ᠯᠢᠦ ᡁᠢ ᠫᠢᠩ ᠨᠢᠭᠡᠳᠦᠭᠡᠷ ᠹᠷᠣᠨᠲ ᠤᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ
ᠨᠡᠶᠢᠲᠡᠯᠡᠭᠰᠡᠨ ᠴᠠᠭ᠄
2020/9/11
      9 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᡁᠢ ᠫᠢᠩ ᠬᠤᠲᠠ ᠶᠢᠨ ᠨᠢᠭᠡᠳᠦᠭᠡᠷ ᠳᠣᠮᠳᠠᠳᠦ ᠰᠤᠷᠭᠠᠭᠤᠯᠢ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠮᠣᠩᠭᠤᠯ ᠳᠤᠮᠳᠠᠳᠤ ᠰᠤᠷᠭᠠᠭᠤᠯᠢ ᠳᠤ  ᠬᠦᠨᠵᠡᠬᠡᠶᠢᠷᠡᠨ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠪᠠᠭᠰᠢ ᠶᠢ ᠪᠣᠯᠭᠤᠭᠠᠨ ᠦᠵᠡᠵᠦ ᠲᠣᠬᠤᠨᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠥᠷᠭᠡᠨ ᠣᠯᠠᠨ ᠪᠠᠭᠰᠢ ᠪᠣᠯᠤᠨ ᠰᠤᠷᠭᠠᠨ ᠬᠦᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠲᠣᠬᠤᠨᠢᠭᠤᠯᠬᠤ ᠮᠥᠩᠭᠦ ᠬᠦᠷᠭᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ ᠪᠠᠷ᠎ᠠ ᠪᠣᠯᠪᠠ᠃
  ᠯᠢᠦ ᡁᠢ ᠫᠢᠩ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠶᠢ ᠲᠣᠬᠤᠨᠢᠭᠤᠯᠪᠠ᠃      ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠯᠢᠦ ᡁᠢ ᠫᠢᠩ ᠣᠨᠴᠠ ᠬᠦᠴᠢᠷᠳᠡᠯᠲᠡᠶ ᠪᠠᠭᠰᠢ ᠯᠢ ᠮᠢᠨ ᠢ ᠪᠣᠯᠭᠤᠭᠠᠨ ᠲᠣᠬᠤᠨᠢᠭᠤᠯᠵᠤ᠂ ᠲᠡᠭᠦᠨ ᠤ ᠠᠵᠢᠯ ᠵᠢᠴᠢ  ᠪᠡᠶ᠎ᠡ ᠶᠢᠨ ᠪᠠᠶᠢᠳᠠᠯ ᠢ ᠨᠠᠷᠢᠨ ᠠᠰᠠᠭᠤᠵᠤ᠂ ᠣᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠦᠢᠯᠡᠰ ᠤᠨ ᠲᠥᠯᠥᠭᠡ ᠰᠢᠷᠭᠠᠭᠤ ᠬᠠᠲᠠᠭᠤᠵᠢᠯᠲᠠᠶ ᠵᠢᠳᠬᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠯᠢ ᠮᠢᠨ ᠬᠦᠨᠳᠦ ᠡᠪᠡᠳᠴᠢᠨ ᠳᠤ ᠨᠡᠷᠪᠡᠭᠳᠡᠭᠰᠡᠨ ᠢ ᠣᠶᠢᠯᠠᠭᠠᠵᠤ᠂ ᠣᠳᠣᠬᠠᠨ ᠳᠤ ᠡᠮᠴᠢᠯᠡᠭᠡ ᠬᠦᠯᠢᠶᠡᠭᠰᠡᠨ ᠤ ᠳᠠᠷᠠᠭ᠎ᠠ ᠯᠢᠦ ᡁᠢ ᠫᠢᠩ ᠲᠡᠭᠦᠨ ᠢ ᠰᠠᠶᠢᠨ ᠰᠠᠶᠢᠬᠠᠨ ᠠᠮᠢᠳᠤᠷᠠᠯ   ᠤᠨ ᠢᠲᠡᠭᠡᠯ ᠲᠠᠢ ᠪᠣᠯᠬᠤ ᠶᠢ ᠵᠣᠷᠢᠭᠵᠢᠭᠤᠯᠵᠠᠶ᠃
  ᠯᠢᠦ ᡁᠢ ᠫᠢᠩ ᠮᠣᠩᠭᠤᠯ ᠦᠨᠳᠦᠰᠦᠲᠡᠨ ᠤ ᠪᠠᠭ᠎ᠠ ᠰᠤᠷ᠊‍ᠭᠠᠭᠤᠯᠢ ᠶᠢᠨ ᠪᠠᠭᠰᠢ ᠪᠠᠢ ᠢᠦᠢ ᠷᠦᠩ᠂ ᠵᠠᠩ ᠬᠤᠩ ᠰᠢᠶᠠ ᠶᠢ  ᠳᠣᠬᠤᠨᠢᠭᠤᠯᠪᠠ᠃
   ᠯᠢᠦ ᡁᠢ ᠫᠢᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠯᠢ ᠮᠢᠨ ᠪᠠᠭᠰᠢ ᠶᠢ ᠲᠣᠬᠤᠨᠢᠭᠤᠯᠪᠠ᠃       ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠯᠢᠦ ᡁᠢ ᠫᠢᠩ ᠰᠢᠯᠢᠳᠡᠭ ᠪᠠᠭᠰᠢ ᠪᠦᠦ ᠸᠧᠨ᠂ ᠪᠠᠶ ᠢᠦᠶ ᠷᠦᠩ᠂ ᠵᠠᠩ ᠬᠤᠩ ᠰᠢᠶᠠ ᠶᠢ ᠲᠣᠬᠤᠨᠢᠭᠤᠯᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠪᠠᠭᠰᠢ ᠨᠢᠭᠡᠪᠦᠷᠢ ᠶᠢᠨ ᠭᠠᠷ ᠲᠤ ᠬᠦᠷᠭᠡᠵᠡᠶ᠃ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠣᠳᠣᠬᠠᠨ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠪᠦᠬᠦ ᠲᠠᠯ᠎ᠠ ᠪᠠᠷ ᠠᠬᠢᠭᠤᠯᠵᠤ ᠪᠠᠶᠢᠭ᠎ᠠ ᠪᠠᠶᠢᠳᠠᠯ ᠳᠣᠤᠷ᠎ᠠ᠂ ᠥᠷᠭᠡᠨ ᠣᠯᠠᠨ ᠪᠠᠭᠰᠢ ᠰᠤᠷᠭᠠᠨ ᠬᠥᠮᠦᠵᠢᠯ ᠵᠢᠭᠠᠨ  ᠰᠣᠷᠭᠠᠯᠳᠠ ᠶᠢᠨ ᠦᠢᠯᠡᠳᠦᠯᠭᠡ ᠶᠢᠨ ᠳᠤᠮᠳᠠ ᠠᠵᠢᠯ ᠢᠶᠠᠨ ᠭᠤᠶᠢᠪᠢᠰᠢ ᠦᠭᠡᠶ ᠰᠠᠶᠢᠲᠤᠷ ᠬᠢᠬᠦ ᠬᠡᠷᠡᠭᠲᠡᠶ᠃ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠡᠮᠦᠨ᠎ᠡ ᠹᠷᠣᠨᠲ ᠲᠤ ᠢᠳᠡᠪᠬᠢᠲᠡᠢ ᠵᠣᠭᠰᠣᠵᠤ᠂ ᠰᠢᠨ᠎ᠡ ᠶᠢ ᠡᠭᠦᠳᠬᠦ  ᠦᠢᠯᠡᠳᠦᠯᠭᠡ ᠳᠤᠮᠳᠠ ᠢᠳᠡᠪᠬᠢᠲᠡᠶ ᠣᠷᠣᠯᠴᠠᠵᠤ᠂ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠬᠥᠳᠡᠯᠭᠡᠬᠦ ᠬᠦᠴᠦᠨ ᠢ ᠬᠥᠭᠵᠢᠭᠡᠵᠦ᠂ ᠪᠣᠭᠤᠮᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ  ᠠᠬᠢᠭᠤᠯᠬᠤ ᠬᠡᠷᠡᠭᠳᠠᠢ ᠬᠡᠪᠡ᠃
  ᠯᠢᠦ ᡁᠢ ᠫᠢᠩ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ ᠪᠦᠦ ᠸᠧᠨ ᠢ ᠲᠣᠬᠤᠨᠢᠭᠤᠯᠪᠠ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号