ᠪᠣᠯᠪᠠᠰᠤᠨ ᠵᠠᠮ ᠬᠠᠷᠢᠯᠴᠠᠭᠠᠨ ᠤ ︽ᠵᠢᠵᠢᠭ  ᠵᠦᠢᠯᠡᠰ︾᠂ ᠰᠠᠶᠢᠨ ᠳᠤᠷ᠎ᠠ ᠠᠴᠠ ᠪᠠᠨ  ᠦᠢᠯᠡᠴᠢᠯᠡᠬᠦ  ︽  ᠠᠭᠤᠣ  ᠰᠡᠳᠬᠢᠯᠭᠡ︾
ᠨᠡᠶᠢᠲᠡᠯᠡᠭᠰᠡᠨ ᠴᠠᠭ᠄
2020/8/25
       ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠪᠦᠬᠦ ᠬᠤᠲᠠ ᠶᠢᠨ ᠪᠣᠯᠪᠠᠰᠤᠨ ᠵᠠᠮ ᠬᠠᠷᠢᠯᠴᠠᠭᠠᠨ ᠤ ᠠᠵᠢᠯᠯᠠᠭ᠎ᠠ ᠶᠢ ᠳᠦᠷᠢᠮᠵᠢᠭᠦᠯᠵᠦ᠂ ᠰᠠᠶᠢᠨ ᠳᠤᠷᠠᠴᠤᠳ ᠤᠨ ᠪᠣᠯᠪᠠᠰᠤᠨ ᠵᠣᠷᠴᠢᠬᠤ ᠵᠠᠮ ᠬᠠᠷᠢᠯᠴᠠᠭᠠᠨ ᠤ  ᠵᠢᠯᠣᠭᠤᠳᠣᠯᠭ᠎ᠠ ᠶᠢᠨ ᠦᠢᠯᠡᠳᠦᠯ ᠢ ᠪᠠᠳᠠᠷᠠᠭᠤᠯᠵᠤ᠂ ︽ᠭᠤᠷᠪᠠᠨ ᠬᠤᠲᠠ ᠨᠢᠭᠡ ᠭᠠᠷᠠᠮ︾ ᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠰᠢᠨ᠎ᠡ ᠶᠢ ᠡᠭᠦᠳᠬᠦ ᠵᠢᠯᠣᠭᠤᠳᠬᠤ ᠭᠠᠵᠠᠷ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠰᠠᠶᠢᠨ ᠳᠣᠷᠠᠴᠣᠳ ᠢ ᠵᠣᠬᠢᠶᠠᠨ ᠪᠠᠶᠢᠭᠤᠯᠤᠨ 8 ᠰᠠᠷ᠎ᠠ ᠶᠢᠨ 12 ᠠᠴᠠ ᠡᠬᠢᠯᠡᠨ ᠪᠦᠬᠦ ᠬᠤᠲᠠ ᠳᠤ ᠵᠠᠮ ᠬᠠᠷᠢᠯᠴᠠᠭᠠᠨ ᠤ ᠠᠭᠤᠯᠵᠠᠷ ᠢ ᠳᠠᠭᠠᠭᠠᠴᠢᠯᠠᠨ ᠬᠤᠯᠪᠣᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠡᠶ᠃ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃
       ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ         ᠪᠦᠷᠢᠨ ᠪᠠᠷᠠᠭᠠᠲᠤ ᠠᠰᠠᠷ ᠤᠨ  ︽ᠤᠷᠤᠭᠰᠢᠯᠠᠯᠲᠠ ᠵᠠᠮ︾  ᠤᠨ ᠳᠤᠮᠳᠠ ᠬᠡᠰᠡᠭ ᠨᠢ ᠬᠤᠲᠠ ᠶᠢᠨ ᠲᠣᠭᠤᠷᠢᠭ ᠤᠨ ᠭᠤᠤᠯ ᠵᠠᠮ ᠳᠤ ᠬᠠᠷᠢᠶᠠᠯᠠᠭᠳᠠᠨ᠎ᠠ᠃ ᠬᠥᠮᠦᠨ ᠠᠮᠠ ᠶᠢᠨ ᠤᠷᠤᠰᠴᠠ ᠨᠡᠯᠢᠶᠡᠳ ᠶᠡᠭᠡ᠂ ᠲᠡᠷᠭᠡ ᠤᠨᠤᠭ᠎ᠠ ᠨᠡᠪᠲᠡᠷᠡᠬᠦ ᠨᠢ ᠤᠯᠠᠨ ᠪᠠᠶᠢᠳᠠᠭ᠃ ᠡᠭᠦᠷᠭᠡ  ᠬᠦᠢᠴᠡᠳᠬᠡᠵᠦ ᠪᠠᠶᠢᠭ᠎ᠠ 4 ᠰᠠᠶᠢᠨ ᠳᠤᠷ᠎ᠠ ᠶᠢᠨ ᠠᠵᠢᠯᠯᠠᠭᠴᠢ ᠲᠣᠬᠢᠷᠠᠭᠤᠯᠤᠯᠲᠠ ᠶᠣᠰᠣᠭᠠᠷ ᠡᠷᠲᠡ ᠬᠦᠷᠴᠦ᠂ ᠰᠠᠶᠢᠨ ᠳᠤᠷ᠎ᠠ ᠶᠢᠨ ᠠᠵᠢᠭᠯᠠᠭᠴᠢ ᠶᠢᠨ ᠳᠦᠷᠢᠮᠲᠦ ᠬᠤᠪᠴᠠᠰᠤ ᠶᠢ ᠡᠮᠦᠰᠴᠦ᠂ ᠶᠣᠰᠣᠷᠬᠠᠭ ᠦᠭᠡ ᠪᠠᠷ ᠶᠠᠪᠠᠭᠠᠨ  ᠬᠦᠮᠦᠨ ᠪᠠ ᠮᠠᠰᠢᠨᠲᠤ ᠪᠤᠰᠤ ᠲᠡᠷᠭᠡ ᠶᠢ ᠢᠳᠬᠠᠨ ᠵᠠᠮ ᠬᠠᠷᠢᠯᠴᠠᠭᠠᠨ ᠤ ᠳᠦᠷᠢᠮ   ᠢ ᠰᠠᠬᠢᠭᠤᠯᠤᠨ᠎ᠠ᠃ ᠵᠠᠮ ᠬᠠᠷᠢᠯᠴᠠᠭᠠᠨ ᠤ ᠴᠠᠭᠳᠠᠭ᠎ᠠ ᠶᠢ ᠬᠠᠪᠰᠤᠷᠤᠨ ᠮᠠᠰᠢᠨᠲᠤ ᠪᠤᠰᠤ ᠲᠡᠷᠭᠡ ᠪᠣᠯᠤᠨ ᠶᠠᠪᠠᠭᠠᠨ ᠬᠥᠮᠦᠨ ᠤ  ᠵᠠᠮ ᠤᠨ ᠳ᠋ᠧᠩ ᠢ ᠵᠦᠷᠢᠴᠡᠬᠦ᠂ ᠰᠥᠷᠭᠡᠤ ᠶᠠᠪᠤᠬᠤ᠂ ᠳᠤᠷ᠎ᠠ ᠪᠠᠷ ᠢᠶᠠᠨ ᠵᠠᠰᠠᠮᠠᠯ ᠵᠠᠮ ᠥᠩᠭᠡᠷᠡᠬᠦ ᠵᠡᠷᠭᠡ ᠪᠣᠯᠪᠠᠰᠤᠨ ᠪᠤᠰᠤ ᠵᠠᠮ ᠬᠠᠷᠢᠯᠴᠠᠭᠠᠨ ᠤ  ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠶ︔ ᠮᠠᠰᠢᠨᠲᠤ ᠪᠤᠰᠤ ᠲᠡᠷᠭᠡ᠂ ᠶᠠᠪᠠᠭᠠᠨ ᠬᠥᠮᠦᠨ ᠤ ᠱᠤᠭᠤᠮ ᠳᠠᠪᠠᠵᠤ ᠤᠯᠠᠭᠠᠨ ᠳ᠋ᠧᠩ ᠢ ᠬᠦᠯᠢᠶᠡᠬᠦ ᠦᠵᠡᠭᠳᠡᠯ ᠢ  ᠬᠤᠷᠢᠭᠯᠠᠨ ᠵᠣᠭᠰᠣᠭᠠᠬᠤ ᠬᠡᠷᠡᠭᠲᠡᠶ︔ ᠶᠠᠪᠠᠭᠠᠨ ᠬᠥᠮᠦᠨ ᠢ ᠬᠥᠲᠥᠯᠥᠨ ᠵᠢᠯᠣᠭᠤᠳᠴᠤ ᠤᠯᠠᠭᠠᠨ ᠨᠣᠭᠤᠭᠠᠨ ᠳ᠋ᠧᠩ ᠤᠨ ᠵᠢᠭᠠᠪᠤᠷᠢ ᠶᠣᠰᠣᠭᠠᠷ ᠡᠷᠢᠶᠡᠨ ᠱᠤᠭᠤᠮ ᠢᠶᠠᠷ ᠵᠠᠮ ᠭᠡᠲᠦᠯᠦᠭᠦᠯᠦᠨ᠎ᠡ  ︔᡽ ᠮᠠᠰᠢᠨᠲᠤ ᠪᠤᠰᠤ ᠲᠡᠷᠭᠡ ᠶᠢᠨ ᠮᠠᠰᠢᠨᠲᠤ ᠪᠤᠰᠤ ᠲᠡᠷᠭᠡᠨ ᠤ ᠵᠠᠮ ᠢᠶᠠᠷ ᠶᠠᠪᠤᠬᠤ ᠶᠢ ᠬᠥᠲᠥᠯᠥᠨ ᠵᠢᠯᠣᠭᠤᠳᠤᠨ᠎ᠠ᠃ ᠣᠶᠢᠯᠠᠭᠠᠭᠰᠠᠨ ᠢᠶᠠᠷ᠂ ᠨᠡᠶᠢᠲᠡ 63 ᠨᠢᠭᠡᠴᠡ ᠶᠢᠨ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ ᠠᠵᠢᠯᠳᠠᠨ 16 ᠵᠠᠮ ᠬᠠᠷᠢᠯᠴᠠᠭᠠᠨ ᠤ ᠵᠠᠮ ᠤᠨ ᠠᠭᠤᠯᠵᠠᠷ ᠲᠤ ᠵᠢᠵᠢᠭᠦᠷᠯᠡᠵᠦ ᠠᠵᠢᠯ ᠤᠨ ᠪᠠᠶᠢᠷᠢ ᠳᠤ ᠭᠠᠷᠪᠠ᠃       ᠰᠠᠶᠢᠨ ᠳᠤᠷᠠᠴᠤᠳ ᠪᠠᠰᠠ ᠵᠠᠮ ᠤᠨ ᠠᠭᠤᠯᠵᠠᠭᠤᠷ ᠲᠤ ᠨᠠᠰᠤᠲᠠᠶᠢᠴᠤᠳ ᠵᠡᠷᠭᠡ ᠶᠠᠪᠤᠵᠤ ᠰᠠᠭᠤᠬᠤ ᠳᠤ ᠳᠥᠭᠦᠮ ᠦᠭᠡᠢ ᠬᠤᠲᠠ ᠶᠢᠨ ᠠᠷᠠᠳ ᠢ ᠬᠠᠪᠰᠤᠷᠤᠨ ᠵᠠᠮ ᠭᠡᠲᠦᠯᠵᠦ᠂ ᠪᠡᠶ᠎ᠡ ᠪᠠᠷ ᠢᠶᠠᠨ ᠬᠢᠵᠦ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠨ᠎ᠠ᠃     
       ᠰᠠᠶᠢᠨ ᠳᠤᠷ᠎ᠠ ᠶᠢᠨ ᠠᠵᠢᠭᠯᠠᠭᠴᠢ ᠨᠠᠰᠤᠲᠠᠨ ᠢ ᠬᠠᠪᠰᠤᠷᠤᠨ ᠵᠠᠮ ᠭᠡᠲᠦᠯᠪᠡ    ᠪᠣᠯᠪᠠᠰᠤᠨ ᠵᠠᠮ ᠬᠠᠷᠢᠯᠴᠠᠭ᠎ᠠ ᠨᠢ ᠦᠵᠡᠬᠦ ᠳᠤ ︽ᠵᠢᠵᠢᠭ  ᠵᠦᠢᠯᠡᠰ︾ ᠰᠢᠭ ᠪᠣᠯᠪᠠᠴᠤ ᠦᠨᠡᠨ ᠳᠡᠭᠡᠨ ︽ᠠᠭᠤᠣ ᠰᠡᠳᠬᠢᠯᠭᠡ︾  ᠪᠠᠶᠢᠳᠠᠭ᠃ ᠵᠠᠮ ᠬᠠᠷᠢᠯᠴᠠᠭᠠᠨ ᠤ ᠠᠮᠤᠷ ᠲᠦᠪᠰᠢᠨ ᠨᠢ ᠮᠠᠨ ᠤ ᠬᠥᠮᠦᠨ ᠪᠦᠬᠦᠨ ᠲᠠᠢ ᠨᠢᠭᠲᠠ ᠬᠤᠯᠪᠣᠭ᠎ᠠ ᠲᠠᠢ ᠶᠤᠮ᠂ ᠵᠠᠮ  ᠬᠠᠷᠢᠯᠴᠠᠭᠠᠨ ᠤ ᠣᠷᠴᠢᠨ ᠲᠣᠭᠤᠷᠢᠨ ᠢ ᠬᠠᠮᠠᠭᠠᠯᠠᠬᠤ ᠳᠤ ᠪᠦᠬᠦ ᠬᠤᠳᠠ ᠶᠢᠨ ᠠᠷᠠᠳ ᠤᠨ ᠬᠠᠮᠲᠤ ᠶᠢᠨ ᠴᠢᠷᠮᠠᠶᠢᠯᠭ᠎ᠠ  ᠴᠢᠬᠤᠯᠠᠳᠠᠢ ᠶᠤᠮ᠃ ᠪᠢᠳᠡ ᠬᠠᠮᠲᠤ ᠪᠠᠷ ᠬᠥᠳᠡᠯᠦᠯᠴᠡᠶ᠎ᠡ᠂ ᠪᠢᠰᠢᠷᠡᠨ  ᠬᠢᠴᠢᠶᠡᠬᠦ᠂ ᠳᠦᠷᠢᠮ ᠲᠣᠭᠲᠠᠭᠠᠯ   ᠢ ᠵᠢᠷᠣᠮᠯᠠᠬᠤ᠂ ᠪᠣᠯᠪᠠᠰᠤᠨ ᠡᠶ᠎ᠡ ᠵᠣᠬᠢᠴᠠᠩᠭᠤᠢ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠮᠠᠨ ᠤ ᠬᠤᠲᠠ ᠪᠠᠨ ᠪᠦᠬᠦ ᠤᠯᠤᠰ ᠤᠨ ᠪᠣᠯᠪᠠᠰᠤᠨ ᠬᠤᠲᠠ ᠪᠠ ᠤᠯᠤᠰ  ᠤᠨ ᠡᠷᠡᠭᠦᠯ ᠬᠠᠮᠠᠭᠠᠯᠠᠯ ᠤᠨ ᠬᠤᠲᠠ ᠪᠣᠯᠭᠠᠨ ᠪᠦᠲᠦᠭᠡᠨ ᠪᠠᠶᠢᠭᠤᠯᠬᠤ ᠳᠤ ᠬᠦᠴᠦ  ᠨᠠᠮᠠᠷᠢᠯᠡᠶ᠎ᠡ︕
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号