ᠡᠷᠢᠶᠡᠨ ᠬᠤᠲᠠ ᠶᠢᠨ 11 ᠰᠢᠨ᠎ᠡ ᠴᠡᠷᠢᠭ ᠢᠷᠠᠭᠤ ᠠᠯᠳᠠᠷᠲᠠᠶ ᠪᠠᠷ ᠴᠡᠷᠢᠭ ᠲᠤ ᠮᠣᠷᠳᠠᠪᠠ
ᠨᠡᠶᠢᠲᠡᠯᠡᠭᠰᠡᠨ ᠴᠠᠭ᠄
2020/9/15
             9 ᠰᠠᠷ᠎ᠠ ᠶᠢᠨ 12 ᠤᠨ ᠡᠳᠦᠷ᠂ ᠮᠠᠨ ᠤ ᠬᠤᠲᠠ ᠶᠢᠨ 2020 ᠣᠨ ᠳᠤ 11 ᠰᠢᠨ᠎ᠡ ᠴᠡᠷᠢᠭ 10 ᠡᠳᠦᠷ ᠤᠨ ᠪᠢᠲᠡᠭᠦᠮᠵᠢᠯᠡᠭᠰᠡᠨ ᠬᠡᠯᠪᠡᠷᠢ ᠶᠢᠨ ᠲᠦᠪᠯᠡᠷᠡᠬᠦᠯᠦᠨ ᠪᠣᠯᠪᠠᠰᠤᠷᠠᠯ ᠢᠶᠠᠨ ᠲᠡᠭᠦᠰᠬᠡᠵᠦ᠂ ᠠᠪᠤ ᠡᠵᠢ ᠲᠠᠢ ᠪᠠᠨ ᠲᠦᠷ ᠠᠶᠠᠷᠯᠠᠭᠰᠠᠨ ᠤ ᠳᠠᠷᠠᠭ᠎ᠠ᠂ ᠴᠡᠷᠢᠭ ᠤᠨ ᠬᠤᠪᠴᠠᠰᠤ ᠡᠮᠦᠰᠴᠦ᠂ ᠡᠩᠭᠡᠷ ᠳᠡᠭᠡᠷ᠎ᠡ ᠪᠠᠨ ᠤᠯᠠᠭᠠᠨ ᠴᠡᠴᠡᠭ ᠵᠡᠭᠦᠵᠦ᠂ ᠭᠠᠯᠲᠤ ᠲᠡᠷᠭᠡᠨ ᠳᠤ ᠭᠠᠷᠴᠤ᠂ ᠴᠡᠷᠢᠭ ᠤᠨ ᠠᠶᠠᠨ ᠵᠠᠮ ᠳᠠᠭᠠᠨ ᠮᠣᠷᠳᠠᠪᠠ᠃
         ᠦᠳᠡᠬᠦ ᠬᠤᠷᠠᠯ ᠤᠨ ᠲᠠᠯᠠᠪᠠᠢ         10 ᠡᠳᠦᠷ ᠤᠨ ᠪᠣᠯᠪᠠᠰᠤᠷᠠᠯ ᠢ ᠪᠡᠶᠡᠯᠡᠭᠦᠯᠵᠦ᠂ ᠰᠢᠨ᠎ᠡ ᠪᠠᠶᠢᠯᠳᠤᠭᠴᠢᠳ ᠬᠤᠶᠠᠷ ᠵᠢᠯ ᠤᠨ ᠬᠤᠭᠤᠴᠠᠭ᠎ᠠ ᠲᠠᠢ  ᠴᠢᠨᠠᠭᠰᠢᠯᠡᠪᠠᠯ ᠨᠡᠩ ᠤᠷᠲᠤ ᠴᠡᠷᠢᠭ ᠤᠨ ᠠᠮᠢᠳᠤᠷᠠᠯ ᠢᠶᠠᠨ ᠡᠬᠢᠯᠡᠭᠦᠯᠬᠦ ᠪᠣᠯᠤᠨ᠎ᠠ᠃ ᠰᠤᠷᠪᠤᠯᠵᠢᠯᠠᠭᠴᠢ ᠰᠤᠷᠪᠤᠯᠵᠢᠯᠠᠭ᠎ᠠ ᠳᠤᠮᠳᠠ ᠪᠠᠨ ᠣᠶᠢᠯᠠᠭᠠᠭᠰᠠᠨ ᠢᠶᠠᠷ᠂ ᠬᠢᠵᠢᠭ ᠤᠨ  ᠪᠠᠶᠢᠳᠠᠯ ᠳᠤ ᠨᠦᠯᠦᠬᠡᠯᠡᠭᠳᠡᠵᠦ᠂ ᠡᠨᠡ ᠵᠢᠯ ᠮᠠᠨ ᠤ ᠬᠤᠲᠠ ᠳᠤ ᠳᠥᠭᠦᠮᠬᠡᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠬᠢᠵᠦ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠵᠡᠶ᠃ ᠢᠷᠠᠭᠤ ᠠᠯᠳᠠᠷ ᠤᠨ ᠴᠡᠴᠡᠭ ᠢ ᠵᠡᠭᠦᠵᠦ ᠴᠡᠷᠢᠭ ᠲᠤ ᠤᠷᠤᠭᠰᠠᠨ 11 ᠰᠢᠨ᠎ᠡ ᠴᠡᠷᠢᠭ ᠤᠨ ᠰᠦᠷ ᠰᠦᠯᠳᠡ ᠲᠠᠢ ᠲᠥᠪ ᠴᠢᠩᠭ᠎ᠠ ᠪᠠᠶᠢᠵᠤ᠂ ᠴᠤᠭ ᠰᠦᠯᠳᠡ ᠪᠠᠳᠠᠷᠠᠩᠭᠤᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠰᠢᠨ᠎ᠡ ᠴᠡᠷᠢᠭ ᠤᠨ ᠴᠡᠷᠢᠭ ᠲᠤ ᠣᠷᠣᠬᠤ ᠨᠡᠷᠡᠰ ᠢ ᠤᠩᠰᠢᠨ ᠨᠡᠶᠢᠲᠡᠯᠡᠵᠦ᠂ ᠰᠢᠨ᠎ᠡ ᠴᠡᠷᠢᠭ ᠤᠨ ᠲᠥᠯᠥᠭᠡᠯᠡᠭᠴᠢ ᠣᠮᠤᠭ ᠲᠡᠭᠦᠯᠳᠡᠷ ᠢᠶᠠᠷ ᠪᠠᠶᠠᠷ ᠤᠨ ᠦᠭᠡ ᠬᠡᠯᠡᠪᠡ᠃         ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠴᠡᠷᠢᠭ ᠡᠯᠰᠡᠬᠦ ᠠᠯᠪᠠᠨ ᠭᠡᠷ ᠤᠨ ᠡᠷᠬᠢᠯᠡᠭᠴᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ  ᠮᠥᠸᠧ ᠬᠤᠩ ᠵᠢᠶᠦ᠋ᠨ ᠢᠷᠠᠭᠤ ᠠᠯᠳᠠᠷᠲᠤ ᠴᠡᠷᠢᠭ ᠲᠤ ᠤᠷᠤᠭᠰᠠᠨ ᠰᠢᠨ᠎ᠡ ᠪᠠᠶᠢᠯᠳᠤᠭᠴᠢ ᠳᠤ ᠪᠠᠶᠠᠷ ᠬᠦᠷᠭᠡᠵᠡᠶ᠃ ᠰᠢᠨ᠎ᠡ ᠴᠡᠷᠢᠭ ᠨᠢᠭᠡ ᠳᠤ ᠬᠦᠴᠢᠷ ᠠᠴᠠ ᠠᠶᠤᠬᠤ ᠦᠭᠡᠢ᠂ ᠬᠤᠶᠠᠷ ᠲᠤ ᠦᠬᠦᠬᠦ ᠠᠴᠠ ᠠᠶᠤᠬᠤ ᠦᠭᠡᠢ ᠳᠠᠶᠢᠴᠢᠨ  ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠲᠠᠭᠤᠵᠢᠯᠲᠠᠶ ᠪᠣᠯᠪᠠᠰᠤᠷᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠬᠠᠯᠠᠭᠤᠨ ᠴᠢᠰᠤᠲᠤ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠤᠨ  ᠦᠢᠯᠡᠰ ᠪᠦᠲᠦᠭᠡᠵᠦ᠂ ᠨᠠᠮ ᠪᠠ ᠠᠷᠠᠳ  ᠲᠦᠮᠡᠨ ᠠᠴᠠ ᠳᠠᠭᠠᠭᠠᠯᠭᠠᠭᠰᠠᠨ ᠴᠠᠭ ᠦᠶ᠎ᠡ ᠶᠢᠨ ᠡᠭᠦᠷᠭᠡ ᠶᠢ ᠡᠷᠡᠰ ᠪᠡᠶᠡᠯᠡᠭᠦᠯᠦᠨ᠎ᠡ᠃         ᠲᠣᠰ ᠣᠷᠣᠢ ᠶᠢᠨ 10 ᠴᠠᠭ ᠲᠤ᠂ ᠭᠠᠯᠲᠤ ᠲᠡᠷᠭᠡᠨ ᠥᠷᠲᠡᠭᠡᠨ ᠳᠤ ᠳᠥᠭᠦᠮ ᠦᠳᠡᠬᠦ ᠶᠣᠰᠣᠯᠠᠯ ᠶᠠᠪᠤᠭᠤᠯᠵᠤ ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠢᠷᠦᠬᠡ ᠣᠷᠣᠯᠴᠠᠵᠤ᠂ ᠰᠢᠨ᠎ᠡ ᠴᠡᠷᠢᠭ ᠤᠳ ᠲᠠᠢ ᠳᠣᠲᠣᠨᠣ ᠪᠠᠷ ᠭᠠᠷ ᠠᠳᠬᠤᠨ ᠰᠠᠯᠬᠤ ᠶᠣᠰᠣ ᠭᠦᠢᠴᠡᠳᠬᠡᠪᠡ᠃ ᠰᠢᠨ᠎ᠡ ᠴᠡᠷᠢᠭ ᠪᠣᠯᠪᠠᠰᠤᠷᠠᠬᠤ ᠠᠴᠠ ᠡᠮᠦᠨ᠎ᠡ ᠭᠡᠷ ᠤᠨ ᠬᠥᠮᠦᠰ ᠲᠠᠢ ᠪᠠᠨ ᠢᠯᠡᠭᠦᠬᠡᠨ ᠬᠠᠷᠢᠯᠴᠠᠵᠤ᠂ ᠨᠤᠲᠤᠭ ᠤᠨ ᠢᠶᠠᠨ ᠬᠥᠭᠵᠢᠯᠲᠡ ᠶᠢ ᠢᠯᠡᠭᠦᠬᠡᠨ ᠠᠩᠬᠠᠷᠴᠤ᠂ ᠬᠤᠪᠢ ᠬᠥᠮᠦᠨ ᠤ ᠪᠠᠶᠠᠷ ᠤᠨ ᠮᠡᠳᠡᠭᠡ ᠶᠢ ᠢᠯᠡᠭᠦᠬᠡᠨ  ᠳᠠᠮᠵᠢᠭᠤᠯᠣᠭᠠᠷᠠᠢ᠃ ᠡᠭᠦᠨ ᠤ ᠬᠠᠮᠲᠤ ᠲᠡᠳᠡᠨ ᠢ ᠴᠡᠷᠢᠭ ᠲᠤ ᠣᠷᠣᠭᠰᠠᠨ ᠤ ᠳᠠᠷᠠᠭ᠎ᠠ᠂ ᠥᠪᠡᠷ ᠢ ᠪᠠᠨ ᠴᠢᠩᠭ᠎ᠠ ᠱᠠᠭᠠᠷᠳᠠᠵᠤ᠂ ᠤᠯᠤᠰ ᠲᠥᠷᠥ᠂ ᠰᠣᠶᠣᠯ ᠪᠣᠯᠤᠨ ᠴᠡᠷᠢᠭ ᠤᠨ ᠶᠠᠪᠤᠳᠠᠯ ᠤᠨ ᠮᠡᠷᠭᠡᠵᠢᠯ ᠴᠢᠳᠠᠪᠤᠷᠢ ᠶᠢ ᠴᠢᠷᠮᠠᠶᠢᠨ ᠰᠤᠷᠤᠯᠴᠠᠵᠤ᠂ ᠡᠷᠡᠰ ᠬᠠᠲᠠᠭᠤ ᠵᠣᠷᠢᠭ ᠢ ᠳᠠᠪᠲᠠᠨ ᠪᠣᠯᠪᠠᠰᠤᠷᠠᠭᠤᠯᠵᠤ᠂ ᠪᠠᠲᠤ ᠴᠢᠩᠭ᠎ᠠ ᠬᠡᠪ ᠰᠤᠷᠲᠠᠯ ᠢ ᠪᠤᠢ ᠪᠣᠯᠭᠠᠵᠤ᠂ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠰᠢᠯᠢᠳᠡᠭ ᠠᠮᠵᠢᠯᠲᠠ ᠪᠠᠷ ᠢᠶᠠᠨ ᠲᠦᠷᠦᠯ ᠰᠠᠳᠤᠨ ᠤ ᠪᠠᠨ ᠠᠴᠢ ᠶᠢ ᠬᠠᠷᠢᠭᠤᠯᠵᠤ᠂ ᠨᠤᠲᠤᠭ ᠤᠰᠤᠨ ᠤ ᠪᠠᠨ ᠠᠴᠢ ᠶᠢ ᠬᠠᠷᠢᠭᠤᠯᠬᠤ ᠬᠡᠷᠡᠭᠳᠠᠢ᠃
   ᠵᠢᠷᠦᠬᠡ ᠰᠢᠨ᠎ᠡ ᠴᠡᠷᠢᠭ ᠲᠠᠢ ᠭᠠᠷ ᠠᠳᠬᠤᠨ ᠰᠠᠯᠬᠤ ᠶᠣᠰᠣ ᠭᠦᠢᠴᠡᠳᠬᠡᠪᠡ
          ᠰᠢᠨ᠎ᠡ ᠴᠡᠷᠢᠭ ᠤᠨ ᠪᠠᠶᠢᠳᠠᠯ ᠢ  ᠣᠶᠢᠯᠠᠭᠠᠨ᠎ᠠ         ᠦᠳᠡᠨ ᠮᠣᠷᠳᠠᠭᠤᠯᠬᠤ ᠲᠠᠯᠠᠪᠠᠢ ᠳᠤ᠂ ᠰᠢᠨ᠎ᠡ ᠴᠡᠷᠢᠭ ᠤᠨ ᠭᠡᠷ ᠤᠨ ᠠᠬᠠᠮᠠᠳ ᠬᠤᠶᠢᠨ᠎ᠠ ᠬᠤᠶᠢᠨ᠎ᠠ ᠠᠴᠠ ᠪᠠᠨ ᠢᠷᠡᠵᠦ ᠬᠡᠦᠬᠡᠳ ᠲᠠᠢ ᠪᠠᠨ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ ᠬᠡᠦᠬᠡᠳ ᠤᠳᠠᠯ ᠦᠭᠡᠢ ᠨᠤᠲᠤᠭ ᠠᠴᠠ ᠪᠠᠨ ᠰᠠᠯᠵᠤ ᠴᠡᠷᠢᠭ ᠤᠨ ᠬᠤᠸᠠᠷᠠᠨ ᠳᠤ ᠣᠷᠣᠬᠤ ᠭᠡᠵᠦ  ᠪᠠᠶᠢᠨ᠎ᠠ᠂ ᠰᠡᠳᠬᠢᠯ  ᠳᠣᠳᠣᠷ᠎ᠠ ᠪᠠᠨ ᠬᠡᠳᠦ᠋ᠢᠪᠡᠷ ᠰᠠᠯᠵᠤ ᠶᠠᠳᠠᠬᠤ ᠦᠭᠡᠢ ᠪᠣᠯᠪᠠᠴᠤ᠂ ᠨᠠᠩ ᠣᠯᠠᠨ ᠨᠢ ᠬᠡᠦᠬᠡᠳ ᠤᠨ ᠲᠥᠯᠥᠭᠡ ᠣᠮᠣᠭᠰᠢᠨ᠎ᠠ᠃
     ᠰᠢᠨ᠎ᠡ ᠴᠡᠷᠢᠭ ᠭᠡᠷ ᠤᠨ ᠬᠥᠮᠦᠰ ᠲᠠᠢ ᠪᠠᠨ ᠰᠠᠯᠵᠤ ᠶᠠᠳᠠᠨ᠎ᠠ         ᠣᠶᠢᠯᠠᠭᠠᠭᠰᠠᠨ ᠢᠶᠠᠷ᠂ ᠡᠨᠡ ᠵᠢᠯ ᠤᠨ ᠴᠡᠷᠢᠭ ᠡᠯᠰᠡᠬᠦ ᠠᠵᠢᠯ ᠥᠷᠭᠡᠨ ᠳᠡᠯᠭᠡᠷ ᠳᠠᠶᠢᠴᠢᠯᠠᠬᠤ ᠪᠠ ᠭᠦᠨᠵᠡᠭᠡᠶ ᠤᠬᠠᠭᠤᠯᠬᠤ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠢᠳᠡᠪᠬᠢᠲᠡᠶ ᠣᠷᠣᠯᠴᠠᠯᠭ᠎ᠠ ᠳᠣᠤᠷ᠎ᠠ᠂ ᠠᠩᠬ᠎ᠠ ᠪᠠᠶᠢᠴᠠᠭᠠᠵᠤ ᠠᠩᠬ᠎ᠠ ᠬᠢᠨᠠᠬᠤ᠂ ᠨᠢᠭᠡᠳᠦᠯᠲᠡᠶ ᠥᠷᠲᠡᠭᠡ ᠳᠤ  ᠭᠠᠷᠬᠤ᠂ ᠤᠯᠤᠰ ᠲᠦᠷᠦ ᠶᠢᠨ ᠬᠢᠨᠠᠨ ᠰᠢᠯᠭᠠᠯᠲᠠ᠂ ᠭᠡᠷ ᠪᠦᠯᠢ ᠶᠢᠨ ᠰᠤᠷᠪᠤᠯᠵᠢᠯᠠᠭ᠎ᠠ ᠬᠢᠬᠦ᠂ ᠴᠡᠷᠢᠭ ᠤᠨ ᠠᠯᠪᠠᠨ ᠠᠴᠠ ᠡᠮᠦᠨᠡᠬᠢ ᠪᠣᠯᠪᠠᠰᠤᠷᠠᠯ᠂ ᠢᠯᠡ ᠪᠠᠷ ᠵᠢᠭᠰᠠᠭᠠᠬᠤ᠂ ᠬᠤᠷᠠᠯ ᠢᠶᠠᠷ ᠴᠡᠷᠢᠭ ᠲᠣᠭᠲᠠᠭᠠᠬᠤ ᠵᠡᠷᠭᠡ ᠴᠢᠩᠭ᠎ᠠ ᠵᠢᠷᠤᠮ ᠢᠶᠠᠷ ᠳᠠᠮᠵᠢᠭᠤᠯᠤᠨ 11 ᠰᠢᠨ᠎ᠡ ᠴᠡᠷᠢᠭ ᠡᠯᠰᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠤᠶᠤᠲᠠᠳ ᠤᠨ ᠡᠯᠰᠡᠬᠦ ᠬᠠᠷᠢᠴᠠᠯ 100% ᠳᠤ ᠬᠦᠷᠴᠡᠶ᠃         ᠣᠷᠣᠢ ᠶᠢᠨ 10 ᠴᠠᠭ 30 ᠮᠢᠨᠦ᠋ᠲ ᠲᠤ᠂ ᠰᠢᠨ᠎ᠡ ᠴᠡᠷᠢᠭ ᠬᠤᠶᠢᠨ᠎ᠠ ᠬᠤᠶᠢᠨ᠎ᠠ ᠠᠴᠠ ᠪᠠᠨ ᠥᠷᠲᠡᠭᠡᠨ ᠳᠤ ᠣᠷᠣᠵᠤ ᠲᠡᠷᠭᠡᠨ ᠳᠤ ᠭᠠᠷᠴᠤ᠂ ᠡᠨᠡ ᠮᠥᠴᠡ ᠠᠴᠠ  ᠡᠬᠢᠯᠡᠨ᠂ ᠠᠪᠤ ᠡᠵᠢ ᠶᠢᠨ ᠢᠶᠠᠨ ᠥᠮᠥᠭᠯᠡᠯ ᠠᠴᠠ ᠰᠠᠯᠵᠤ᠂ ᠴᠡᠷᠢᠭ ᠤᠨ ᠬᠤᠸᠠᠷᠠᠨ ᠤ ᠤᠬᠢᠶᠠᠯᠭ᠎ᠠ ᠶᠢ ᠬᠦᠯᠢᠶᠡᠵᠦ ᠲᠡᠳᠡ ᠲᠥᠷᠥᠯ ᠰᠠᠳᠤᠨ ᠤ ᠪᠠᠨ ᠨᠠᠶᠢᠳᠠᠯᠭ᠎ᠠ ᠶᠢ ᠠᠪᠴᠤ᠂ ᠰᠢᠨ᠎ᠡ ᠥᠷᠢᠰᠥᠯᠳᠦᠭᠡᠨ ᠢ ᠤᠭᠲᠤᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号