠤᠭ ᠤᠨ ᠲᠡᠷᠢᠭᠦᠨ ᠳᠤ ᠵᠢᠷᠤᠮᠵᠢᠯ ᠲᠠᠢ ᠭᠤᠶᠤᠴᠢᠯᠠᠨ ᠮᠡᠳᠡᠭᠦᠯᠬᠦ ᠬᠡᠷᠡᠭᠲᠡᠶ᠃ ᠲᠡᠮᠦᠷ ᠵᠠᠮ ᠤᠨ ᠬᠢᠨᠠᠨ | ᠬᠠᠮᠢᠶᠠᠷᠬᠤ ᠰᠠᠯᠠᠭ᠎ᠠ ᠲᠠᠰᠤᠭ ᠪᠠᠰᠠ ᠡᠭᠡᠯᠵᠢ ᠶᠢᠨ ᠭᠠᠯᠲᠤ ᠲᠡᠷᠭᠡ ᠶᠢ ᠤᠷᠢᠳᠠᠪᠠᠷ ᠰᠢᠯᠭᠠᠨ ᠲᠠᠯᠪᠢᠵᠤ᠂ ᠪᠣᠭᠤᠮᠲᠠ | ᠥᠩᠭᠡᠷᠡᠬᠦ ᠬᠤᠷᠳᠤᠴᠠ ᠶᠢ ᠶᠡᠭᠡ ᠪᠠᠷ ᠲᠦᠷᠭᠡᠳᠬᠡᠪᠡ᠃ | 7 ᠰᠠᠷ᠎ᠠ ᠠᠴᠠ ᠨᠠᠰᠢ᠂ ᠡᠷᠢᠶᠡᠨ ᠬᠤᠲᠠ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠲᠤᠭ᠎ᠠ ᠦᠷᠬᠦᠯᠵᠢᠯᠡᠨ ᠨᠡᠮᠡᠭᠳᠡᠵᠦ᠂ ᠣᠳᠣᠬᠠᠨ ᠳᠤ ᠨᠢᠭᠡᠨᠲᠡ 90 ᠤᠳᠠᠭ᠎ᠠ ᠳᠤ ᠬᠦᠷᠴᠡᠶ᠃ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.3 ᠳᠠᠬᠢᠨ ᠨᠡᠮᠡᠭᠳᠡᠪᠡ᠃ ᠡᠷᠢᠶᠡᠨ ᠪᠣᠭᠤᠮᠲᠠ ᠳᠤ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ︽ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠤᠰᠬᠠᠶ | ᠴᠣᠩᠬᠤ᠂ ᠲᠥᠷᠥ ᠶᠢᠨ ᠪᠣᠳᠣᠯᠭ᠎ᠠ ᠶᠢ ᠤᠷᠢᠳᠠᠪᠠᠷ ᠤᠬᠠᠭᠤᠯᠤᠨ ᠲᠠᠶᠢᠯᠪᠤᠷᠢᠯᠠᠬᠤ᠂ ᠳᠠᠩ ᠭᠡᠷᠡᠴᠢ ᠶᠢ ᠤᠷᠢᠳᠠᠪᠠᠷ | ᠬᠢᠨᠠᠨ ᠬᠠᠷᠭᠤᠭᠤᠯᠬᠤ᠂ ᠵᠢᠰᠢᠶᠠᠨ ᠤ ᠭᠠᠯᠲᠤ ᠲᠡᠷᠭᠡ ᠶᠢ ᠤᠷᠢᠳᠠᠪᠠᠷ ᠰᠢᠯᠭᠠᠨ ᠳᠠᠯᠪᠢᠵᠦ᠂ ᠪᠠᠶᠢᠴᠠᠭᠠᠨ | ᠰᠢᠯᠭᠠᠬᠤ ᠳᠤ ᠤᠷᠢᠳᠠᠪᠠᠷ ᠨᠢᠰᠬᠡᠯ ᠤᠨ ᠪᠠᠶᠢᠴᠠᠭᠠᠯᠲᠠ ᠬᠢᠬᠦ᠂ ᠠᠰᠠᠭᠤᠳᠠᠯ ᠢ ᠤᠷᠢᠳᠠᠪᠠᠷ ᠰᠢᠢᠳᠪᠣᠷᠢᠯᠡᠬᠦ︾ | ᠭᠤᠷᠪᠠᠨ ᠲᠤᠰᠬᠠᠶ ᠮᠡᠷᠭᠡᠵᠢᠯ ᠲᠠᠪᠤᠨ ᠰᠢᠯᠢᠳᠡᠭ ᠤᠨ ᠠᠵᠢᠯ ᠤᠨ ᠠᠷᠭ᠎ᠠ ᠶᠢ ᠲᠣᠭᠲᠠᠭᠠᠨ ᠦᠭᠴᠦ᠂ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠨᠡᠪᠲᠡᠷᠡᠬᠦ ᠶᠢ ᠪᠠᠲᠤᠯᠠᠨ᠎ᠠ᠃ | ︽ᠪᠢᠳᠡ ᠬᠥᠮᠦᠨ ᠨᠡᠮᠡᠵᠦ ᠲᠣᠮᠢᠯᠠᠨ ᠭᠠᠳᠠᠭᠰᠢ ᠭᠠᠷᠴᠤ ᠪᠠᠶᠢᠴᠠᠭᠠᠨ ᠰᠢᠯᠭᠠᠨ᠎ᠠ᠂ ᠪᠠᠶᠢᠴᠠᠭᠠᠨ | ᠰᠢᠯᠭᠠᠬᠤ ᠠᠴᠠ ᠡᠮᠦᠨᠡᠬᠢ ᠪᠡᠯᠡᠳᠬᠡᠯ ᠴᠠᠭ ᠢ ᠪᠣᠭᠤᠨᠢᠰᠬᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠪᠣᠳᠠᠲᠤ ᠪᠠᠷᠠᠭ᠎ᠠ ᠶᠢ ᠪᠠᠶᠢᠴᠠᠭᠠᠬᠤ ᠬᠤᠷᠳᠤᠴᠠ ᠶᠢ ᠲᠦᠷᠭᠡᠳᠬᠡᠵᠡᠶ᠃ ︿ᠬᠡᠵᠢᠶ᠎ᠡ ᠣᠴᠢᠪᠠᠯ᠂ ᠬᠡᠵᠢᠶ᠎ᠡ | ᠪᠠᠶᠢᠴᠠᠭᠠᠬᠤ᠂ ᠬᠡᠵᠢᠶ᠎ᠡ ᠲᠠᠯᠪᠢᠬᠤ﹀ ᠶᠢ ᠪᠡᠶᠡᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠪᠣᠭᠤᠮᠲᠠ ᠶᠢᠨ ᠵᠣᠭᠰᠣᠬᠤ ᠴᠠᠭ ᠢ ᠪᠣᠭᠤᠨᠢᠰᠬᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠨ᠎ᠡ᠃ ᠡᠷᠢᠶᠡᠨ ᠪᠣᠭᠤᠮᠲᠠ ᠶᠢᠨ ᠲᠡᠮᠦᠷ ᠵᠠᠮ ᠤᠨ ᠬᠢᠨᠠᠯᠲᠠ | ᠬᠠᠮᠢᠶᠠᠷᠤᠯᠲᠠ ᠶᠢᠨ ᠬᠤᠶᠠᠳᠤᠭᠠᠷ ᠰᠠᠯᠠᠭ᠎ᠠ ᠪᠣᠭᠤᠮᠲᠠ ᠶᠢᠨ ᠲᠤᠰᠢᠶᠠᠯᠲᠠᠨ ᠭᠤᠤ ᠶᠢᠨ ᠵᠥᠩ ᠲᠠᠨᠢᠯᠴᠠᠭᠤᠯᠪᠠ᠃ | ᠡᠷᠢᠶᠡᠨ ᠤ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 7 ᠰᠠᠷ᠎ᠠ ᠶᠢᠨ 11 ᠤ ᠡᠳᠦᠷ ᠪᠣᠯᠲᠠᠯ᠎ᠠ᠂ | ᠡᠷᠢᠶᠡᠨ ᠬᠤᠲᠠ ᠶᠢᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ | 1060 ᠬᠦᠷᠴᠦ᠂ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 103.8 ᠲᠦᠮᠡᠨ ᠲᠣᠨ ᠳᠤ ᠬᠦᠷᠴᠡᠶ᠃ ᠣᠳᠣᠬᠠᠨ ᠳᠤ | ᠡᠷᠢᠶᠡᠨ ᠬᠤᠲᠠ ᠶᠢᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ | ᠱᠤᠭᠤᠮ ᠨᠡᠶᠢᠲᠡ 40 ᠵᠤᠷᠪᠤᠰ ᠪᠠᠶᠢᠵᠤ᠂ ᠪᠥᠬᠦ ᠤᠯᠤᠰ ᠤᠨ 27 ᠮᠤᠵᠢ ᠬᠤᠲᠠ ᠶᠢᠨ 38 ᠬᠤᠲᠠ ᠲᠠᠢ | ᠬᠤᠯᠪᠣᠭᠳᠠᠵᠤ ᠪᠠᠶᠢᠨ᠎ᠠ᠃ | | |