ᠡᠷᠢᠶᠡᠨ ᠤ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 9 ᠰᠠᠷ᠎ᠠ ᠶᠢᠨ 13 ᠤ ᠡᠳᠦᠷ ᠪᠣᠯᠲᠠᠯ᠎ᠠ᠂ | ᠡᠷᠢᠶᠡᠨ ᠬᠤᠲᠠ ᠶᠢᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠲᠤ ᠲᠡᠷᠭᠡ | ᠨᠢᠭᠡᠨᠲᠡ 1584 ᠬᠦᠷᠴᠦ᠂ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 152.6 ᠲᠦᠮᠡᠨ ᠲᠣᠨ᠂ ᠨᠢᠳᠤᠨᠤᠨ ᠤ ᠪᠦᠬᠦ | ᠵᠢᠯ ᠤᠨ ᠶᠡᠷᠦᠩᠬᠡᠢ ᠲᠤᠭ᠎ᠠ 1490 ᠶᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠬᠦᠳᠪᠡ᠃ | ᠡᠨᠡ ᠵᠢᠯ ᠠᠴᠠ ᠨᠠᠰᠢ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠢ ᠲᠡᠭᠦᠨ ᠤ ︽ | ᠳᠣᠭᠳᠠᠮᠠᠯ ᠳᠡᠷᠭᠡ ᠣᠳᠠᠭ᠎ᠠ᠂ ᠳᠣᠭᠳᠠᠮᠠᠯ ᠵᠠᠮ ᠱᠣᠭᠤᠮ︾ ᠢᠶᠠᠷ ᠬᠡᠪᠰᠢᠭᠰᠡᠨ ᠠᠶᠠᠯᠠᠯ ᠢᠶᠠᠨ ᠪᠠᠲᠤᠯᠠᠵᠤ᠂ ᠣᠯᠠᠨ | ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢ ᠪᠠᠲᠤᠯᠠᠬᠤ ᠲᠣᠭᠲᠠᠪᠤᠷᠢᠲᠠᠶ ᠲᠡᠭᠡᠭᠡᠪᠦᠷᠢ ᠶᠢᠨ ᠵᠠᠮ ᠪᠣᠯᠤᠭᠰᠠᠨ ᠪᠠᠶᠢᠨ᠎ᠠ᠃ | ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠴᠡᠭᠡ ᠬᠠᠩᠭᠠᠯᠭ᠎ᠠ ᠶᠢᠨ ᠠᠬᠢᠭᠤᠯᠤᠯ ᠳᠣᠣᠷ᠎ᠠ᠂ ᠡᠷᠢᠶᠡᠨ | ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠳᠡᠷᠭᠡ ᠶᠢᠨ ᠠᠶᠠᠯᠠᠯ ᠤᠨ ᠬᠡᠮᠵᠢᠶ᠎ᠡ ᠦᠷᠭᠦᠯᠵᠢᠯᠡᠨ ᠨᠡᠮᠡᠭᠳᠡᠵᠦ ᠦᠰᠪᠡ᠃ | | | | ᠪᠣᠭᠤᠮᠲᠠ ᠶᠢᠨ ᠠᠵᠢᠯᠲᠠᠳ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠬᠠᠷᠭᠤᠭᠤᠯᠵᠤ ᠰᠢᠯᠭᠠᠨ | ᠶᠠᠷᠢᠯᠴᠠᠨ᠎ᠠ | | ᠪᠣᠭᠤᠮᠲᠠ ᠥᠩᠭᠡᠷᠡᠬᠦ ᠬᠦᠴᠦᠨ ᠲᠠᠢ ᠬᠤᠭᠤᠴᠠᠭ᠎ᠠ ᠶᠢ ᠪᠠᠲᠤᠯᠠᠬᠤ ᠶᠢᠨ ᠲᠥᠯᠥᠭᠡ᠂ ᠡᠷᠢᠶᠡᠨ | ᠪᠣᠭᠤᠮᠲᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠦᠢᠯᠡᠴᠢᠯᠡᠭᠡᠨ ᠤ ᠪᠠᠳᠣᠯᠠᠭ᠎ᠠ ᠶᠢᠨ | ᠲᠤᠰᠬᠠᠶ ᠠᠩᠭᠢ ᠶᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠳᠥᠭᠦᠮ ᠳᠥᠲᠡ | ᠪᠣᠭᠤᠮᠲᠠ ᠥᠩᠭᠡᠷᠡᠬᠦ ᠶᠢ ᠵᠡᠷᠭᠡᠪᠡᠷ ᠴᠢᠬᠤᠯᠠᠴᠢᠯᠠᠵᠤ᠂ ᠬᠢᠨᠠᠨ ᠬᠠᠮᠢᠶᠠᠷᠬᠤ ᠪᠠ ᠦᠢᠯᠡᠴᠢᠯᠡᠭᠡ ᠶᠢ ᠵᠡᠷᠭᠡ ᠳᠤᠨᠢ | ᠴᠢᠬᠤᠯᠠᠴᠢᠯᠠᠬᠤ ᠶᠢ ᠪᠠᠷᠢᠮᠲᠠᠯᠠᠵᠠᠶ᠃ ᠠᠮᠤᠷ ᠲᠦᠪᠰᠢᠨ ᠢᠶᠠᠷ ᠲᠦᠬᠦᠮ ᠦᠵᠡᠭᠦᠯᠬᠦ ᠶᠢ ᠠᠬᠢᠭᠤᠯᠵᠤ᠂ ᠲᠦᠬᠦᠮ | ᠦᠵᠡᠭᠦᠯᠬᠦ ᠪᠠᠷ ᠨᠡᠮᠡᠭᠳᠡᠯ ᠢ ᠠᠬᠢᠭᠤᠯᠵᠤ ᠳᠣᠮᠳᠠᠳᠦ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠨᠡᠮᠡᠭᠳᠡᠯ ᠢ | ᠠᠬᠢᠭᠤᠯᠤᠨ᠎ᠠ᠃ | ︽ᠡᠳᠦᠷ ᠪᠦᠷᠢ ᠳᠤᠮᠳᠠᠴᠢ ᠪᠠᠷ ᠲᠡᠭᠡᠭᠡᠪᠦᠷᠢᠯᠡᠬᠦ ᠡᠭᠡᠯᠵᠢ ᠶᠢᠨ ᠭᠠᠯᠲᠤ ᠲᠡᠷᠭᠡ 5 ᠴᠤᠪᠤᠭ᠎ᠠ | ᠪᠠᠶᠢᠭᠰᠠᠨ ᠠᠴᠠ 8 ᠴᠤᠪᠤᠭ᠎ᠠ ᠪᠣᠯᠵᠤ ᠨᠡᠮᠡᠭᠳᠡᠵᠡᠶ᠂ ᠭᠠᠭᠴᠠ ᠡᠳᠦᠷ ᠤᠨ ᠬᠠᠮᠤᠭ ᠥᠨᠳᠥᠷ ᠲᠡᠭᠡᠨ 11 ᠣᠳᠠᠭ᠎ᠠ | ᠬᠦᠷᠴᠦ᠂ ᠪᠢᠳᠡ ᠬᠥᠮᠦᠨ ᠨᠡᠮᠡᠵᠦ ᠲᠣᠮᠢᠯᠠᠨ ᠭᠠᠳᠠᠭᠰᠢ ᠭᠠᠷᠴᠤ ᠪᠠᠶᠢᠴᠠᠭᠠᠨ ᠰᠢᠯᠭᠠᠬᠤ ᠪᠠᠷ ᠳᠠᠮᠵᠢᠨ᠂ ᠲᠡᠷᠭᠡ | ᠬᠦᠳᠡᠯᠬᠦ ᠳᠠᠪᠲᠠᠮᠵᠢ ᠶᠢᠨ ᠳᠡᠭᠡᠭᠰᠢᠯᠡᠯᠲᠡ ᠶᠢ ᠪᠠᠲᠤᠯᠠᠬᠤ ᠶᠢᠨ ᠬᠠᠮᠲᠤ ᠪᠣᠭᠤᠮᠲᠠ ᠥᠩᠭᠡᠷᠡᠬᠦ ᠬᠤᠷᠳᠤᠴᠠ ᠴᠤ | ᠳᠡᠭᠡᠭᠰᠢᠯᠡᠵᠦ ᠪᠠᠶᠢᠨ᠎ᠠ᠃ ᠡᠷᠢᠶᠡᠨ ᠪᠣᠭᠤᠮᠲᠠ ᠶᠢᠨ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ | ᠰᠠᠯᠠᠭᠠᠨ ᠤ ᠳᠡᠳ᠋ ᠳᠠᠷᠤᠭ᠎ᠠ ᠨᠢᠶᠧ ᠸᠧᠶ ᠳ᠋ᠦᠩ ᠲᠠᠨᠢᠯᠴᠠᠭᠤᠯᠪᠠ᠃ | | |