ᠯᠦ ᠪᠦᠦ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠬᠤᠲᠠ ᠶᠢᠨ 2021 ᠣᠨ ᠤ ᠭᠤᠣᠯ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠤᠰᠬᠠᠢ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2021/1/12
       1 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ 2021 ᠣᠨ ᠤ ᠭᠤᠣᠯ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠤᠰᠬᠠᠢ ᠰᠡᠳᠦᠪ ᠢᠶᠠᠷ ᠰᠤᠳᠤᠯᠪᠠ᠃        ᠳᠡᠳ᠋ ᠬᠤᠲᠠ ᠶᠢᠨ ᠳᠠᠷᠤᠭ᠎ᠠ ᠴᠣᠭᠵᠢᠯ᠂ ᠭᠦᠸᠧ ᠫᠢᠩ ᠸᠠᠩ᠂ ᠵᠠᠩ ᠶᠢᠩ ᠵᠢᠶᠧ᠂ ᠱᠣᠤ ᠱᠢ ᠴᠢᠶᠠᠩ ᠵᠢᠴᠢ ᠲᠤᠭ᠎ᠠ ᠪᠦᠷᠢᠳᠬᠡᠯ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠥᠬᠦ ᠬᠤᠲᠠ ᠶᠢᠨ ᠭᠤᠤᠯ ᠪᠣᠯᠬᠤ ᠠᠵᠤ ᠠᠬᠤᠶ ᠶᠢᠨ ᠬᠦᠢᠴᠡᠳᠬᠡᠯ ᠲᠤᠭ᠎ᠠ ᠶᠢᠨ ᠪᠥᠬᠦ ᠵᠢᠯ ᠤᠨ ᠵᠢᠱᠢᠯᠲᠡ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠬᠥᠭᠵᠢᠯᠲᠡ ᠶᠢᠨ ᠵᠢᠱᠢᠯᠲᠡ ᠶᠢᠨ ᠲᠣᠭᠤᠷᠢᠨ ᠳᠤ᠂ ᠬᠤᠷᠠᠯ ᠳᠤ ᠣᠷᠣᠯᠴᠠᠭᠰᠠᠳ ᠲᠣᠰ ᠪᠡᠶ᠎ᠡ ᠶᠢᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ 2021 ᠣᠨ ᠤ ᠠᠵᠤ ᠠᠬᠤᠶ ᠶᠢᠨ ᠲᠦᠷᠭᠡᠨ ᠬᠥᠭᠵᠢᠯᠲᠡ ᠶᠢ ᠠᠬᠢᠭᠤᠯᠬᠤ ᠰᠠᠨᠠᠭᠤᠯᠭ᠎ᠠ ᠳᠤᠷᠠᠳᠪᠠ᠃        ᠯᠦ ᠪᠦᠦ ᠳ᠋ᠦᠩ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠪᠥᠬᠦ ᠲᠠᠯ᠎ᠠ ᠶᠢᠨ ᠦᠵᠡᠯᠲᠡ ᠪᠣᠯᠤᠨ ᠶᠡᠭᠡ ᠲᠠᠯ᠎ᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠡᠯ᠎ᠡ  ᠵᠦᠢᠯ ᠤᠨ ᠠᠵᠤ ᠠᠬᠤᠶ ᠶᠢᠨ ᠠᠵᠢᠯ ᠤᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠪᠣᠯᠤᠨ ᠬᠤᠭᠤᠴᠠᠭᠠᠲᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃        ᠯᠦ ᠪᠦᠦ ᠳ᠋ᠦᠩ ᠴᠢᠬᠤᠯᠠᠴᠢᠯᠠᠭᠰᠠᠨ ᠨᠢ᠂ ᠡᠯ᠎ᠡ ᠭᠤᠤᠯ ᠪᠣᠯᠬᠤ ᠠᠵᠤ ᠠᠬᠤᠶ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠤ ᠠᠬᠤᠶ ᠶᠢᠨ  ᠬᠦᠢᠴᠡᠳᠬᠡᠯ ᠲᠤᠭ᠎ᠠ ᠶᠢ ᠲᠦᠢᠯ ᠤᠨ ᠣᠨᠣᠪᠴᠢᠲᠠᠶ ᠪᠠᠷ ᠵᠠᠳᠠᠯᠵᠤ᠂ ᠲᠦᠢᠯ ᠤᠨ ᠣᠨᠣᠪᠴᠢᠲᠠᠶ ᠪᠠᠷ ᠵᠢᠯᠣᠭᠤᠳᠤᠨ᠂ ᠲᠦᠢᠯ ᠤᠨ ᠣᠨᠣᠪᠴᠢᠲᠠᠶ ᠪᠠᠷ ᠲᠣᠬᠢᠷᠠᠭᠤᠯᠵᠤ᠂ ᠲᠤᠭ᠎ᠠ ᠪᠠᠷᠢᠮᠲᠠ ᠶᠢᠨ ᠢᠵᠢ ᠪᠥᠷᠢᠳᠦᠭᠦᠯᠬᠦ ᠲᠤᠯᠭᠠᠭᠤᠷᠢᠯᠠᠯ ᠢ ᠴᠢᠩᠭᠠᠷᠠᠭᠤᠯᠤᠨ᠂ ᠡᠯ᠎ᠡ ᠵᠦᠢᠯ ᠤᠨ ᠠᠵᠤ ᠠᠬᠤᠶ ᠶᠢᠨ ᠬᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠴᠢᠬᠤᠯᠠᠴᠢᠯᠠᠵᠤ᠂ ᠭᠦᠶ᠋ᠴᠡᠳᠬᠡᠯ ᠲᠤᠭ᠎ᠠ ᠶᠢᠨ ᠬᠤᠭᠤᠷᠣᠨᠳᠣ ᠪᠠᠨ ᠬᠠᠷᠢᠯᠴᠠᠨ ᠵᠣᠬᠢᠴᠠᠯᠳᠤᠬᠤ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢᠨ ᠪᠦᠲᠦᠴᠡ ᠶᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠳᠠᠬᠢᠨ ᠳᠠᠪᠲᠠᠨ ᠰᠤᠳᠤᠯᠤᠨ ᠲᠤᠩᠭᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠨᠠᠶᠢᠳᠠᠪᠣᠷᠢᠳᠠᠢ᠂ ᠪᠦᠷᠢᠨ ᠪᠦᠲᠦᠨ ᠴᠠᠭ ᠲᠤᠬᠠᠢ ᠳᠤᠨᠢ᠂ ᠣᠨᠣᠪᠴᠢᠲᠠᠢ ᠪᠠᠷ ᠮᠠᠨ ᠤ ᠬᠤᠲᠠ ᠶᠢᠨ ᠠᠵᠤ ᠠᠬᠤᠢ ᠨᠠᠶᠢᠬᠡᠮ ᠤᠨ ᠬᠥᠭᠵᠢᠯᠲᠡ ᠶᠢᠨ ᠪᠠᠶᠢᠳᠠᠯ ᠢ ᠲᠤᠰᠬᠠᠬᠤ ᠶᠢ ᠪᠠᠲᠤᠯᠠᠨ᠎ᠠ︔ ᠡᠯ᠎ᠡ ᠳᠡᠳ᠋ ᠬᠤᠲᠠ ᠶᠢᠨ ᠳᠠᠷᠤᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠶ᠎ᠠ ᠬᠦᠷᠢᠶ᠎ᠡ ᠴᠠᠷᠠᠭ᠎ᠠ ᠶᠢᠨ ᠢᠶᠠᠨ ᠲᠤᠭ᠎ᠠ ᠪᠠᠷᠢᠮᠲᠠ ᠶᠢᠨ ᠰᠡᠷᠭᠡᠭ ᠴᠢᠨᠠᠷ   ᠢ ᠴᠢᠩᠭᠠᠷᠠᠭᠤᠯᠵᠤ᠂ ᠲᠥᠷᠥᠯ  ᠵᠦᠢᠯ ᠢ ᠵᠢᠯᠣᠭᠤᠳᠬᠤ ᠪᠠ ᠲᠣᠬᠢᠷᠠᠭᠤᠯᠬᠤ ᠪᠠᠨ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠢᠭᠲᠠ ᠠᠩᠬᠠᠷᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠡᠵᠡᠮᠳᠡᠨ᠂ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ︔ ︽ᠡᠷᠬᠢᠨ ᠬᠠᠷᠠᠬᠤ︾ ᠲᠥᠯᠥᠪᠯᠡᠭᠡ ᠶᠢ ᠲᠣᠭᠲᠠᠭᠠᠵᠤ᠂ 2020 ᠣᠨ ᠤ ᠰᠡᠬᠦᠯ ᠬᠤᠷᠢᠶᠠᠬᠤ ᠠᠵᠢᠯ ᠢ ᠱᠠᠯᠠᠪᠳᠠᠨ ᠪᠡᠶᠡᠯᠡᠭᠦᠯᠵᠦ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ 2021 ᠣᠨ ᠤ ᠲᠥᠯᠥᠪᠯᠡᠭᠡ ᠶᠢ ᠬᠡᠷᠡᠭᠵᠢᠭᠦᠯᠬᠦ ᠭᠤᠣᠯᠳᠠᠯᠭ᠎ᠠ ᠲᠠᠢ ᠲᠦᠷᠦᠯ ᠵᠦᠢᠯ ᠢ ᠳᠠᠷᠤᠢ ᠲᠦᠷᠭᠡᠨ ᠡᠮᠬᠢᠯᠡᠵᠦ ᠂ ᠲᠦᠷᠦᠯ ᠵᠦᠢᠯ ᠤᠨ ᠨᠡᠷᠡᠶᠢᠳᠦᠯ᠂ ᠲᠦᠷᠦᠯ ᠵᠦᠢᠯ ᠤᠨ ᠲᠦᠢᠮᠣ ᠪᠠᠶᠢᠳᠠᠯ᠂ ᠬᠡᠷᠡᠭᠵᠢᠭᠦᠯᠬᠦ ᠣᠨ ᠵᠢᠯ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠲᠦᠷᠦᠯ ᠵᠦᠢᠯ ᠤᠨ ᠪᠠᠶᠢᠷᠢ ᠲᠣᠭᠲᠠᠭᠠᠯᠲᠠ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠵᠤ᠂ 2021 ᠣᠨ ᠤ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号