ᠮᠠᠨ ᠤ ᠬᠤᠲᠠ ᠴᠢᠩᠭᠡᠯᠢᠭ ᠡᠳ᠋ ᠪᠠᠷᠠᠭ᠎ᠠ ᠶᠢ ᠰᠢᠯᠭᠠᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ ᠪᠣᠶ
ᠨᠡᠶᠢᠲᠡᠯᠡᠭᠰᠡᠨ ᠴᠠᠭ᠄
2021/1/13
      ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ ᠪᠠᠶᠢᠭ᠎ᠠ ᠪᠠᠶᠢᠳᠠᠯ ᠢ ᠦᠨᠳᠦᠰᠦᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠬᠤ ᠶᠢᠨ  ᠳᠣᠯᠠᠳᠠ᠂ 1 ᠰᠠᠷ᠎ᠠ ᠶᠢᠨ 12 ᠤᠨ ᠡᠳᠦᠷ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠣᠭᠵᠢᠯ᠂ ᠭᠦᠸᠧ ᠫᠢᠩ ᠸᠠᠩ ᠨᠠᠷ ᠭᠠᠳᠠᠭᠠᠳᠤ ᠠᠴᠠ ᠴᠢᠩᠭᠡᠯᠢᠭ ᠡᠳ᠋ ᠪᠠᠷᠠᠭ᠎ᠠ ᠶᠢ ᠰᠢᠯᠭᠠᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃
         ᠴᠣᠭᠵᠢᠯ ᠨᠠᠷ ᠤᠷᠢᠳ ᠬᠤᠵᠢᠳ ᠬᠤᠢ ᠲᠦᠩ ᠪᠠᠷᠠᠭᠠᠨ ᠤ ᠭᠦᠢᠯᠭᠡᠭᠡ ᠶᠢᠨ ᠬᠦᠷᠢᠶᠡᠯᠡᠩ᠂ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠲᠡᠭ ᠺᠢᠯᠣᠮᠧᠲᠷ ᠤᠨ ᠭᠠᠵᠠᠷ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠭᠠᠵᠠᠷ᠂ ᠲᠡᠷᠭᠡ ᠬᠥᠰᠬᠡ ᠶᠢ ᠠᠷᠢᠭᠤᠳᠬᠠᠬᠤ ᠪᠠ ᠬᠥᠮᠦᠰ ᠢ ᠰᠢᠯᠭᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃
        ᠴᠣᠭᠵᠢᠯ ᠵᠢᠭᠠᠵᠤ ᠭᠠᠷᠭᠠᠭᠰᠠᠨ ᠨᠢ᠂ ᠨᠢᠭᠡᠳᠦᠭᠡᠷ ᠹᠷᠣᠨᠲ ᠤᠨ ᠬᠢᠨᠠᠨ ᠬᠠᠮᠢᠶᠠᠷᠬᠤ ᠠᠵᠢᠯᠲᠠᠨ ᠵᠢᠴᠢ  ᠬᠦᠢᠳᠡᠨ ᠢᠳᠡᠭᠡᠨ ᠤ ᠠᠵᠢᠯᠲᠠᠨ ᠡᠷᠬᠡᠪᠰᠢ ᠴᠠᠭ ᠢᠮᠠᠭᠲᠠ ᠠᠮᠤᠷ ᠲᠦᠪᠰᠢᠨ ᠤ ᠬᠥᠪᠴᠢ ᠪᠠᠨ ᠴᠢᠩᠭᠠᠯᠠᠵᠤ᠂ ᠥᠴᠦᠬᠡᠨ ᠴᠦ ᠰᠤᠯᠠᠷᠠᠭᠤᠯᠤᠯ ᠥᠬᠡᠶ ᠪᠠᠷ ᠣᠷᠣᠬᠤ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠶ᠃ ᠠᠵᠤ ᠠᠬᠤᠶᠢᠯᠠᠯ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠥᠬᠦᠶ ᠲᠣᠭᠲᠠᠭᠠᠯ ᠵᠢᠴᠢ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠠᠷᠢᠭᠤᠳᠬᠠᠵᠤ᠂ ᠭᠠᠳᠠᠭᠠᠳᠤ ᠠᠴᠠ ᠣᠷᠣᠭᠤᠯᠤᠭᠰᠠᠨ ᠴᠢᠩᠭᠡᠯᠢᠭ ᠡᠳ᠋ ᠪᠠᠷᠠᠭ᠎ᠠ ᠶᠢᠨ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠬᠡᠮᠵᠢᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠲᠦᠭᠰᠢᠭᠦᠷᠢ ᠶᠡᠬᠡᠲᠡᠶ ᠤᠯᠤᠰ ᠪᠠ ᠭᠠᠵᠠᠷ ᠣᠷᠣᠨ ᠠᠴᠠ ᠢᠷᠡᠭᠰᠡᠨ ᠲᠦᠭᠰᠢᠭᠦᠷᠢ ᠶᠡᠬᠡᠲᠡᠶ ᠴᠢᠩᠭᠡᠯᠢᠭ ᠡᠳ᠋ ᠪᠠᠷᠠᠭ᠎ᠠ ᠶᠢᠨ ᠭᠠᠳᠠᠷ ᠪᠣᠭᠤᠳᠠᠯ᠂ ᠴᠢᠩᠭᠡᠯᠢᠭ ᠤᠨ ᠳᠣᠲᠣᠷ ᠬᠠᠨ᠎ᠠ ᠵᠢᠴᠢ ᠡᠭᠦᠳᠡᠨ ᠪᠠᠷᠢᠭᠤᠯ ᠵᠡᠷᠭᠡ ᠥᠨᠳᠥᠷ ᠲᠠᠪᠳᠠᠮᠵᠢᠳᠤ ᠬᠦᠷᠦᠯᠴᠡᠬᠦ ᠬᠡᠰᠡᠭ ᠲᠤ ᠪᠠᠶᠢᠴᠠᠭᠠᠨ ᠬᠡᠮᠵᠢᠬᠦ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠠᠵᠢᠯ ᠢ ᠥᠷᠨᠢᠭᠦᠯᠵᠦ᠂ ︽ᠭᠠᠯ ᠰᠡᠷᠭᠡᠶᠢᠯᠡᠬᠦ ᠬᠡᠷᠡᠮ︾ ᠢ ᠪᠠᠲᠤ ᠪᠠᠬᠢ ᠪᠠᠶᠢᠭᠤᠯᠵᠤ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号