︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾  ᠣᠷᠢᠬᠠᠨ᠄  ᠬᠦᠰᠡᠯᠡᠩ ᠤᠨ ᠢᠶᠠᠨ ᠲᠥᠯᠥᠭᠡ ᠴᠥᠬᠦᠷᠡᠰᠢ ᠦᠭᠡᠢ  ᠬᠦᠬᠡᠬᠡᠴᠡᠯᠳᠦᠨ᠎ᠡ
ᠨᠡᠶᠢᠲᠡᠯᠡᠭᠰᠡᠨ ᠴᠠᠭ᠄
2020/7/13
      ᠣᠷᠢᠬᠠᠨ ᠪᠣᠯ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠥᠨᠳᠥᠷ  ᠭᠤᠷᠪᠡ ᠶᠢᠨ ᠰᠤᠷᠤᠭᠴᠢ ᠪᠣᠯᠤᠨ᠎ᠠ᠃ ᠡᠨᠡ ᠵᠢᠯ 17 ᠨᠠᠰᠤᠲᠠᠢ᠃ ︽ᠪᠥᠬᠦ ᠠᠶᠢᠮᠠᠭ ᠤᠨ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ︾᠂ ︽ᠪᠥᠬᠦ ᠬᠤᠲᠠ ᠶᠢᠨ  ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ︾᠂ ︽2018 — 2019 ᠣᠨ ᠤ  ᠬᠤᠳᠠ ᠶᠢᠨ ᠲᠠᠰ ᠤᠨ ᠭᠤᠷᠪᠠᠨ ᠰᠠᠶᠢᠨᠲᠠᠶ ᠰᠣᠷᠣᠭᠴᠢ︾᠂ ︽ᠪᠥᠬᠦ ᠠᠶᠢᠮᠠᠭ ᠤᠨ ᠵᠢᠷᠭᠤᠳᠤᠭᠠᠷ ᠬᠤᠭᠤᠴᠠᠭᠠᠨ ᠤ ᠮᠠᠷᠭᠤᠯᠳᠣᠭᠠᠨ ᠤ ᠤᠷᠤᠯᠳᠤᠭᠠᠨ ᠤ ᠬᠤᠶᠠᠳᠤᠭᠠᠷ ᠨᠡᠷ᠎ᠡ︾ ᠵᠡᠷᠭᠡ᠃ ᠣᠯᠠᠨ ᠵᠦᠢᠯ ᠤᠨ ᠢᠷᠠᠭᠤ ᠠᠯᠳᠠᠷ ᠤᠨ ᠴᠣᠯᠠ ᠲᠡᠭᠦᠨ ᠳᠤ ᠡᠯᠭᠦᠭᠳᠡᠪᠡ᠃
         ᠨᠠᠷᠢᠨ ᠬᠢᠨᠠᠮᠠᠭᠠᠢ ᠨᠣᠮ ᠣᠩᠰᠢᠵᠦ ᠪᠠᠶᠢᠭ᠎ᠠ ᠨᠢ       ᠤᠷᠢᠬᠠᠨ ᠪᠣᠯ  ᠦᠬᠡᠳᠡᠷᠬᠡᠭ ᠰᠡᠳᠬᠢᠯ ᠲᠠᠢ ᠬᠡᠦᠬᠡᠨ ᠶᠤᠮ᠃  ᠴᠠᠭᠠᠨ ᠴᠢᠷᠡᠢ ᠲᠠᠢ᠂ ᠲᠤᠷᠠᠩᠬᠠᠢ ᠥᠨᠳᠥᠷ ᠪᠡᠶ᠎ᠡ ᠳᠡᠭᠡᠷ᠎ᠡ ᠰᠢᠨ᠎ᠡ ᠴᠠᠭ ᠦᠶ᠎ᠡ ᠶᠢᠨ ᠪᠠᠭᠠᠴᠤᠳ ᠪᠣᠯᠣᠨ᠎ᠠ᠃ ᠲᠡᠷᠡ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠳᠠᠳᠬᠠᠯ ᠲᠠᠢ᠂ ᠨᠡᠶᠢᠭᠡᠮ ᠳᠤ  ᠦᠢᠯᠡᠴᠢᠯᠡᠬᠦ ᠰᠢᠯᠢᠳᠡᠭ ᠵᠠᠩ ᠴᠢᠨᠠᠷ ᠲᠠᠢ᠃ ᠳᠠᠷᠤᠤ ᠬᠢᠴᠢᠶᠡᠩᠭᠦᠢ ᠲᠡᠪᠰᠢᠬᠰᠡᠠ ᠠᠰᠪᠤᠷ ᠴᠠᠭᠠᠪᠤᠷ ᠣᠪᠣᠷ ᠲᠠᠢ ᠠᠭᠤᠵᠢᠭᠤ ᠲᠠᠯᠪᠢᠭᠤ ᠪᠠᠶᠠᠰᠤᠩᠭᠤᠶ ᠡᠷᠡᠭᠦᠯ ᠰᠡᠳᠬᠢᠴᠡ ᠲᠠᠢ᠂ ᠡᠨᠡ ᠪᠦᠬᠦᠨ ᠨᠢ ᠲᠡᠭᠦᠨ ᠢ ᠭᠡᠷ ᠤᠨ ᠠᠬᠠᠮᠠᠳ ᠤᠨ ᠨᠢᠳᠦᠨ ᠲᠠᠬᠢ ᠮᠠᠰᠢ ᠰᠠᠶᠢᠨ ᠬᠡᠦᠬᠡᠳ᠂ ᠰᠤᠷᠤᠭᠴᠢᠳ ᠤᠨ  ᠰᠡᠳᠬᠢᠯ ᠲᠠᠬᠢ ᠳᠠᠭᠤᠷᠢᠶᠠᠯ ᠪᠣᠯᠭᠠᠵᠤ᠂  ᠬᠡᠨ ᠳᠡᠬᠦᠨ ᠳᠤᠷᠠᠳᠬᠤ ᠲᠠᠢ ᠵᠡᠷᠭᠡ  ᠥᠪᠡᠷ ᠤᠨ ᠡᠷᠬᠡ ᠦᠭᠡᠢ ᠮᠠᠭᠲᠠᠨ ᠰᠠᠶᠢᠰᠢᠶᠠᠳᠠᠭ᠃
           ᠱᠠᠩᠨᠠᠯ ᠬᠦᠬᠢᠬᠦᠯᠦᠯ        ᠣᠷᠢᠬᠠᠨ ᠲᠠᠰᠤᠷᠠᠯᠲᠠ ᠦᠭᠡᠢ ᠰᠤᠷᠤᠯᠴᠠᠬᠤ ᠯᠠ ᠬᠡᠷᠡᠭᠲᠡᠢ ᠭᠡᠵᠦ  ᠪᠣᠳᠣᠳᠠᠭ᠃ ᠮᠡᠳᠡᠯᠭᠡ ᠪᠠᠷ ᠥᠪᠡᠷ ᠢ ᠪᠠᠨ ᠵᠡᠪᠰᠡᠭᠯᠡᠪᠡᠯ ᠰᠠᠶ᠋ᠢ ᠡᠨᠡ ᠬᠦ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠴᠠᠭ ᠦᠶ᠎ᠡ ᠶᠢᠨ ᠠᠯᠬᠤᠭ᠎ᠠ ᠶᠢ ᠳᠠᠭᠠᠵᠤ ᠠᠮᠵᠢᠨ᠎ᠠ᠂ ᠡᠶᠢᠮᠦ ᠠᠴᠠ ᠲᠡᠷᠡ ᠰᠡᠳᠬᠢᠯ ᠲᠠᠯᠪᠢᠨ ᠰᠤᠷᠤᠯᠴᠠᠳᠠᠭ᠃ ᠴᠢᠷᠮᠠᠶᠢᠨ ᠲᠡᠮᠡᠴᠡᠨ᠎ᠡ᠃ ᠰᠤᠷᠤᠯᠴᠠᠬᠤ ᠵᠠᠮ ᠳᠡᠭᠡᠷ᠎ᠡ ᠨᠢᠭᠡ ᠬᠤᠪᠢ ᠲᠡᠰᠪᠦᠷᠢ ᠲᠡᠪᠴᠢᠶᠡᠷᠢ ᠲᠠᠢ ᠤᠷᠤᠭᠰᠢᠯᠠᠬᠤ ᠪᠠᠷᠠᠭᠳᠠᠰᠢ ᠦᠭᠡᠢ  ᠬᠦᠳᠡᠯᠬᠡᠬᠦ ᠬᠦᠴᠦᠨ ᠲᠠᠢ ᠪᠣᠯᠣᠨ᠎ᠠ᠃ ᠥᠨᠳᠥᠷ ᠳᠤᠮᠳᠠᠳᠤ ᠳᠤ ᠣᠷᠣᠭᠰᠠᠨ ᠠᠴᠠ ᠨᠠᠰᠢ᠂ ᠲᠡᠷᠡ ᠪᠠᠷᠤᠭ ᠡᠳᠦᠷ ᠪᠦᠷᠢ 4 ᠴᠠᠭ ᠬᠠᠭᠠᠰ ᠲᠤ ᠪᠣᠰᠳᠠᠭ᠃ ᠲᠣᠭᠠᠨ ᠤ ᠤᠬᠠᠭᠠᠨ ᠤ ᠳᠠᠪᠲᠠᠯᠭ᠎ᠠ ᠶᠢ ᠲᠡᠷᠡ ᠪᠠᠭᠰᠢ ᠶᠢᠨ ᠬᠡᠯᠡᠭᠰᠡᠨ ︽ᠲᠤᠭ᠎ᠠ   ᠶᠢ ᠰᠠᠶᠢᠨ ᠡᠵᠡᠮᠰᠢᠪᠡᠯ  ᠂ᠳᠡᠯᠡᠬᠡᠢ ᠳ᠋ᠠᠬᠢᠨ ᠢ ᠣᠯᠵᠤ ᠴᠢᠳᠠᠨ᠎ᠠ︾ ᠭᠡᠰᠡᠨ ᠦᠭᠡ ᠶᠢ ᠪᠠᠳᠦ ᠴᠡᠬᠡᠵᠢᠯᠡᠵᠠᠢ᠃ ᠲᠡᠭᠦᠨ ᠤ ᠬᠠᠷᠠᠯᠲᠠ ᠪᠣᠯ ᠣᠷᠣᠨ ᠤ ᠭᠠᠳᠠᠨᠠᠬᠢ 211 ᠶᠡᠭᠡ ᠰᠤᠷᠭᠠᠭᠤᠯᠢ ᠳᠤ  ᠣᠷᠣᠬᠤ ᠪᠣᠯᠣᠨ᠎ᠠ᠃ ᠡᠬᠦᠨ ᠤ ᠳᠦᠯᠦᠭᠡ  ᠲᠡᠷᠡ ᠶᠡᠷᠦ ᠨᠢ ᠰᠢᠮᠳᠠᠨ  ᠵᠢᠳᠬᠦᠭᠰᠡᠬᠡᠷ ᠢᠷᠡᠭᠰᠡᠨ᠃ ᠶᠠᠮᠠᠷ ᠴᠤ ᠬᠦᠴᠢᠷ ᠠᠰᠠᠭᠤᠳᠠᠯ ᠳᠤ ᠲᠣᠯᠣᠭᠠᠶ ᠪᠦᠬᠦᠶᠢᠳᠡᠭ ᠦᠭᠡᠢ᠂  ᠦᠷᠯᠦᠭᠡ ᠡᠷᠳᠡ ᠪᠣᠰᠳᠠᠭ ᠪᠣᠯᠪᠠᠴᠤ᠂  ᠰᠡᠳᠦᠪ ᠪᠣᠳᠣᠵᠦ ᠪᠠᠶᠢᠭᠠᠳ ᠦᠷᠯᠦᠭᠡᠨ ᠤ ᠴᠠᠢ  ᠠᠴᠠ ᠪᠠᠨ ᠬᠤᠴᠣᠷᠬᠤ ᠣᠳᠠᠭ᠎ᠠ ᠵᠦᠩᠳᠡᠬᠡᠨ ᠭᠠᠷᠳᠠᠭ  ᠃ ᠲᠡᠭᠦᠨ ᠤ ᠡᠯ᠎ᠡ ᠲᠥᠷᠥᠯ ᠤᠨ ᠰᠤᠷᠤᠯᠭ᠎ᠠ ᠶᠢᠨ ᠬᠢᠷᠢ ᠪᠦᠲᠦᠮᠵᠢ ᠨᠢ ᠪᠦᠷ ᠮᠠᠰᠢ ᠰᠠᠶᠢᠨ᠂ ᠠᠩᠭᠢ ᠳᠠᠭᠠᠨ  ᠳᠡᠷᠢᠬᠦᠯᠡᠭᠰᠡᠬᠡᠷ ᠢᠷᠡᠵᠡᠢ᠃ ᠲᠡᠷᠡ ᠠᠩᠭᠢ ᠳᠠᠭᠠᠨ ᠰᠤᠷᠤᠯᠭ᠎ᠠ ᠶᠢᠨ ᠭᠡᠰᠢᠭᠦᠨ ᠪᠣᠯᠵᠤ᠂ ᠬᠡᠷᠪᠡ ᠰᠤᠷᠤᠭᠴᠢᠳ ᠰᠤᠷᠤᠯᠭ᠎ᠠ ᠶᠢᠨ ᠲᠠᠯ᠎ᠠ ᠪᠠᠷ ᠬᠦᠴᠢᠷᠳᠡᠯ ᠲᠠᠢ ᠪᠣᠯ᠂ ᠲᠡᠷᠡ ᠥᠴᠦᠬᠡᠨ ᠴᠦ ᠲᠠᠲᠠᠭᠠᠯᠵᠠᠯ ᠦᠬᠡᠢ  ᠪᠠᠷ ᠬᠦᠴᠢᠷ ᠠᠰᠠᠭᠤᠳᠠᠯ ᠢ ᠬᠠᠮᠲᠤ ᠪᠠᠷ  ᠰᠢᠢᠳᠪᠣᠷᠢᠯᠡᠵᠦ᠂ ᠠᠮᠢᠳᠤᠷᠠᠯ ᠤᠨ ᠲᠠᠯ᠎ᠠ ᠪᠠᠷ ᠴᠤ ᠡᠶᠢᠮᠦ ᠪᠠᠶᠢᠳᠠᠭ᠃
   ᠲᠡᠷᠡ ᠪᠠᠰᠠ ᠰᠤᠷᠭᠠᠭᠤᠯᠢ ᠶᠢᠨ ᠡᠯ᠎ᠡ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠣᠷᠣᠯᠴᠠᠪᠠ᠃       ᠲᠡᠷᠡ ᠮᠥᠨ ᠯᠡ ᠰᠤᠷᠭᠠᠭᠤᠯᠢ ᠶᠢᠨ ᠰᠤᠷᠤᠭᠴᠢᠳ ᠤᠨ ᠵᠥᠪᠯᠡᠯ ᠤᠨ ᠳᠡᠳ᠋ ᠲᠡᠷᠢᠭᠦᠯᠡᠭᠴᠢ᠂ ᠦᠷᠭᠦᠯᠵᠢ  ᠰᠣᠷᠭᠠᠭᠤᠯᠢ ᠶᠢᠨ ᠬᠦᠳᠡᠯᠭᠡᠭᠡᠨ ᠵᠣᠬᠢᠶᠠᠨ ᠪᠠᠶᠢᠭᠤᠯᠳᠠᠭ᠂ ᠡᠨᠡ ᠬᠤᠭᠤᠴᠠᠭᠠᠨ ᠳᠤ ᠬᠡᠷᠪᠡ ᠶᠠᠮᠠᠷ ᠮᠡᠳᠡᠬᠦ ᠥᠬᠡᠶ ᠶᠠᠪᠤᠳᠠᠯ ᠲᠣᠬᠢᠶᠠᠯᠳᠤᠪᠠᠯ ᠴᠠᠭ ᠲᠤᠬᠠᠶ ᠳᠤᠨᠢ ᠪᠠᠭᠰᠢ ᠠᠴᠠ ᠪᠠᠨ ᠠᠰᠠᠭᠤᠳᠠᠭ᠃  ︽ᠪᠠᠭᠰᠢ ᠶᠢᠨ ᠰᠠᠶᠢᠨ ᠬᠠᠪᠰᠤᠷᠤᠭᠴᠢ︾  ᠬᠡᠰᠡᠨ  ᠴᠣᠯᠡ ᠲᠠᠢ᠃
  ︽ᠡᠮᠡᠭᠲᠡᠶᠢᠴᠦᠳ ᠤᠨ ᠪᠠᠶᠠᠷ︾ ᠤᠨ ᠡᠳᠦᠷ ᠲᠤ᠂ ᠠᠩᠬᠢ ᠶᠢᠨ ᠭᠤᠣᠯ ᠰᠡᠳᠦᠪᠲᠦ ᠠᠵᠢᠯᠯᠠᠭ᠎ᠠ ᠳᠡᠭᠡᠷ᠎ᠡ ᠰᠣᠨᠢᠷᠬᠠᠯ ᠢᠶᠠᠨ ᠬᠤᠪᠢᠶᠠᠯᠴᠠᠨ᠎ᠠ᠃
   ᠣᠯᠠᠨ ᠡᠷᠳᠡᠮ ᠴᠢᠳᠠᠪᠤᠷᠢ ᠲᠠᠢ᠂ ᠪᠦᠬᠦ ᠲᠠᠯ᠎ᠠ ᠪᠠᠷ ᠬᠥᠭᠵᠢᠭᠰᠡᠨ ︽ᠪᠢᠴᠢᠬᠠᠨ ᠣᠳᠣᠨ︾  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号