| | ᠡᠷᠢᠶᠡᠨ ᠬᠤᠲᠠ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠳᠤ ᠬᠠᠨᠳᠤᠭᠤᠯᠤᠭᠰᠠᠨ ᠬᠠᠮᠤᠭ ᠤᠨ ᠶᠡᠭᠡ | ᠬᠠᠭᠤᠷᠠᠶ ᠵᠠᠮ ᠤᠨ ᠪᠣᠭᠤᠮᠲᠠ ᠪᠣᠯᠤᠨ᠎ᠠ᠂ ᠮᠣᠩᠭᠤᠯ ᠤᠯᠤᠰ ᠤᠨ 60% ᠠᠴᠠ ᠳᠠᠪᠠᠭᠰᠠᠨ ᠡᠳᠦᠷ ᠲᠤᠲᠤᠮ ᠤᠨ | ᠬᠡᠷᠡᠭᠯᠡᠭᠡᠨ ᠤ ᠵᠦᠢᠯ ᠢ ᠵᠢᠯ ᠲᠤᠷᠰᠢ ᠬᠠᠩᠭᠠᠵᠤ ᠪᠠᠶᠢᠭ᠎ᠠ ᠨᠢ ᠬᠢᠲᠠᠳ ᠮᠣᠩᠭᠤᠯ ᠬᠤᠶᠠᠷ ᠤᠯᠤᠰ ᠤᠨ ᠬᠥᠮᠦᠰ ᠤᠨ | ᠠᠵᠤ ᠠᠬᠤᠢ ᠠᠷᠠᠯᠵᠢᠶᠠᠨ ᠤ ᠬᠠᠮᠤᠭ ᠤᠨ ᠨᠢᠭᠲᠠ ᠪᠣᠭᠤᠮᠳᠠ ᠪᠣᠯᠤᠨ᠎ᠠ ᠃ | ᠡᠷᠢᠶᠡᠨ ᠤ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠡᠷᠢᠶᠡᠨ | ᠬᠤᠲᠠ ᠶᠢᠨ ᠪᠣᠭᠤᠮᠲᠠ ᠶᠢᠨ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠠᠷᠠᠯᠵᠢᠶᠠᠨ ᠤ ᠥᠷᠲᠡᠭ 82.9 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠤ 5 ᠰᠠᠷ᠎ᠠ ᠶᠢᠨ ᠠᠳᠠᠯᠢ | ᠬᠤᠭᠤᠴᠠᠭᠠᠨ ᠤ ᠬᠢ ᠠᠴᠠ 0.8% ᠪᠠᠭᠤᠷᠠᠭᠠᠳ ᠠᠳᠠᠯᠢ ᠬᠤᠭᠤᠴᠠᠭᠠᠨ ᠤ ᠬᠢ ᠠᠴᠠ 2.2% ᠨᠡᠮᠡᠭᠳᠡᠵᠡᠶ᠃ | ᠡᠷᠢᠶᠡᠨ ᠬᠤᠲᠠ ᠶᠢᠨ ᠪᠣᠭᠤᠮᠲᠠ ᠶᠢᠨ ᠠᠳᠠᠯᠢ ᠬᠤᠭᠤᠴᠠᠭᠠᠨ ᠤ ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ | 75.2% ᠢ ᠡᠵᠡᠯᠡᠵᠦ᠂ ᠰᠥᠭᠡᠷᠭᠦ ᠪᠠᠶᠢᠭᠰᠠᠨ ᠠᠴᠠ ᠪᠠᠨ ᠨᠡᠮᠡᠭᠳᠡᠬᠦ ᠪᠣᠯᠵᠣ ᠬᠤᠪᠢᠷᠠᠪᠠ᠃ ᠢᠯᠠᠩᠭᠤᠶ᠎ᠠ 6 | ᠰᠠᠷ᠎ᠠ ᠳᠤ᠂ ᠭᠠᠳᠠᠭᠠᠳᠤ ᠣᠷᠣᠭᠤᠯᠤᠯᠲᠠ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ ᠬᠤᠤᠰ ᠨᠡᠮᠡᠭᠳᠡᠯ ᠢ | ᠪᠡᠶᠡᠯᠡᠭᠦᠯᠵᠦ᠂ ᠲᠣᠰ ᠲᠣᠰ 24.3%᠂ 5.2% ᠨᠡᠮᠡᠭᠳᠡᠪᠡ᠃ | | | | | ᠡᠷᠢᠶᠡᠨ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠪᠣᠭᠤᠮᠲᠠ ᠶᠢᠨ ᠠᠵᠢᠯᠲᠠᠨ ᠭᠠᠳᠠᠭᠠᠳᠤ ᠳᠤ ᠭᠠᠷᠭᠠᠬᠤ | ᠵᠢᠮᠢᠰ ᠨᠣᠭᠤᠭ᠎ᠠ ᠶᠢ ᠪᠠᠶᠢᠴᠠᠭᠠᠨ ᠰᠢᠯᠭᠠᠨ᠎ᠠ᠃ | | ᠳᠡᠭᠡᠷ᠎ᠡ ᠬᠠᠭᠠᠰ ᠵᠢᠯ ᠳᠤ᠂ ᠮᠣᠩᠭᠤᠯ ᠤᠯᠤᠰ ᠲᠠᠢ ᠣᠷᠣᠭᠤᠯᠵᠤ ᠭᠠᠷᠭᠠᠬᠤ ᠠᠷᠠᠯᠵᠢᠶᠠᠨ ᠤ ᠥᠷᠲᠡᠭ | ᠨᠡᠮᠡᠭᠳᠡᠭᠰᠡᠨ ᠤ ᠬᠠᠮᠲᠤ ᠲᠠᠸᠠᠷ ᠤᠨ ᠲᠥᠷᠥᠯ ᠵᠦᠢᠯ ᠴᠦ ᠢᠳᠡᠭ ᠢᠳᠡᠭ ᠢᠶᠠᠷ ᠡᠯᠪᠡᠭ ᠪᠠᠶᠠᠯᠢᠭ ᠪᠣᠯᠪᠠ᠄ | ᠡᠭᠦᠨ ᠳᠤ ᠮᠣᠩᠭᠤᠯ ᠣᠯᠣᠰ ᠠᠴᠠ ᠣᠷᠣᠭᠤᠯᠤᠭᠰᠠᠨ ᠲᠡᠮᠦᠷ ᠤᠨ ᠬᠦᠳᠡᠷ 13.7 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 66.3% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ | ᠨᠡᠭᠦᠷᠡᠰᠦ 2.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 71% ᠨᠡᠮᠡᠭᠳᠡᠪᠡ︔ | ᠭᠠᠳᠠᠭᠠᠳᠤ ᠣᠷᠣᠭᠤᠯᠤᠯᠲᠠ 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31. | 3% ᠪᠠᠷ ᠨᠡᠮᠡᠭᠳᠡᠪᠡ︔ ᠰᠢᠨ᠎ᠡ ᠪᠠᠷ ᠨᠡᠮᠡᠭᠳᠡᠭᠰᠡᠨ ᠮᠥᠩᠭᠦᠨ ᠤ ᠠᠭᠤᠷᠬᠠᠶ᠂ ᠮᠤᠯᠢᠪᠳᠧᠨ ᠤ ᠠᠭᠤᠷᠬᠠᠶ ᠵᠡᠷᠭᠡ | ᠲᠡᠮᠦᠷᠯᠢᠭ ᠤᠨ ᠬᠦᠳᠡᠷ ᠢ ᠭᠠᠳᠠᠭᠠᠳᠤ ᠠᠴᠠ ᠣᠷᠣᠭᠤᠯᠤᠨ᠎ᠠ᠃ ᠮᠣᠩᠭᠤᠯ ᠤᠯᠤᠰ ᠲᠠᠬᠢ ᠭᠠᠳᠠᠭᠠᠳᠤ ᠳᠤ ᠭᠠᠷᠭᠠᠬᠤ | ᠪᠣᠯᠣᠳ ᠮᠠᠲ᠋ᠧᠷᠢᠶᠠᠯ 4.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28. | 8% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ 2.4 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠪᠡ᠃ ᠡᠮᠴᠢᠯᠡᠭᠡᠨ ᠤ | ᠲᠥᠷᠥᠯ ᠤᠨ ᠡᠳ᠋ ᠪᠣᠳᠠᠰ ᠤᠨ ᠭᠠᠳᠠᠭᠠᠳᠤ ᠭᠠᠷᠭᠠᠯᠲᠠ ᠢᠯᠡᠳᠲᠡ ᠨᠡᠮᠡᠭᠳᠡᠵᠦ᠂ ᠭᠠᠳᠠᠭᠠᠳᠤ ᠳᠤ ᠭᠠᠷᠭᠠᠬᠤ | ᠠᠮᠠᠪᠴᠢ ᠶᠢ ᠪᠠᠭᠲᠠᠭᠠᠭᠰᠠᠨ ᠨᠡᠬᠡᠮᠡᠯ ᠤᠨ ᠪᠦᠲᠦᠭᠡᠭᠳᠡᠬᠦᠨ᠂ ᠡᠮ ᠡᠮᠨᠡᠯᠭᠡ ᠶᠢᠨ ᠮᠠᠲ᠋ᠧᠷᠢᠶᠠᠯ ᠵᠢᠴᠢ ᠡᠮ ᠤᠨ ᠵᠦᠢᠯ᠂ | ᠡᠮᠴᠢᠯᠡᠭᠡᠨ ᠤ ᠬᠡᠮᠵᠢᠭᠦᠷᠯᠢᠭ ᠵᠢᠴᠢ ᠪᠠᠭᠠᠵᠢ ᠬᠡᠷᠡᠭᠰᠡᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 57.4% | ᠂ 57.3%᠂ 69.5% ᠨᠡᠮᠡᠭᠳᠡᠪᠡ᠃ | | | | | ᠡᠷᠢᠶᠡᠨ ᠪᠣᠭᠤᠮᠲᠠ ᠶᠢᠨ ᠲᠤᠬᠠᠶ ᠶᠢᠨ ᠲᠠᠯᠠᠪᠠᠢ ᠶᠢᠨ ᠪᠣᠭᠤᠮᠲᠠ ᠶᠢᠨ ᠠᠵᠢᠯᠲᠠᠨ ᠠᠵᠤ ᠠᠬᠤᠶᠢᠯᠠᠯ ᠤᠨ | ᠭᠠᠳᠠᠭᠠᠳᠤ ᠳᠤ ᠭᠠᠷᠭᠠᠬᠤ ᠡᠮᠴᠢᠯᠡᠭᠡᠨ ᠤ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠭᠠᠷᠳᠠᠮ ᠬᠦᠢᠴᠡᠳᠬᠡᠵᠦ | ᠥᠭᠭᠦᠨ᠎ᠡ᠃ | | ᠡᠨᠡ ᠵᠢᠯ ᠠᠴᠠ ᠨᠠᠰᠢ᠂ ᠬᠠᠷᠢᠶ᠎ᠠ ᠣᠷᠣᠨ ᠳᠣᠲᠣᠷᠠᠬᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠰᠡᠷᠬᠦᠭᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠪᠣᠭᠤᠮᠲᠠ ᠶᠢᠨ ᠭᠠᠳᠠᠭᠠᠳᠤ | ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠵᠤ᠂ ᠡᠷᠢᠶᠡᠨ ᠪᠣᠭᠤᠮᠲᠠ ᠨᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠳᠤ ︽ ᠲᠦᠷᠬᠡᠨ ᠬᠢᠨᠠᠬᠤ᠂ | ᠲᠦᠷᠭᠡᠨ ᠪᠠᠶᠢᠴᠠᠭᠠᠬᠤ᠂ ᠲᠦᠷᠭᠡᠨ ᠰᠢᠯᠭᠠᠬᠤ᠂ ᠲᠦᠷᠭᠡᠨ ᠲᠠᠯᠪᠢᠬᠤ︾ ᠳᠤ᠂ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠡᠷᠡᠭᠰᠡᠬᠦ ᠲᠥᠬᠦᠭᠡᠷᠦᠮᠵᠢ᠂ ᠲᠦᠬᠦᠬᠡᠢ ᠮᠠᠲ᠋ᠧᠷᠢᠶᠠᠯ ᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠭᠤᠮᠲᠠ ᠪᠠᠷ ᠥᠩᠭᠡᠷᠡᠭᠦᠯᠬᠦ ᠭᠠᠷᠳᠠᠮ ᠢ ᠡᠩ | ᠲᠡᠷᠢᠭᠦᠨ ᠳᠤ ᠬᠦᠢᠴᠡᠳᠬᠡᠵᠦ᠂ ᠭᠠᠳᠠᠭᠠᠳᠤ ᠠᠴᠠ ᠣᠷᠣᠭᠤᠯᠬᠤ ᠲᠡᠮᠦᠷ ᠤᠨ ᠠᠭᠤᠷᠬᠠᠢ ᠶᠢᠨ ᠶᠠᠰᠤ ᠴᠢᠨᠠᠷ ᠢ | ᠰᠢᠯᠭᠠᠨ ᠪᠠᠶᠢᠴᠠᠭᠠᠵᠤ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠵᠢᠮᠢᠰ ᠢᠳᠡᠰᠢᠨ ᠨᠣᠭᠤᠭ᠎ᠠ ᠶᠢᠨ | ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠪᠠᠨ ᠥᠷᠭᠡᠳᠬᠡᠬᠦ ᠶᠢ ᠳᠡᠮᠵᠢᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠪᠣᠭᠤᠮᠲᠠ ᠶᠢᠨ ᠭᠠᠳᠠᠭᠠᠳᠤ ᠠᠷᠠᠯᠵᠢᠶ᠎ᠡ ᠶᠢ ᠬᠠᠮᠤᠭ ᠤᠨ ᠶᠡᠭᠡ | ᠴᠢᠷᠮᠠᠶᠢᠯᠭ᠎ᠠ ᠪᠠᠷ ᠲᠣᠭᠲᠠᠭᠤᠨ ᠪᠠᠶᠢᠯᠭᠠᠬᠤ ᠪᠠᠷ ᠴᠢᠷᠮᠠᠶᠢᠨ᠎ᠠ᠃ | ︽ᠪᠢᠳᠡ ᠠᠵᠢᠯ ᠤᠨ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠭᠤᠳᠠᠰᠤ | ᠪᠠᠷᠢᠮᠲᠠ ᠶᠢ ᠪᠠᠭᠠᠰᠬᠠᠬᠤ᠂ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠨ ᠬᠦᠴᠦᠨ ᠲᠠᠢ ᠬᠤᠭᠤᠴᠠᠭ᠎ᠠ ᠶᠢ | ᠳᠡᠭᠡᠭᠰᠢᠯᠡᠭᠦᠯᠬᠦ᠂ ᠥᠪᠡᠷ ᠤᠨ ᠥᠷᠲᠡᠭ ᠢ ᠪᠠᠭᠤᠷᠠᠭᠤᠯᠬᠤ ᠵᠣᠷᠢᠯᠭ᠎ᠠ ᠳᠤ ᠬᠦᠷᠬᠦ ᠶᠢᠨ ᠬᠠᠮᠳᠦ ᠬᠤᠯᠪᠣᠭᠠᠯᠠᠨ | ᠬᠠᠮᠵᠢᠯᠴᠠᠬᠤ ᠶᠢ ᠴᠢᠩᠭᠠᠳᠬᠠᠵᠠᠢ᠃ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠪᠣᠭᠤᠮᠲᠠ ᠥᠩᠭᠡᠷᠡᠬᠦ ᠶᠢ ᠬᠦᠯᠢᠶᠡᠬᠦ | ᠦᠭᠡᠶ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠬᠢᠨᠠᠯᠲᠠ | ᠬᠠᠮᠢᠶᠠᠷᠤᠯᠲᠠ ᠶᠢᠨ ᠰᠢᠯᠢᠳᠡᠭ ᠦᠢᠯᠡᠴᠢᠯᠡᠭᠡ ᠶᠢ ᠦᠷᠭᠦᠯᠵᠢᠯᠡᠨ ᠴᠢᠩᠭᠠᠷᠠᠭᠤᠯᠵᠦ᠂ ᠪᠣᠭᠤᠮᠲᠠ ᠶᠢᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃︾ ᠭᠡᠵᠦ | ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠡᠳ᠋ ᠳᠠᠷᠤᠭ᠎ᠠ ᠵᠠᠩ ᠸᠧᠨ ᠪᠥᠸᠧ ᠳᠠᠨᠢᠯᠴᠠᠭᠤᠯᠪᠠ᠃ | | | |