ᠡᠯ᠎ᠡ ᠰᠢᠭᠤᠳ ᠬᠠᠷᠢᠶ᠎ᠠ ᠵᠥᠪᠯᠡᠯ᠂ ᠠᠯᠪᠠᠨ ᠭᠡᠷ᠂ ᠲᠣᠪᠴᠢᠶ᠎ᠠ᠂ ᠬᠢᠯᠢ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠳᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠡᠷᠡᠯᠳᠣᠠᠣᠳᠣ ᠰᠣᠮᠣ ᠶᠢᠨ ᠵᠠᠰᠠᠭ ᠤᠨ ᠣᠷᠳᠣᠨ | ᠂ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠄ | ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2019 ︺ | 24 ᠳ᠋ᠦᠭᠡᠷ ᠳᠣᠭᠠᠳᠣ︶ ᠪᠠ ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2020 ︺2 ᠳ᠋ᠤᠭᠠᠷ ᠲᠣᠭᠠᠲᠤ︶ | ᠵᠢᠴᠢ ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠰᠠᠶᠢᠲᠤᠷ ᠬᠢᠬᠦ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠰᠢᠯᠢ ᠵᠠᠬᠢᠷᠭ᠎ᠠ | ᠲᠠᠷᠬᠠᠭᠠᠭᠰᠠᠨ ︹ 2020 ︺7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠳᠣᠬᠠᠢ᠂ | ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃ | | ᠨᠢᠭᠡ᠂ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ | ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠣᠶᠢᠶ᠎ᠠ ᠳᠤ ᠤᠷᠤᠭᠰᠠᠨ ᠨᠢᠭᠡᠨ ᠴᠢᠬᠤᠯᠠ ᠶᠡᠭᠡ | ᠤᠯᠤᠰ ᠠᠴᠠ ᠪᠠᠶᠢᠳᠠᠯ ᠤᠯᠤᠰ ᠤᠨ ᠬᠦᠴᠦᠨ᠂ ᠬᠤᠲᠠ ᠶᠢᠨ ᠪᠠᠢᠳᠠᠯ ᠬᠤᠲᠠ ᠶᠢᠨ ᠬᠦᠴᠦᠨ ᠤ ᠪᠠᠶᠢᠴᠠᠭᠠᠯᠲᠠ | ᠪᠣᠯᠤᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠳᠠᠮᠵᠢᠨ᠂ ᠮᠠᠨ ᠤ ᠬᠤᠲᠠ ᠶᠢᠨ ᠬᠥᠮᠦᠨ ᠠᠮᠠ ᠶᠢᠨ | ᠬᠤᠪᠢᠷᠠᠯᠲᠠ ᠶᠢᠨ ᠬᠠᠨᠳᠤᠰᠢ ᠶᠢᠨ ᠣᠨᠴᠠᠯᠢᠭ ᠢ ᠲᠣᠳᠣᠷᠬᠠᠶ ᠣᠶᠢᠯᠠᠭᠠᠵᠣ᠂ ᠮᠠᠨ ᠤ ᠬᠤᠲᠠ ᠶᠢᠨ ᠬᠥᠮᠦᠨ ᠠᠮᠠ ᠶᠢᠨ | ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ᠂ ᠬᠤᠲᠠ ᠬᠥᠳᠡᠭᠡ ᠶᠢᠨ ᠣᠷᠣᠨ ᠰᠠᠭᠤᠴᠠ ᠵᠡᠷᠭᠡ ᠲᠠᠯ᠎ᠠ ᠶᠢᠨ | ᠪᠠᠶᠢᠳᠠᠯ ᠢ ᠪᠠᠶᠢᠴᠠᠭᠠᠨ ᠲᠣᠳᠣᠯᠠᠵᠤ᠂ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ | ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠥᠮᠦᠨ ᠠᠮᠠ ᠶᠢᠨ ᠤᠷᠳᠤ | ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠵᠥᠪ ᠣᠨᠣᠪᠴᠢᠲᠠᠶ ᠬᠦᠴᠦᠲᠡᠶ ᠲᠤᠭ᠎ᠠ ᠪᠦᠷᠢᠳᠬᠡᠯ ᠤᠨ | ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ | ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠬᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠲᠡᠭᠡᠳ᠂ ᠠᠭᠤᠯᠭ᠎ᠠ ᠪᠣᠯᠤᠨ ᠴᠠᠭ ᠬᠤᠭᠤᠴᠠᠭ᠎ᠠ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ | ᠶᠢᠨ ᠳᠣᠲᠣᠷ᠎ᠠ ᠪᠠᠶᠢᠭ᠎ᠠ ᠪᠠᠶᠢᠭᠠᠯᠢ ᠬᠥᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠭᠠᠳᠠᠨ᠎ᠠ ᠪᠠᠶᠢᠪᠠᠴᠤ ᠰᠠᠭᠤᠷᠢᠰᠢᠭ᠎ᠠ ᠦᠭᠡᠶ ᠳᠤᠮᠳᠠᠳᠤ ᠤᠯᠤᠰ ᠤᠨ ᠠᠷᠠᠳ ᠢᠷᠭᠡᠨ ᠪᠣᠯᠤᠨ᠎ᠠ᠃ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠣᠬᠤᠷ ᠬᠤᠭᠤᠴᠠᠭ᠎ᠠ ᠪᠠᠷ ᠰᠠᠭᠠᠲᠠᠬᠤ | ᠬᠢᠯᠢ ᠶᠢᠨ ᠭᠠᠳᠠᠨᠠᠬᠢ ᠬᠥᠮᠦᠰ ᠢ ᠪᠠᠭᠲᠠᠭᠠᠬᠤ ᠦᠭᠡᠢ᠃ ᠨᠡᠶᠢᠳᠡᠮ ᠪᠠᠶᠢᠴᠠᠭᠠᠯᠲᠠ ᠳᠤ ᠭᠤᠤᠯᠳᠠᠭᠤ ᠬᠥᠮᠦᠨ ᠠᠮᠠ | ᠪᠣᠯᠤᠨ ᠰᠠᠭᠤᠭ᠎ᠠ ᠡᠷᠦᠬᠡ ᠶᠢᠨ ᠦᠨᠳᠦᠰᠦᠨ ᠪᠠᠶᠢᠳᠠᠯ ᠢ ᠪᠠᠶᠢᠴᠠᠭᠠᠨ᠎ᠠ᠂ ᠠᠭᠤᠯᠭ᠎ᠠ ᠳᠤ᠄ ᠣᠪᠣᠭ ᠨᠡᠷ᠎ᠡ᠂ ᠠᠷᠠᠳ | ᠢᠷᠭᠡᠳ ᠤᠨ ᠪᠡᠶ᠎ᠡ ᠶᠢᠨ ᠦᠨᠡᠮᠯᠡᠯ ᠤᠨ ᠨᠣᠮᠧᠷ᠂ ᠭᠦᠢᠰᠣ᠂ ᠨᠠᠰᠣᠨ ᠤ ᠬᠡᠮᠵᠢᠶ᠎ᠡ᠂ ᠦᠨᠳᠦᠰᠦᠲᠡᠨ᠂ ᠰᠤᠷᠭᠠᠨ | ᠬᠥᠮᠦᠵᠢᠯ ᠬᠦᠷᠲᠡᠭᠰᠡᠨ ᠬᠡᠮᠵᠢᠶ᠎ᠡ᠂ ᠠᠵᠢᠯ ᠲᠥᠷᠥᠯ᠂ ᠡᠷᠬᠢᠯᠡᠭᠰᠡᠨ ᠠᠵᠢᠯ᠂ ᠨᠡᠭᠦᠲᠡᠯ ᠰᠢᠯᠵᠢᠯᠲᠡ᠂ ᠤᠷᠤᠭ | ᠬᠤᠷᠢᠮ᠂ ᠲᠦᠷᠦᠵᠣ ᠬᠦᠩᠭᠡᠵᠢᠭᠰᠡᠨ᠂ ᠨᠠᠰᠣ ᠨᠦᠭᠴᠢᠭᠰᠡᠨ᠂ ᠣᠷᠣᠨ ᠰᠠᠭᠤᠴᠠ ᠶᠢᠨ ᠪᠠᠶᠢᠳᠠᠯ ᠵᠡᠷᠭᠡ ᠪᠠᠭᠲᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠨᠢ 2020 ᠤᠨ 11 ᠳ᠋ᠦᠭᠡᠷ ᠰᠠᠷ᠎ᠠ ᠶᠢᠨ 1 ᠤ ᠡᠳᠦᠷ ᠤᠨ ᠲᠡᠭ | ᠴᠠᠭ ᠪᠣᠯᠤᠨ᠎ᠠ᠃ | | ᠭᠤᠷᠪᠠ᠂ ᠵᠣᠬᠢᠶᠠᠨ ᠪᠠᠶᠢᠭᠤᠯᠵᠣ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ︽ᠪᠦᠬᠦ ᠤᠯᠤᠰ ᠲᠤ ᠨᠢᠭᠡᠳᠦᠯᠲᠡᠶ | ᠤᠳᠤᠷᠢᠳᠬᠤ᠂ ᠰᠠᠯᠠᠭ᠎ᠠ ᠮᠥᠴᠢᠷ ᠠᠵᠢᠯ ᠬᠤᠪᠢᠶᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ | ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤᠪᠠᠷ ᠣᠷᠣᠯᠴᠠᠬᠤ︾ ᠵᠠᠷᠴᠢᠮ ᠢᠶᠠᠷ ᠵᠣᠬᠢᠶᠠᠨ ᠪᠠᠶᠢᠭᠤᠯᠵᠣ | ᠶᠠᠪᠤᠭᠳᠠᠭᠤᠯᠤᠨ᠎ᠠ᠃ ᠬᠤᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠮᠡᠷᠭᠡᠵᠢᠯ ᠤᠨ | ᠱᠠᠭᠠᠷᠳᠠᠯᠭ᠎ᠠ ᠦᠨᠳᠦᠷ᠂ ᠠᠵᠢᠯ ᠤᠨ ᠬᠦᠴᠢᠷᠳᠡᠯ ᠶᠡᠭᠡ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠡᠶᠢᠳᠡᠮ ᠪᠠᠶᠢᠴᠠᠭᠠᠯᠲᠠ ᠶᠢᠨ | ᠤᠬᠠᠭᠤᠯᠤᠨ ᠳᠠᠶᠢᠴᠢᠯᠠᠬᠤ᠂ ᠨᠡᠶᠢᠳᠡᠮ ᠪᠠᠶᠢᠴᠠᠭᠠᠭᠴᠢ ᠪᠠ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢ | ᠰᠣᠩᠭᠤᠨ ᠰᠢᠯᠵᠢᠭᠦᠯᠵᠦ ᠤᠷᠢᠨ ᠬᠡᠷᠡᠭᠯᠡᠬᠦ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠵᠡᠷᠭᠡ | ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠵᠠᠰᠠᠭ ᠤᠨ | ᠣᠷᠳᠣᠨ ᠠᠴᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ | ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ ᠳᠤ ᠦᠵᠡ︶ ᠢ ᠪᠠᠶᠢᠭᠤᠯᠵᠤ᠂ ᠪᠦᠬᠦ ᠬᠤᠲᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠣ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠣᠳᠣᠯᠬᠤ ᠪᠠ ᠰᠢᠢᠳᠪᠦᠷᠢᠳᠣ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ | ᠳᠣᠬᠢᠷᠠᠭᠤᠯᠵᠣ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠣ ᠬᠡᠷᠡᠭᠵᠢᠭᠦᠯᠬᠦ ᠶᠢ ᠪᠣᠳᠠᠲᠠᠶ | ᠬᠠᠷᠢᠭᠤᠴᠠᠨ᠎ᠠ᠃ ᠰᠤᠮᠤ᠂ ᠠᠷᠠᠳ ᠤᠨ ᠶᠠᠪᠤᠳᠠᠯ ᠪᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠣᠪᠴᠢᠶ᠎ᠠ | 2020 ᠣᠨ ᠤ 4 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠬᠤ ᠬᠡᠷᠡᠭᠲᠡᠶ᠃ ᠡᠯ᠎ᠡ ᠨᠡᠶᠢᠭᠡᠮ ᠲᠣᠭᠤᠷᠢᠭ ᠤᠨ ᠦᠢᠯᠡᠴᠢᠯᠡᠬᠡᠨ ᠤ | ᠲᠥᠪ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠲᠣᠰ ᠬᠠᠷᠢᠶ᠎ᠠ ᠣᠷᠣᠨ ᠤ ᠪᠠᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠬᠤᠲᠠ ᠶᠢᠨ | ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠲᠣᠰ ᠤᠨ | ᠬᠠᠷᠢᠭᠤᠴᠠᠯᠭ᠎ᠠ ᠪᠠᠨ ᠭᠦᠢᠴᠡᠳᠭᠡᠵᠣ᠂ ᠬᠦᠴᠦ ᠪᠠᠨ ᠬᠠᠮᠲᠤᠳᠬᠠᠨ ᠨᠢᠭᠲᠠ ᠬᠠᠮᠵᠢᠯᠴᠠᠵᠣ᠂ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠠᠮᠳᠣᠪᠡᠷ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠠᠴᠠ ᠪᠦᠷᠢᠯᠳᠦᠬᠦᠨ ᠨᠢᠭᠡᠴᠡ ᠶᠢᠨ ᠬᠠᠮᠲᠤᠷᠠᠭᠰᠠᠨ ᠬᠤᠷᠠᠯ ᠤᠨ ᠳᠦᠷᠢᠮ ᠢ | ᠪᠠᠶᠢᠭᠤᠯᠵᠤ᠂ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠯ᠎ᠡ | ᠪᠦᠷᠢᠯᠳᠦᠬᠦᠨ ᠨᠢᠭᠡᠴᠡ ᠠᠴᠠ ᠨᠡᠶᠢᠳᠡᠮ ᠪᠠᠶᠢᠴᠠᠭᠠᠯᠲᠠ ᠶᠢᠨ ᠭᠤᠤᠯ ᠪᠣᠯᠬᠤ ᠠᠵᠢᠯ ᠤᠨ ᠱᠠᠲᠤ ᠦᠶ᠎ᠡ ᠶᠢᠨ | ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠡᠭᠦᠷᠭᠡ ᠶᠢ ᠵᠡᠷᠭᠡ ᠳᠤᠨᠢ ᠡᠭᠦᠷᠭᠡᠯᠡᠬᠦ ᠬᠡᠷᠡᠭᠲᠡᠶ᠃ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ᠨᠡᠶᠢᠳᠡᠮ ᠪᠠᠶᠢᠴᠠᠭᠠᠯᠲᠠ ᠶᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠡᠶᠢᠳᠡᠮ ᠪᠠᠶᠢᠴᠠᠭᠠᠯᠲᠠ ᠶᠢᠨ | ᠤᠬᠠᠭᠤᠯᠭ᠎ᠠ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠠᠴᠠ | ᠨᠡᠶᠢᠳᠡᠮ ᠪᠠᠶᠢᠴᠠᠭᠠᠯᠳᠠ ᠶᠢᠨ ᠢᠨᠲ᠋ᠧᠷ ᠰᠦᠯᠵᠢᠶᠡᠨ ᠤ ᠤᠬᠠᠭᠤᠯᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠣᠨ᠎ᠠ︔ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠨᠡᠶᠢᠳᠡᠮ ᠪᠠᠶᠢᠴᠠᠭᠠᠯᠲᠠ ᠶᠢᠨ ᠲᠥᠰᠦᠯ ᠢ | ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠤᠯᠪᠣᠭᠳᠠᠯ | ᠪᠦᠬᠦᠢ ᠲᠤᠰᠬᠠᠶ ᠲᠥᠯᠥᠪᠵᠢᠭᠦᠯᠭᠡ ᠲᠠᠢ ᠵᠣᠯᠭᠠᠭᠤᠯᠬᠤ ᠠᠵᠢᠯ ᠢ ᠬᠠᠷᠢᠭᠤᠴᠠᠵᠣ᠂ ᠨᠡᠶᠢᠳᠡᠮ ᠪᠠᠶᠢᠴᠠᠭᠠᠯᠲᠠ ᠶᠢᠨ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠲᠤᠯᠠᠭ᠎ᠠ ᠳᠤ ᠬᠤᠯᠪᠣᠭᠳᠠᠬᠤ ᠳᠠᠯ᠎ᠠ ᠶᠢᠨ ᠵᠦᠢᠯᠡᠰ ᠢ | ᠬᠠᠷᠢᠭᠤᠴᠠᠨ᠎ᠠ᠃ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | ᠠᠴᠠ ᠰᠤᠷᠭᠠᠭᠤᠯᠢ ᠳᠤ ᠪᠠᠶᠢᠭ᠎ᠠ ᠰᠣᠷᠣᠭᠴᠢᠳ ᠢ ᠨᠡᠶᠢᠳᠡᠮ ᠪᠠᠶᠢᠴᠠᠭᠠᠵᠤ ᠤᠬᠠᠭᠤᠯᠬᠤ ᠠᠵᠢᠯ ᠵᠢᠴᠢ ᠡᠯ᠎ᠡ | ᠲᠥᠷᠥᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠨᠡᠶᠢᠳᠡᠮ ᠪᠠᠶᠢᠴᠠᠭᠠᠵᠤ ᠳᠠᠩᠰᠠᠯᠠᠬᠤ ᠠᠵᠢᠯ ︵ᠨᠢᠭᠡᠳᠦᠭᠡᠷ | ᠳᠤᠮᠳᠠᠳᠤ ᠰᠤᠷᠭᠠᠭᠤᠯᠢ᠂ ᠮᠣᠩᠭᠤᠯ ᠳᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠦᠨᠳᠦᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ︶ ᠢ ᠬᠠᠷᠢᠭᠤᠴᠠᠨ ᠵᠣᠬᠢᠴᠠᠭᠤᠯᠣᠨ᠎ᠠ᠃ ᠡᠷᠢᠶᠡᠨ ᠬᠤᠲᠠ ᠶᠢᠨ ᠣᠯᠠᠨ | ᠤᠯᠤᠰ ᠤᠨ ᠳᠡᠭᠡᠳᠣ ᠰᠤᠷᠭᠠᠭᠤᠯᠢ ᠠᠴᠠ ᠲᠣᠰ ᠳᠡᠭᠡᠳᠣ ᠰᠤᠷᠭᠠᠭᠤᠯᠢ ᠶᠢᠨ ᠰᠣᠷᠭᠠᠭᠤᠯᠢ ᠳᠤ ᠰᠠᠭᠤᠭ᠎ᠠ ᠪᠠᠭᠰᠢ | ᠰᠤᠷᠤᠭᠴᠢᠳ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠠᠴᠠ ᠡᠷᠦᠬᠡ ᠠᠮᠠ ᠶᠢ ᠴᠡᠭᠴᠡᠯᠡᠬᠦ ᠠᠵᠢᠯ ᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ | ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠬᠦ ᠬᠢᠭᠡᠳ ᠡᠷᠦᠬᠡ ᠠᠮᠠ ᠶᠢᠨ ᠵᠠᠰᠠᠭ ᠵᠠᠬᠢᠷᠭᠠᠨ ᠤ ᠲᠡᠮᠳᠡᠭᠯᠡᠯ ᠢ | ᠬᠠᠷᠢᠴᠠᠭᠤᠯᠤᠨ ᠬᠠᠷᠭᠤᠭᠤᠯᠬᠤ ᠠᠵᠢᠯ ᠢ ᠬᠠᠪᠰᠤᠷᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ | ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠢ ᠬᠠᠮᠵᠢᠯᠴᠠᠬᠤ ᠬᠡᠷᠡᠭᠲᠡᠶ᠃ ᠬᠤᠲᠠ ᠶᠢᠨ ᠠᠷᠠᠳ ᠤᠨ | ᠶᠠᠪᠤᠳᠠᠯ ᠪᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠤᠨ ᠲᠠᠯ᠎ᠠ ᠪᠠᠷ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠪᠦᠬᠦ ᠬᠤᠲᠠ ᠶᠢᠨ | ᠠᠰᠠᠷᠠᠮᠵᠢ ᠶᠢᠨ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠳᠤ ᠪᠣᠳᠠᠲᠠᠢ ᠰᠠᠭᠤᠭ᠎ᠠ ᠬᠥᠮᠦᠰ ᠤᠨ | ᠪᠠᠶᠢᠳᠠᠯ ᠢ ᠬᠠᠪᠰᠤᠷᠤᠨ ᠬᠠᠩᠭᠠᠵᠤ᠂ ᠨᠠᠰᠣ ᠨᠦᠭᠴᠢᠭᠰᠡᠨ ᠬᠥᠮᠦᠨ ᠠᠮᠠ ᠶᠢᠨ ᠣᠷᠣᠰᠢᠭᠤᠯᠭ᠎ᠠ ᠶᠢᠨ ᠬᠠᠮᠢᠶ᠎ᠠ ᠪᠦᠬᠦᠢ | ᠵᠠᠰᠠᠭ ᠵᠠᠬᠢᠷᠭᠠᠨ ᠤ ᠲᠡᠮᠳᠡᠭᠯᠡᠯ ᠢ ᠬᠠᠪᠰᠤᠷᠤᠨ ᠬᠠᠩᠭᠠᠨ᠎ᠠ︔ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ | ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠵᠣᠬᠢᠴᠠᠭᠤᠯᠤᠨ ᠪᠠᠳᠣᠯᠠᠬᠤ ᠠᠵᠢᠯ ᠢ ᠬᠠᠷᠢᠭᠤᠴᠠᠨ᠎ᠠ︔ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠡᠶᠢᠳᠡᠮ ᠪᠠᠶᠢᠴᠠᠭᠠᠯᠲᠠ ᠶᠢᠨ ᠵᠢᠷᠤᠭ ᠵᠢᠷᠤᠬᠤ ᠳᠤ ᠬᠡᠷᠡᠭᠰᠡᠬᠦ | ᠭᠠᠵᠠᠷ ᠵᠦᠶ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ | ᠠᠳᠠᠯ ᠠᠬᠤᠶ ᠵᠡᠷᠭᠡ ᠰᠠᠯᠠᠭ᠎ᠠ ᠮᠥᠴᠢᠷ ᠤᠨ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠱᠠᠲᠤ ᠦᠶ | ᠡ ᠶᠢᠨ ᠬᠠᠮᠢᠶ᠎ᠠ ᠪᠥᠬᠦᠶ ᠠᠵᠢᠯ ᠳᠤ ᠬᠠᠮᠵᠢᠯᠴᠠᠬᠤ ᠶᠢ ᠬᠠᠷᠢᠭᠤᠴᠠᠨ ᠵᠣᠬᠢᠴᠠᠭᠤᠯᠣᠨ᠎ᠠ︔ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠡᠶᠢᠳᠡᠮ ᠪᠠᠶᠢᠴᠠᠭᠠᠯᠲᠠ ᠥᠷᠨᠢᠭᠦᠯᠬᠦ ᠳᠤ ᠠᠰᠢᠭᠲᠠᠢ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠬᠠᠷᠢᠭᠤᠴᠠᠨ ᠳᠣᠭᠳᠠᠭᠠᠬᠤ ᠵᠢᠴᠢ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ | ᠳᠡᠮᠳᠡᠭᠯᠡᠭᠰᠡᠨ ᠮᠡᠳᠡᠭᠡ ᠵᠠᠩᠭᠢ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠵᠠᠰᠠᠭ ᠵᠠᠬᠢᠷᠭᠠᠨ ᠤ | ᠲᠡᠮᠳᠡᠭᠯᠡᠯ ᠤᠨ ᠬᠠᠷᠢᠴᠠᠭᠤᠯᠤᠨ ᠬᠠᠷᠭᠤᠭᠤᠯᠬᠤ ᠠᠵᠢᠯ ᠢ ᠬᠠᠷᠢᠭᠤᠴᠠᠵᠣ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠳᠤ ᠬᠠᠮᠵᠢᠯᠴᠠᠬᠤ ᠬᠡᠷᠡᠭᠲᠡᠶ᠃ | ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠴᠡ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠵᠣᠬᠢᠴᠠᠭᠤᠯᠣᠯᠳᠠ᠂ | ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠨᠡᠶᠢᠳᠡᠮ ᠪᠠᠶᠢᠴᠠᠭᠠᠯᠲᠠ ᠶᠢᠨ | ᠳᠠᠩᠰᠠᠯᠠᠨ ᠲᠡᠮᠳᠡᠭᠯᠡᠬᠦ ᠪᠠ ᠣᠬᠠᠭᠤᠯᠣᠨ ᠳᠠᠶᠢᠴᠢᠯᠠᠬᠤ ᠵᠡᠷᠭᠡ ᠠᠵᠢᠯ ᠢ ᠰᠠᠶᠢᠲᠤᠷ ᠬᠠᠮᠵᠢᠯᠴᠠᠨ ᠬᠢᠬᠦ ᠬᠡᠷᠡᠭᠲᠡᠶ᠃ | | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠰᠤᠮᠤ ᠭᠠᠴᠠᠭ᠎ᠠ᠂ ᠨᠡᠶᠢᠭᠡᠮ | ᠲᠣᠭᠤᠷᠢᠭ ᠤᠨ ᠦᠢᠯᠡᠴᠢᠯᠡᠬᠡᠨ ᠤ ᠲᠥᠪ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠣᠮᠵᠢ ᠠᠴᠠ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ | ᠠᠵᠢᠯᠲᠠᠨ 5 ᠬᠥᠮᠦᠨ ᠠᠴᠠ ᠳᠤᠲᠠᠭᠤ ᠦᠭᠡᠢ ᠪᠠᠶᠢᠬᠤ ᠶᠢ ᠪᠠᠳᠣᠯᠠᠬᠤ ᠬᠡᠷᠡᠭᠲᠡᠶ᠃ ᠡᠯ᠎ᠡ ᠭᠠᠴᠠᠭ᠎ᠠ᠂ ᠨᠡᠶᠢᠭᠡᠮ | ᠲᠣᠭᠤᠷᠢᠭ ᠤᠨ ᠬᠢᠨ ᠲᠤᠰ ᠨᠢᠭᠡᠴᠡ ᠠᠴᠠ ᠪᠠᠨ ᠨᠥᠬᠦᠴᠡᠯ ᠳᠤ ᠨᠡᠶᠢᠴᠡᠬᠦ ᠠᠵᠢᠯᠳᠠᠨ ᠢ ᠲᠠᠲᠠᠵᠤ ᠪᠠᠶᠢᠭᠠᠳ ᠨᠡᠶᠢᠳᠡᠮ | ᠪᠠᠶᠢᠴᠠᠭᠠᠯᠲᠠ ᠶᠢᠨ ᠵᠢᠯᠣᠭᠤᠳᠣᠭᠴᠢ ᠪᠠ ᠨᠡᠶᠢᠳᠡᠮ ᠪᠠᠶᠢᠴᠠᠭᠠᠭᠴᠢ ᠪᠣᠯᠭᠠᠬᠤ ᠬᠡᠷᠡᠭᠲᠡᠶ᠃ ᠨᠡᠶᠢᠳᠡᠮ | ᠪᠠᠶᠢᠴᠠᠭᠠᠯᠲᠠ ᠶᠢᠨ ᠣᠷᠣᠨ ᠨᠢᠭᠡᠪᠦᠷᠢ ᠳᠤ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢ ᠠᠳᠠᠭ ᠲᠠᠭᠠᠨ 2 | ᠨᠡᠷᠡᠰ ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠵᠢᠯᠣᠭᠤᠳᠤᠨ ᠰᠢᠮᠳᠠᠭᠤᠯᠬᠤ ᠪᠠ ᠪᠠᠶᠢᠴᠠᠭᠠᠬᠤ ᠶᠢ | ᠬᠠᠷᠢᠭᠤᠴᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠰᠠᠭᠤᠭᠠᠯᠢ ᠲᠣᠭᠤᠷᠢᠭ ᠨᠢᠭᠡᠪᠦᠷᠢ ᠳᠤ 1 ᠨᠡᠷᠡᠰ ᠨᠡᠶᠢᠳᠡᠮ | ᠪᠠᠶᠢᠴᠠᠭᠠᠭᠴᠢ ᠳᠣᠬᠢᠷᠠᠭᠤᠯᠬᠤ ᠶᠢ ᠦᠨᠡᠨᠬᠦ ᠪᠠᠲᠤᠯᠠᠵᠤ᠂ ᠪᠠᠶᠢᠳᠠᠯ ᠢ ᠣᠶᠢᠯᠠᠭᠠᠬᠤ᠂ ᠡᠷᠦᠬᠡ ᠳᠤ ᠣᠷᠣᠵᠤ ᠳᠠᠩᠰᠠᠯᠠᠨ | ᠲᠡᠮᠳᠡᠭᠯᠡᠬᠦ ᠵᠡᠷᠭᠡ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠳᠡᠮ ᠪᠠᠶᠢᠴᠠᠭᠠᠭᠴᠢ ᠶᠢ | ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ ᠠᠴᠠ | ᠵᠢᠭᠡᠯᠡᠨ ᠰᠢᠯᠵᠢᠭᠦᠯᠬᠦ ᠪᠤᠶᠤ ᠨᠡᠶᠢᠭᠡᠮ ᠠᠴᠠ ᠤᠷᠢᠵᠤ ᠪᠣᠯᠤᠨ᠎ᠠ ︵ᠰᠤᠷᠭᠠᠭᠤᠯᠢ ᠳᠤ ᠪᠠᠶᠢᠭ᠎ᠠ ᠤᠶᠤᠲᠠᠳ ᠪᠠᠭᠲᠠᠨ᠎ᠠ︶ | ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠠᠴᠠ ᠠᠵᠢᠯᠲᠠᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ ᠳᠤᠨᠢ | ᠥᠭᠴᠦ᠂ ᠵᠢᠭᠡᠯᠡᠨ ᠰᠢᠯᠵᠢᠭᠦᠯᠦᠭᠰᠡᠨ ᠬᠥᠮᠦᠰ ᠤᠨ ᠤᠤᠯ ᠤᠨ ᠨᠢᠭᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ | ᠣᠯᠭᠤᠮᠵᠢ ᠶᠢ ᠬᠤᠪᠢᠷᠠᠭᠤᠯᠬᠤ ᠦᠭᠡᠶ ᠪᠠᠶᠢᠬᠤ ᠶᠢ ᠪᠠᠳᠣᠯᠠᠬᠤ ᠮᠦᠷᠳᠡᠭᠡᠨ ᠤᠤᠯ ᠤᠨ ᠠᠵᠢᠯ ᠤᠨ ᠪᠠᠶᠢᠷᠢ ᠶᠢ ᠨᠢ | ᠦᠯᠡᠳᠡᠭᠡᠬᠦ ᠬᠡᠷᠡᠭᠳᠡᠢ᠃ ᠤᠷᠢᠵᠤ ᠬᠡᠷᠡᠭᠯᠡᠭᠰᠡᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠪᠠ ᠨᠡᠶᠢᠳᠡᠮ | ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠵᠠᠷᠤᠳᠠᠯ ᠤᠨ ᠳᠣᠲᠣᠷ᠎ᠠ ᠲᠣᠬᠢᠷᠠᠭᠤᠯᠵᠤ᠂ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ | ᠨᠢᠭᠡᠳᠦᠯᠲᠡᠶ ᠥᠭᠭᠦᠨ᠎ᠡ᠃ | | ᠲᠦᠷᠪᠡ᠂ ᠵᠠᠷᠤᠳᠠᠯ ᠤᠨ ᠪᠠᠲᠤᠯᠠᠭ᠎ᠠ | ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ | ᠳᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2019 ︺ 24 | ᠳ᠋ᠤᠭᠡᠷ ᠳᠣᠭᠠᠳᠣ︶ ᠤᠨ ᠱᠠᠭᠠᠷᠳᠠᠯᠭ᠎ᠠ ᠶᠣᠰᠣᠭᠠᠷ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠣᠳᠠᠯ ᠢ ᠲᠥᠪ ᠪᠣᠯᠤᠨ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠬᠠᠮᠲᠤᠪᠠᠷ ᠡᠭᠦᠷᠭᠡᠯᠡᠨ᠎ᠡ᠃ ᠵᠠᠰᠠᠭ ᠤᠨ ᠣᠷᠳᠣᠨ ᠠᠴᠠ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠢᠯ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠭᠦᠢᠴᠡᠳ | ᠲᠤᠭ᠎ᠠ ᠪᠠᠷ ᠰᠢᠯᠵᠢᠭᠦᠯᠦᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ | ᠡᠳ᠋ ᠤᠨ ᠵᠠᠰᠠᠭ ᠤᠨ ᠳᠣᠪᠴᠢᠶ᠎ᠠ ᠠᠴᠠ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ | ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠵᠢᠴᠢ ᠨᠡᠶᠢᠳᠡᠮ ᠪᠠᠶᠢᠴᠠᠭᠠᠯᠲᠠ ᠶᠢᠨ ᠵᠢᠭᠠᠨ | ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠣᠶᠤᠨᠯᠢᠭ ᠭᠠᠷ ᠤᠲᠠᠰᠤ ᠪᠠᠷ ᠲᠤᠭ᠎ᠠ ᠪᠠᠷᠢᠮᠲᠠ | ᠴᠤᠭᠯᠠᠭᠤᠯᠬᠤ ᠳᠤ ᠭᠠᠷ ᠤᠲᠠᠰᠤ ᠬᠡᠷᠡᠭᠯᠡᠭᠰᠡᠨ ᠨᠥᠬᠦᠪᠥᠷᠢ ᠶᠢ ᠭᠤᠤᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠶ᠃ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠨᠡᠶᠢᠳᠡᠮ ᠪᠠᠶᠢᠴᠠᠭᠠᠯᠲᠠ ᠶᠢᠨ | ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠥᠷᠨᠢᠭᠦᠯᠬᠦ ᠪᠠ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠥᠯᠥᠭᠡᠯᠡᠵᠦ ᠪᠣᠯᠬᠤ ᠦᠭᠡᠶ᠃ | | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ︽ | ᠲᠤᠭ᠎ᠠ ᠪᠦᠷᠢᠳᠬᠡᠯ ᠤᠨ ᠬᠠᠤᠯᠢ︾᠂ ︽ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠶ᠋ᠯ ᠤᠨ ᠠᠵᠢᠯ ᠢ ᠬᠢᠨᠠᠮᠠᠭᠠᠶ | ᠰᠠᠶᠢᠲᠤᠷ ᠬᠢᠬᠦ ᠬᠡᠷᠡᠭᠳᠡᠢ᠃ ᠨᠡᠶᠢᠳᠡᠮ ᠪᠠᠶᠢᠴᠠᠭᠠᠯᠲᠠ ᠪᠠᠷ ᠣᠯᠤᠭᠰᠠᠨ ᠲᠤᠭ᠎ᠠ ᠪᠠᠷᠢᠮᠲᠠ ᠶᠢ ᠨᠡᠶᠢᠳᠡᠮ | ᠪᠠᠶᠢᠴᠠᠭᠠᠯᠲᠠ ᠶᠢᠨ ᠵᠣᠷᠢᠯᠭ᠎ᠠ ᠳᠤ ᠬᠡᠷᠡᠭᠯᠡᠬᠦ ᠶᠢ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠰᠠᠯᠠᠭ᠎ᠠ ᠮᠥᠴᠢᠷ | ᠪᠠ ᠨᠢᠭᠡᠴᠡ ᠠᠴᠠ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠢᠨᠠᠨ ᠰᠢᠯᠭᠠᠬᠤ᠂ | ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ | ᠣᠯᠤᠭᠰᠠᠨ ᠳᠠᠩ ᠭᠠᠭᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠪᠡᠶ᠎ᠡ ᠶᠢᠨ ᠬᠢᠷᠢ ᠬᠡᠮ ᠢ ᠢᠯᠭᠠᠨ ᠲᠠᠨᠢᠬᠤ | ᠪᠤᠶᠤ ᠮᠠᠭᠠᠳᠯᠠᠵᠤ ᠴᠢᠳᠠᠬᠤ ᠮᠠᠲ᠋ᠧᠷᠢᠶᠠᠯ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠰᠢᠳᠬᠡᠨ ᠲᠣᠷᠭᠠᠬᠤ ᠵᠡᠷᠭᠡ | ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ | ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠳᠣᠯᠠᠬᠤ ᠬᠡᠷᠡᠭᠳᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠪᠠ ᠵᠠᠷᠯᠠᠨ ᠢᠯᠡᠴᠢᠯᠡᠬᠦ ᠡᠷᠴᠢᠮ ᠢᠶᠠᠨ ᠨᠡᠮᠡᠭᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ | ᠵᠣᠷᠢᠭᠤᠳᠠ ᠬᠠᠷᠰᠢᠯᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢᠨ ᠦᠨᠡᠨ ᠪᠣᠳᠠᠲᠠᠶ | ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ ᠨᠠᠮ ᠤᠨ | ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠪᠤᠶᠤ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠥᠭᠬᠦ | ᠶᠣᠰᠣᠲᠠᠢ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ ᠶᠢ ᠣᠯᠵᠤ | ᠮᠡᠳᠡᠪᠡᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠲᠣᠭᠲᠠᠭᠠᠯ ᠶᠣᠰᠣᠭᠠᠷ ᠰᠢᠳᠬᠡᠯ ᠥᠭᠴᠦ ᠰᠢᠶ᠋ᠳᠪᠦᠷᠢᠯᠡᠬᠦ | ᠰᠠᠨᠠᠭᠤᠯᠭ᠎ᠠ ᠳᠤᠷᠠᠳᠬᠤ ᠶᠢᠨ ᠬᠠᠮᠲᠤ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠲᠤ ᠴᠠᠭ | ᠲᠤᠬᠠᠶ ᠳᠤᠨᠢ ᠰᠢᠯᠵᠢᠭᠦᠯᠦᠨ ᠬᠦᠷᠭᠡᠬᠦ ᠬᠡᠷᠡᠭᠲᠡᠶ᠃ | | ︵ᠭᠤᠷᠪᠠ︶ ᠮᠡᠳᠡᠭᠡ ᠵᠠᠩᠬᠢᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠳᠣᠯᠣᠳᠤᠭᠠᠷ ᠤᠳᠠᠭᠠᠨ ᠤ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠡᠯᠧᠺᠲᠷᠣᠨᠴᠢᠯᠠᠭᠰᠠᠨ ᠠᠷᠭ᠎ᠠ ᠮᠠᠶ᠋ᠢᠭ ᠢ ᠠᠪᠴᠤ | ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠢ ᠦᠷᠨᠢᠭᠦᠯᠵᠣ᠂ ᠡᠯᠧᠺᠲᠷᠣᠨ ᠴᠤᠭᠯᠠᠭᠤᠯᠬᠤ ᠲᠥᠬᠦᠭᠡᠷᠦᠮᠵᠢ ︵PAD | ︶ ᠪᠤᠶᠤ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠦᠨᠡᠨ ᠨᠡᠷ᠎ᠡ ᠪᠠᠷ ᠭᠡᠷᠡᠴᠢᠯᠡᠭᠰᠡᠨ ᠤᠶᠤᠨᠲᠤ ᠭᠠᠷ ᠣᠳᠠᠰᠣ | ᠪᠠᠷ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠮᠡᠳᠡᠭᠡ ᠵᠠᠩᠭᠢ ᠶᠢ ᠳᠠᠩᠰᠠᠯᠠᠨ ᠴᠠᠭ ᠲᠤᠬᠠᠶ ᠳᠤᠨᠢ ᠳᠡᠭᠡᠭᠰᠢ | ᠮᠡᠳᠡᠭᠦᠯᠬᠦ᠂ ᠡᠰᠡᠬᠦᠯ᠎ᠡ ᠨᠡᠶᠢᠳᠡᠮ ᠪᠠᠶᠢᠴᠠᠭᠠᠭᠳᠠᠬᠤ ᠡᠲᠡᠭᠡᠳ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠦᠪᠡᠰᠦᠪᠠᠨ | ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠣᠷᠣᠨ | ᠨᠢᠭᠡᠪᠦᠷᠢ ᠳᠤ ᠠᠳᠠᠭ ᠲᠠᠭᠠᠨ 1 — 2 ᠰᠠᠭᠤᠷᠢ PAD ᠲᠣᠬᠢᠷᠠᠭᠤᠯᠬᠤ ᠶᠢ ᠪᠠᠲᠤᠯᠠᠵᠤ᠂ ᠨᠡᠶᠢᠳᠡᠮ | ᠪᠠᠶᠢᠴᠠᠭᠠᠯᠲᠠ ᠶᠢᠨ ᠣᠷᠣᠨ ᠪᠦᠰᠡ ᠶᠢᠨ ᠵᠢᠷᠤᠭ ᠵᠢᠷᠤᠬᠤ ᠵᠡᠷᠭᠡ ᠠᠵᠢᠯ ᠳᠤ ᠬᠡᠷᠡᠭᠯᠡᠬᠦ ᠬᠡᠷᠡᠭᠲᠡᠶ᠃ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠨᠡᠶᠢᠳᠡᠮ ᠪᠠᠶᠢᠴᠠᠭᠠᠯᠲᠠ ᠳᠤᠮᠳᠠᠬᠢ | ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠲᠠ ᠶᠢ | ᠴᠤᠭᠯᠠᠭᠤᠯᠤᠨ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠡᠷᠡᠭᠳᠡᠢ᠃ ᠠᠷᠠᠳ ᠢᠷᠭᠡᠨ ᠤ ᠬᠤᠪᠢ | ᠬᠥᠮᠦᠨ ᠤ ᠮᠡᠳᠡᠭᠡ ᠵᠠᠩᠭᠢ ᠶᠢᠨ ᠪᠦᠬᠦ ᠶᠠᠪᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠴᠢᠩᠭ᠎ᠠ | ᠭᠦᠢᠴᠡᠳᠭᠡᠵᠣ᠂ ᠶᠠᠮᠠᠷᠪᠠ ᠪᠠᠶᠢᠭᠤᠯᠤᠮᠵᠢ᠂ ᠨᠢᠭᠡᠴᠡ᠂ ᠬᠤᠪᠢ ᠬᠥᠮᠦᠨ ᠳᠤ ᠠᠷᠠᠳ ᠢᠷᠭᠡᠳ ᠤᠨ ᠬᠤᠪᠢ | ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | | ︵ᠲᠦᠷᠪᠡ︶ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢ ᠲᠥᠰᠦᠪᠯᠡᠬᠦ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ | ᠣᠯᠠᠨ ᠵᠦᠢᠯ ᠤᠨ ᠠᠷᠭ᠎ᠠ ᠪᠠᠷᠢᠯ ᠠᠪᠴᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠭᠦᠨᠵᠡᠭᠡᠶ ᠤᠬᠠᠭᠤᠯᠵᠤ᠂ ᠥᠷᠭᠡᠨ ᠣᠯᠠᠨ | ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠦᠲᠦᠯᠦᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ | ᠶᠣᠰᠣᠭᠠᠷ ᠬᠠᠮᠵᠢᠯᠴᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ ᠪᠣᠳᠠᠲᠠᠶ ᠪᠠᠷ | ᠭᠤᠶᠤᠴᠢᠯᠠᠨ ᠮᠡᠳᠡᠭᠦᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | ᠳᠠᠭᠠᠯᠳᠤᠭᠤᠯᠤᠯ᠄ ᠡᠷᠢᠶᠡᠨ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ | | | 2020 ᠣᠨ ᠤ 2 ᠰᠠᠷ᠎ᠠ ᠶᠢᠨ 25 ᠤ ᠡᠳᠦᠷ | | ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠣᠭᠤᠶᠢᠯᠠᠩ ᠤᠨ ᠪᠦᠷᠢᠯᠳᠦᠭᠦᠨ ᠤ ᠨᠡᠷᠡᠰ | | ᠳᠤᠭᠤᠶᠢᠯᠠᠩ ᠤᠨ ᠳᠠᠷᠤᠭ᠎ᠠ᠄ ᠴᠢᠶᠣᠤ ᠸᠧᠶ ᠭᠦᠸᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠣᠳᠣᠷᠢᠳᠬᠤ ᠳᠤᠭᠤᠶᠢᠯᠠᠩ ᠤᠨ ᠱᠦᠵᠢ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠰᠦ ᠯᠢ ᠰᠢᠨ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ | ᠪᠢᠴᠢᠭ ᠤᠨ ᠳᠠᠷᠤᠭ᠎ᠠ | ᠶᠤᠸᠠᠢ ᠰᠢ ᠬᠤᠸᠠ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶᠠᠨ ᠤ ᠳᠠᠷᠤᠭ᠎ᠠ | ᠰᠦᠨ ᠰᠢᠨ ᠬᠤᠸᠠ ᠬᠤᠲᠠ ᠶᠢᠨ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠰᠦᠨ ᠭᠦᠸᠧ ᠵᠢᠶᠦ᠋ᠨ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠭᠧᠩ ᠭᠠᠩ ᠴᠢᠶᠠᠩ ᠬᠤᠲᠠ ᠶᠢᠨ ᠡᠳ᠋ ᠤᠨ ᠵᠠᠰᠠᠭ ᠤᠨ | ᠲᠣᠪᠴᠢᠶᠠᠨ ᠤ ᠳᠡᠳ᠋ ᠳᠠᠷᠤᠭ᠎ᠠ | ᠴᠡᠩᠭᠡᠯᠳᠦ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠡᠳ᠋ ᠳᠠᠷᠤᠭ᠎ᠠ | ᠯᠦᠸᠧ ᠮᠢᠨ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠹᠠᠨ ᠰᠢᠶᠣᠤ ᠴᠦᠨ ᠬᠤᠲᠠ ᠶᠢᠨ ᠣᠷᠣᠨ ᠰᠠᠭᠤᠴᠠ ᠪᠠ | ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠯᠢ ᠵᠦᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ᠄ ᠴᠢ ᠢᠦᠶ ᠸᠧᠨ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠵᠦᠪᠯᠡᠯ ᠤᠨ ᠳᠡᠳ᠋ ᠱᠦᠵᠢ | ᠵᠢᠶᠠᠨ ᠪᠢᠩ ᠶᠢᠨ ᠬᠤᠲᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ | ᠸᠠᠩ ᠮᠧᠶ ᠯᠢᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ | ᠲᠣᠪᠴᠢᠶᠠᠨ ᠤ ᠳᠡᠳ᠋ ᠳᠠᠷᠤᠭ᠎ᠠ | ᠤᠯᠠᠭᠠᠨ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ | ᠴᠧᠨ ᠵᠢᠶᠠᠨ ᠯᠢᠨ ᠬᠤᠲᠠ ᠶᠢᠨ ᠠᠷᠠᠳ ᠤᠨ ᠶᠠᠪᠤᠳᠠᠯ ᠪᠠ ᠨᠡᠶᠢᠭᠡᠮ ᠳᠣᠭᠤᠷᠢᠭ ᠤᠨ ᠬᠠᠮᠢᠶᠠᠷᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ | ᠡᠤ ᠷᠦᠢ ᠵᠢᠶᠦ᠋ᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠯᠢᠦ ᠭᠠᠩ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠡᠳ᠋ ᠳᠠᠷᠤᠭ᠎ᠠ | ᠶᠦᠩ ᠱᠧᠩ ᠬᠤᠲᠠ ᠶᠢᠨ ᠵᠠᠮ ᠬᠠᠷᠢᠯᠴᠠᠭᠠᠨ ᠤ ᠲᠣᠪᠴᠢᠶᠠᠨ ᠤ ᠳᠡᠳ᠋ ᠳᠠᠷᠤᠭ᠎ᠠ | ᠵᠤᠤ ᠼᠠᠢ ᠰᠢᠶᠠ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ | ᠳᠠᠷᠤᠭ᠎ᠠ | ᠵᠠᠩ ᠵᠢᠶᠠᠨ ᠵᠢᠶᠦ᠋ᠨ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠯᠢᠦ ᠳ᠋ᠦᠩ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠴᠠᠢ ᠴᠠᠩ ᠴᠦᠨ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠳᠡᠳ᠋ ᠡᠷᠬᠢᠯᠡᠭᠴᠢ | ᠢᠦᠶ ᠬᠤᠤ ᠬᠤᠲᠠ ᠶᠢᠨ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠲᠣᠭᠤᠷᠢᠭ ᠤᠨ ᠨᠠᠮ ᠤᠨ | ᠠᠵᠢᠯ ᠤᠨ ᠵᠦᠪᠯᠡᠯ ᠤᠨ ᠱᠦᠵᠢ | ᠯᠢᠦᠶ ᠵᠢᠩ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠳᠠᠷᠤᠭ᠎ᠠ | ᠾᠧ ᠰᠢᠤᠸᠠᠢ ᠬᠤᠸᠠ ᠬᠤᠲᠠ ᠶᠢᠨ ᠰᠣᠨᠢᠨ ᠤ ᠬᠤᠷᠢᠶᠠᠨ ᠤ ᠳᠡᠳ᠋ ᠶᠡᠷᠦᠩᠬᠡᠶ ᠨᠠᠶᠢᠷᠠᠭᠤᠯᠤᠭᠴᠢ | ᠹᠦ᠋ ᠮᠦᠷᠡᠨ ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ | ᠰᠦᠩ ᠯᠢ ᠭᠦᠸᠧ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠥᠷᠲᠡᠭᠡᠨ ᠤ ᠳᠡᠳ᠋ ᠳᠠᠷᠤᠭ᠎ᠠ | ᠲᠢᠶᠠᠨ ᠱᠠᠨ ᠬᠤᠲᠠ ᠶᠢᠨ ᠭᠡᠷᠡᠯᠳᠣᠠᠣᠳᠣ ᠰᠤᠮᠤᠨ ᠤ ᠳᠠᠷᠤᠭ᠎ᠠ | ᠵᠢᠶᠠ ᠭᠧᠨ ᠱᠧᠩ ᠬᠤᠲᠠ ᠶᠢᠨ ᠵᠡᠭᠦᠨ ᠬᠤᠳᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ | ᠡᠷᠬᠢᠯᠡᠭᠴᠢ | ᠯᠧᠢ ᠢ ᠬᠤᠲᠠ ᠶᠢᠨ ᠤᠯᠠᠭᠠᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ | ᠯᠢ ᠬᠠᠢ ᠯᠦᠩ ᠬᠤᠲᠠ ᠶᠢᠨ ᠨᠠᠨ ᠶᠤᠸᠠᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ | ᠡᠷᠬᠢᠯᠡᠭᠴᠢ | ᠴᠧᠨ ᠴᠢᠤᠸᠠᠨ ᠴᠧᠩ ᠬᠤᠲᠠ ᠶᠢᠨ ᠬᠥᠬᠡ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ | ᠯᠢ ᠵᠢᠶᠦ᠋ᠨ ᠫᠢᠩ ᠬᠤᠲᠠ ᠶᠢᠨ ᠤᠮᠠᠷᠠᠲᠤ ᠬᠢᠯᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ | ᠡᠷᠬᠢᠯᠡᠭᠴᠢ | ᠯᠢ ᡁᠢ ᠰᠢᠶᠠ ᠬᠤᠲᠠ ᠶᠢᠨ ᠡᠷᠢᠶᠡᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ | ᠬᠠᠷᠠᠭᠠᠵᠠᠷ ᠬᠤᠲᠠ ᠶᠢᠨ ᠰᠢᠯᠢᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ | ᠯᠢ ᠶᠣᠣ ᠵᠢᠶᠦ᠋ᠨ ᠬᠤᠲᠠ ᠶᠢᠨ ᠪᠠᠷᠠᠭᠤᠨ ᠬᠤᠳᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠥᠪ ᠤᠨ | ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠳᠤ | ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠶᠤᠸᠠᠢ ᠰᠢ ᠬᠤᠸᠠ ᠬᠠᠪᠰᠤᠷᠭᠠᠨ ᠬᠠᠷᠢᠭᠤᠴᠠᠵᠤ᠂ | ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠯᠢᠦ ᠳ᠋ᠦᠩ ᠬᠠᠪᠰᠤᠷᠭᠠᠨ ᠬᠠᠷᠢᠭᠤᠴᠠᠨ᠎ᠠ᠃ | | |