ᠴᠣᠭᠵᠢᠯ ᠰᠤᠮᠤᠨ ᠳᠤ ᠭᠦᠨᠵᠡᠭᠡᠶᠢᠷᠡᠵᠦ ︽ᠬᠤᠲᠠ ᠴᠣᠭᠴᠠᠯᠠᠬᠤ︾ ᠠᠵᠢᠯ ᠵᠢᠴᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠣᠷᠢᠯᠡᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020/8/27
            8 ᠰᠠᠷ᠎ᠠ ᠶᠢᠨ 25 ᠤ ᠡᠳᠦᠷ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠴᠣᠭᠵᠢᠯ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠡᠷᠡᠯᠳᠣᠠᠣᠳᠦ ᠰᠤᠮᠤ ᠳᠤ ᠭᠦᠨᠵᠡᠭᠡᠶᠢᠷᠡᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠬᠢᠨᠠᠨ ᠵᠢᠯᠣᠭᠤᠳᠪᠠ᠃
    
        ᠴᠣᠭᠵᠢᠯ ᠬᠡᠷᠡᠯᠳᠦᠠᠣᠳᠦ ᠰᠣᠮᠣᠨ ᠤ ᠰᠠᠶᠢᠬᠤᠰᠦ ᠭᠠᠴᠠᠭ᠎ᠠ ᠳᠤ ᠪᠠᠶᠢᠴᠠᠭᠠᠨ ᠰᠤᠳᠤᠯᠤᠯᠲᠠ ᠬᠢᠪᠡ᠃           ᠴᠣᠭᠵᠢᠯ ᠬᠡᠷᠡᠯᠳᠦᠠᠣᠳᠦ ᠰᠤᠮᠤᠨ ᠤ  ᠰᠠᠶᠢᠬᠤᠰᠦ ᠭᠠᠴᠠᠭ᠎ᠠ ᠳᠤ ᠬᠦᠷᠴᠦ ᠵᠠᠮ   ᠨᠢ ᠡᠩᠬᠦᠯ ᠳᠤᠩᠬᠤᠯ ᠲᠡᠭᠰᠢ ᠪᠤᠰᠤ᠂ ᠵᠠᠮ ᠤᠨ ᠬᠤᠶᠠᠷ ᠬᠠᠵᠠᠭᠤ ᠶᠢᠨ ᠬᠡᠷᠡᠮ ᠬᠠᠨ᠎ᠠ ᠶᠢᠨ ᠬᠠᠯᠢᠰᠤ ᠤᠨᠠᠭᠰᠠᠨ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠣᠷᠢᠵᠢᠭᠤᠯᠣᠭᠰᠠᠨ ᠪᠠᠶᠢᠳᠠᠯ ᠢ ᠪᠠᠶᠢᠴᠠᠭᠠᠨ ᠦᠵᠡᠭᠰᠡᠨ ᠤ ᠬᠠᠮᠲᠤ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠬᠠᠮᠤᠭ ᠡᠴᠦᠰ ᠤᠨ ᠰᠢᠪᠲᠤᠯᠤᠯᠲᠠ   ᠶᠢᠨ ᠱᠠᠲᠤᠨ ᠳᠤ ᠬᠦᠷᠴᠦ᠂ ᠴᠠᠭ ᠪᠠᠴᠢᠮ᠂ ᠡᠭᠦᠷᠭᠡ ᠬᠦᠨᠳᠦ᠂ ᠴᠠᠯᠠᠭᠠᠶᠢᠷᠠᠵᠤ ᠪᠣᠯᠬᠤ ᠦᠭᠡᠢ᠂ ᠴᠠᠭ   ᠢ ᠠᠮᠵᠢᠨ ᠴᠡᠭᠴᠡᠯᠡᠨ  ᠰᠠᠶᠢᠵᠢᠷᠠᠭᠤᠯᠬᠤ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠦᠷᠦᠯᠴᠡᠬᠦ ᠦᠭᠡᠢ ᠲᠠᠯ᠎ᠠ ᠳᠤᠲᠠᠭᠤᠳᠠᠯ ᠢᠶᠠᠨ ᠨᠥᠬᠦᠪᠥᠷᠢᠯᠡᠵᠦ᠂ ᠲᠣᠭᠲᠠᠭᠰᠠᠨ ᠴᠠᠭ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠥᠷᠭᠡᠨ ᠣᠯᠠᠨ ᠨᠣᠭᠤᠭ᠎ᠠ ᠶᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠠᠷᠢᠭᠤᠨ ᠴᠡᠪᠡᠷ ᠢ ᠤᠬᠠᠮᠰᠠᠷ ᠠᠴᠠ ᠪᠠᠨ ᠬᠠᠮᠠᠭᠠᠯᠠᠵᠤ ᠂ ᠰᠠᠭᠤᠭᠠᠯᠢ ᠠᠷᠠᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃     
  ᠰᠡᠭᠦᠵᠢ ᠭᠠᠴᠠᠭ᠎ᠠ ᠶᠢᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠤᠰᠬᠠᠶ ᠡᠷᠦᠬᠡ ᠳᠤ ᠪᠠᠶᠢᠴᠠᠭᠠᠨ ᠰᠤᠳᠤᠯᠤᠯᠲᠠ ᠬᠢᠪᠡ᠃        ᠰᠡᠭᠦᠵᠢ ᠭᠠᠴᠠᠭᠠᠨ ᠤ  ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠤᠰᠬᠠᠢ ᠡᠷᠦᠬᠡ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂  ᠴᠣᠭᠵᠢᠯ ᠵᠢᠭᠠᠵᠤ ᠭᠠᠷᠭᠠᠭᠰᠠᠨ ᠨᠢ᠂ ᠭᠠᠴᠠᠭᠠᠨ ᠤ ᠬᠤᠶᠠᠷ ᠵᠥᠪᠯᠡᠯ ᠤᠨ ᠪᠠᠭ ᠤᠨ ᠦᠢᠯᠡᠳᠦᠯ ᠢ ᠭᠦᠢᠴᠡᠳ  ᠪᠠᠳᠠᠷᠠᠭᠤᠯᠵᠦ᠂ ᠲᠦᠷᠦᠭᠦᠯᠡᠨ ᠠᠵᠤ ᠦᠢᠯᠡᠰ ᠢ ᠬᠥᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠦᠳᠲᠡᠷ ᠲᠦᠷᠭᠡᠨ ᠪᠣᠵᠠᠭᠠᠶᠢᠷᠠᠭᠤᠯᠣᠨ᠎ᠠ︔ ᠠᠵᠤ ᠠᠬᠤᠢ ᠶᠢᠨ ᠳᠠᠩᠰᠠ ᠶᠢ ᠰᠠᠶᠢᠲᠤᠷ ᠪᠣᠳᠣᠵᠤ᠂ ᠮᠠᠯᠴᠢᠳ ᠢ ᠬᠥᠲᠥᠯᠥᠨ ᠵᠢᠯᠣᠭᠤᠳᠴᠤ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠵᠡᠯᠲᠡ ᠪᠠᠨ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ᠂ ᠲᠥᠷᠥᠯ  ᠵᠦᠢᠯ ᠢ ᠰᠣᠩᠭᠤᠬᠤ ᠪᠠ ᠰᠠᠶᠢᠵᠢᠷᠠᠭᠤᠯᠬᠤ ᠠᠵᠢᠯ ᠢ ᠰᠠᠶᠢᠳᠣᠷ ᠬᠢᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠶᠢ ᠣᠷᠣᠯᠭ᠎ᠠ ᠶᠢ  ᠨᠡᠮᠡᠭᠳᠡᠬᠦᠯᠦᠨ ᠪᠠᠶᠠᠵᠢᠯ ᠤᠨ ᠵᠠᠮ ᠢᠶᠠᠷ ᠲᠦᠷᠬᠡᠨ ᠠᠷᠭ᠎ᠠ ᠪᠣᠯᠭᠠᠨ᠎ᠠ᠃    
       ᠪᠠᠷᠠᠭᠤᠨ ᠬᠤᠶᠢᠲᠤ ᠣᠷᠣᠨ ᠤ ᠤᠯᠠᠭᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠡ᠃         ᠪᠠᠷᠠᠭᠤᠨ ᠬᠤᠶᠢᠲᠤ ᠣᠷᠣᠨ ᠤ ᠤᠯᠠᠭᠠᠨ ᠲᠠᠷᠢᠶᠠᠯᠠᠩ ᠮᠠᠯ ᠠᠵᠤ ᠠᠬᠤᠶ ᠲᠡᠵᠢᠭᠡᠨ ᠦᠷᠡᠵᠢᠭᠦᠯᠬᠦ ᠬᠤᠷᠰᠢᠶ᠎ᠠ ᠪᠠ  ᠰᠦᠨ ᠮᠠᠯᠵᠢᠯ ᠤᠨ ᠲᠠᠯᠠᠪᠠᠢ ᠶᠢᠨ ᠬᠤᠷᠰᠢᠶ᠎ᠠ   ᠳᠤ ᠴᠣᠭᠵᠢᠯ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠵᠦ  ᠪᠠᠶᠢᠭ᠎ᠠ ᠪᠠᠶᠢᠳᠠᠯ ᠪᠣᠯᠤᠨ ᠠᠵᠤ  ᠠᠬᠤᠶᠢᠯᠠᠯ ᠤᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠬᠢ ᠪᠠᠶᠠᠯᠢᠭ ᠢᠶᠠᠨ ᠡᠮᠬᠢᠯᠡᠨ  ᠨᠠᠶᠢᠯᠡᠬᠦᠯᠵᠦ ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠦᠷᠡᠵᠢᠭᠦᠯᠬᠦ ᠡᠵᠡᠩᠨᠡᠯᠲᠡ ᠶᠢᠨ ᠬᠡᠪ ᠵᠠᠭᠪᠤᠷ ᠢ  ᠪᠠᠶᠢᠭᠤᠯᠬᠤ ᠶᠢ ᠬᠦᠰᠡᠵᠦ ᠪᠠᠶᠢᠨ᠎ᠠ᠃ ᠡᠯ᠎ᠡ ᠭᠠᠵᠠᠷ ᠤᠨ ᠲᠡᠷᠢᠭᠦᠨ ᠤ ᠲᠤᠷᠰᠢᠯᠭ᠎ᠠ ᠠᠷᠭ᠎ᠠ ᠪᠠᠷᠢᠯ ᠢ ᠢᠳᠡᠪᠬᠢᠲᠡᠢ ᠰᠦᠪᠡᠭᠴᠢᠯᠡᠨ ᠰᠤᠷᠤᠯᠴᠠᠵᠤ᠂  ᠮᠡᠯᠴᠢᠳ ᠲᠠᠢ ᠠᠰᠢᠭ ᠲᠤᠰᠠ ᠶᠢᠨ ᠬᠤᠯᠪᠣᠯᠲᠠ ᠶᠢᠨ ᠲᠣᠭᠲᠠᠴᠠ ᠶᠢ ᠪᠠᠶᠢᠭᠤᠯᠵᠤ᠂ ᠬᠤᠷᠰᠢᠶ᠎ᠠ ᠶᠢ ᠳᠦᠷᠢᠮᠵᠢᠭᠦᠯᠦᠨ ᠬᠥᠭᠵᠢᠭᠦᠯᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠦᠷ᠎ᠡ ᠠᠰᠢᠭ ᠢ  ᠨᠡᠮᠡᠭᠳᠡᠬᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠶᠢ ᠪᠡᠶᠡᠯᠡᠭᠦᠯᠦᠨ᠎ᠡ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号