ᠰᠢᠨ᠎ᠡ ᠠᠶᠠᠨ ᠢᠶᠠᠨ ᠡᠬᠢᠯᠡᠭᠦᠯᠵᠦ ᠰᠡᠷᠭᠡᠶᠢᠯᠡᠨ ᠡᠵᠡᠮᠳᠡᠬᠦ ᠶᠢ ᠠᠳᠬᠤᠵᠤ ᠪᠣᠭᠤᠮᠲᠠ ᠥᠩᠭᠡᠷᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2021/1/25
    ᠣᠶᠢᠷ᠎ᠠ ᠳᠤ᠂ ᠰᠤᠷᠪᠤᠯᠵᠢᠯᠠᠭᠴᠢ ᠡᠷᠢᠶᠡᠨ ᠬᠤᠳᠠ ᠶᠢᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠠᠴᠠ ᠣᠯᠵᠤ ᠬᠠᠷᠠᠭᠰᠠᠨ ᠨᠢ᠂ ᠳᠦᠭᠦᠷᠡᠩ ᠪᠠᠷᠠᠭ᠎ᠠ ᠲᠡᠭᠡᠭᠡᠭᠰᠡᠨ ᠲᠡᠭᠡᠭᠡᠪᠦᠷᠢ ᠶᠢᠨ ᠲᠡᠷᠭᠡ ᠨᠦᠭᠦᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠪᠣᠭᠤᠮᠲᠠ ᠳᠤ ᠨᠠᠰᠢ ᠴᠠᠰᠢ ᠵᠣᠷᠴᠢᠵᠤ ᠪᠠᠶᠢᠯ᠎ᠠ᠃ ᠪᠣᠭᠤᠮᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠬᠥᠮᠦᠨ ᠢ ᠨᠢ ᠬᠠᠮᠢᠶᠠᠷᠴᠤ ᠳᠡᠶᠢᠯᠬᠦ᠂ ᠪᠠᠷᠠᠭ᠎ᠠ ᠶᠢ ᠨᠢ ᠰᠠᠭᠠᠳ ᠥᠬᠡᠶ ᠨᠡᠪᠲᠡᠷᠡᠭᠦᠯᠬᠦ︾ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠣᠭᠤᠮᠲᠠ ᠶᠢᠨ ᠪᠠᠷᠠᠭᠠᠨ ᠤ ᠪᠣᠭᠤᠮᠲᠠ ᠪᠠᠷ ᠥᠩᠭᠡᠷᠡᠬᠦ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ᠂ ᠪᠠᠷᠠᠭᠠᠨ ᠤ ᠲᠡᠭᠡᠭᠡᠪᠦᠷᠢ ᠶᠢᠨ ᠣᠷᠣᠯᠠᠭᠴᠢ ᠵᠢᠯᠣᠭᠤᠴᠢ᠂ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠠᠵᠢᠯᠲᠠᠳ ᠬᠠᠮᠠᠭᠠᠯᠠᠯᠲᠠ ᠶᠢᠨ ᠬᠤᠪᠴᠠᠰᠤ ᠡᠮᠦᠰᠦᠨ ᠶᠠᠭᠠᠷᠠᠯᠲᠠᠶ ᠠᠵᠢᠯᠯᠠᠵᠤ᠂ ᠪᠠᠷᠠᠭᠠᠨ ᠤ ᠲᠡᠷᠭᠡ ᠨᠦᠭᠦᠳ ᠪᠠᠶᠢᠴᠠᠭᠠᠨ ᠰᠢᠯᠭᠠᠬᠤ᠂ ᠠᠷᠢᠭᠤᠳᠬᠠᠬᠤ ᠵᠡᠷᠭᠡ ᠶᠠᠪᠤᠴᠠ ᠶᠢ ᠥᠩᠭᠡᠷᠡᠭᠦᠯᠦᠭᠰᠡᠨ ᠤ ᠳᠠᠷᠠᠭ᠎ᠠ ᠪᠣᠭᠤᠮᠲᠠ ᠪᠠᠷ ᠤᠷᠤᠭᠰᠢᠲᠠᠶ ᠥᠩᠭᠡᠷᠡᠪᠡ᠃
   ᠲᠡᠭ ᠠᠴᠠ ᠳᠣᠷᠣᠭᠰᠢ 20 ᠭᠷᠠᠳᠦ᠋ᠰ ᠤᠨ ᠬᠠᠬᠢᠷ ᠬᠦᠢᠳᠡᠨ ᠳᠤ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠲᠡᠷᠭᠡᠨ ᠣᠷᠣᠶ ᠳᠤ ᠠᠪᠠᠷᠢᠨ᠂ ᠲᠡᠷᠭᠡᠨ ᠤ ᠢᠷᠣᠭᠠᠷ ᠲᠤ ᠣᠷᠣᠵᠤ᠂ ᠠᠴᠢᠶᠠᠨ ᠤ ᠲᠡᠷᠭᠡ ᠨᠢᠭᠡᠪᠦᠷᠢ ᠶᠢ ᠨᠠᠷᠢᠨ ᠬᠢᠨᠠᠮᠠᠭᠠᠶ ᠪᠠᠶᠢᠴᠠᠭᠠᠪᠠ᠃
    ᠵᠢᠬᠡᠭᠦᠨ ᠰᠠᠯᠬᠢ ᠢᠯᠪᠢᠵᠦ᠂ ᠠᠷᠠᠳ ᠤᠨ ᠴᠠᠭᠳᠠᠭ᠎ᠠ ᠶᠢᠨ ᠪᠡᠶ᠎ᠡ ᠳᠡᠭᠡᠷᠡᠬᠢ ᠬᠠᠮᠠᠭᠠᠯᠠᠯᠲᠠ ᠶᠢᠨ ᠬᠤᠪᠴᠠᠰᠤ ᠰᠠᠯᠬᠢᠨ ᠳᠤ  ᠦᠯᠢᠶᠡᠨ᠂ ᠡᠷᠢᠶᠡᠨ ᠤ ᠪᠣᠭᠤᠮᠲᠠ ᠮᠠᠨ ᠤ ᠤᠯᠤᠰ ᠤᠨ ᠮᠣᠩᠭᠤᠯ ᠤᠯᠤᠰ ᠲᠤ ᠨᠡᠪᠲᠡᠷᠡᠬᠦ ᠬᠠᠮᠤᠭ ᠤᠨ ᠶᠡᠭᠡ ᠬᠠᠭᠤᠷᠠᠶ ᠵᠠᠮ ᠤᠨ ᠬᠢᠯᠢ ᠶᠢᠨ ᠪᠣᠭᠤᠮᠲᠠ ᠪᠣᠯᠤᠭᠰᠠᠨ ᠪᠠᠶᠢᠨ᠎ᠠ᠂ ᠬᠢᠵᠢᠭ ᠤᠨ ᠬᠤᠭᠤᠴᠠᠭᠠᠨ ᠳᠤ᠂ ᠳᠤᠮᠳᠠᠳᠤ ᠮᠣᠩᠭᠤᠯ ᠬᠤᠶᠠᠷ ᠤᠯᠤᠰ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠠᠶᠢᠭᠤᠯᠵᠤ᠂ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠠᠬᠤᠶ ᠠᠷᠠᠯᠵᠢᠶ᠎ᠠ ᠪᠠᠷᠠᠭᠠᠨ ᠤ ᠬᠦᠢᠯᠭᠡᠭᠡᠨ ᠤ ᠬᠡᠪ ᠤᠨ ᠶᠠᠪᠤᠯᠴᠠᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ 2020 ᠣᠨ ᠤ ᠪᠥᠬᠦ ᠵᠢᠯ ᠳᠤ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠳᠤ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢ ᠨᠡᠶᠢᠲᠡ 12 . 2 ᠲᠦᠮᠡᠨ ᠤᠳᠠᠭ᠎ᠠ ᠪᠠᠶᠢᠴᠠᠭᠠᠵᠤ ᠰᠢᠯᠭᠠᠨ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 20 % ᠪᠠᠷ ᠨᠡᠮᠡᠭᠳᠡᠨ᠂ ᠰᠥᠷᠭᠡᠤ ᠨᠡᠮᠡᠭᠳᠡᠯ ᠤᠨ ᠪᠠᠶᠢᠳᠠᠯ ᠢ ᠪᠡᠶᠡᠯᠡᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠣᠷᠢᠯᠡᠯ ᠢᠶᠠᠨ ᠰᠡᠷᠭᠦᠭᠡᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ᠂ ᠠᠵᠤ  ᠦᠢᠯᠡᠰ ᠤᠨ ᠬᠡᠯᠬᠢᠶ᠎ᠡ ᠶᠢ ᠲᠣᠭᠲᠠᠪᠤᠷᠢᠵᠢᠭᠤᠯᠬᠤ᠂ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠳᠤ ᠠᠬᠢᠭᠤᠯᠬᠤ  ᠦᠢᠯᠡᠳᠦᠯ ᠦᠵᠡᠭᠦᠯᠪᠡ᠃
    ︽ᠤᠳᠤ ᠳᠤᠮᠳᠠᠴᠢ ᠪᠠᠷ ᠡᠳᠦᠷ ᠪᠦᠷᠢ 20 ᠴᠢᠩᠭᠡᠯᠢᠭ᠂ ᠪᠠᠷᠤᠭ 500 ᠲᠣᠨ ᠵᠢᠮᠢᠰ ᠢᠳᠡᠰᠢᠨ ᠨᠣᠭᠤᠭ᠎ᠠ ᠵᠢᠴᠢ ᠡᠳᠦᠷ ᠳᠤᠳᠤᠮ ᠤᠨ ᠬᠡᠷᠡᠭᠯᠡᠭᠡᠨ ᠤ ᠵᠦᠢᠯ ᠢ ᠪᠣᠷᠣᠯᠠᠭᠤᠯᠵᠤ᠂ ᠬᠠᠮᠤᠭ ᠠᠷᠪᠢᠨ ᠳᠠᠭᠠᠨ ᠡᠳᠦᠷ ᠲᠤ 40 ᠴᠢᠩᠭᠡᠯᠢᠭ ᠢ ᠪᠣᠷᠣᠯᠠᠭᠤᠯᠵᠤ ᠪᠠᠶᠢᠨ᠎ᠠ᠃ ᠬᠢᠵᠢᠭ ᠤᠨ ᠬᠤᠭᠤᠴᠠᠭᠠᠨ ᠳᠤ ᠪᠣᠭᠤᠮᠲᠠ ᠪᠠᠷ ᠥᠩᠭᠡᠷᠡᠬᠦ ᠨᠢ ᠨᠥᠯᠥᠭᠡ ᠪᠣᠯᠬᠤ ᠠᠴᠠ ᠠᠶᠤᠵᠤ ᠪᠠᠶᠢᠭᠰᠠᠨ᠂ ᠭᠡᠪᠡᠴᠦ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠵᠤ ᠥᠩᠭᠡᠷᠡᠭᠦᠯᠬᠦ ᠥᠨᠳᠥᠷ ᠪᠦᠲᠦᠮᠵᠢᠲᠡᠶ ᠬᠤᠷᠳᠤᠴᠠ ᠨᠢ ᠮᠠᠨ ᠤ ᠠᠵᠤ ᠠᠬᠤᠶᠢᠯᠠᠯ ᠤᠨ ᠰᠡᠳᠬᠢᠯ ᠢ ᠠᠮᠤᠷᠵᠢᠭᠤᠯᠪᠠ  ᠃︾ ᠡᠷᠢᠶᠡᠨ ᠬᠤᠲᠠ ᠶᠢᠨ ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠲᠣᠰᠣ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠤᠨ ᠬᠡᠷᠡᠭ ᠮᠡᠳᠡᠭᠴᠢᠳ ᠤᠨ ᠳᠠᠷᠤᠭ᠎ᠠ ᠵᠣᠣ ᠯᠦᠩ ᠬᠡᠯᠡᠪᠡ᠃ ᠬᠡᠷᠬᠢᠨ ᠬᠢᠵᠢᠭ ᠤᠨ ᠪᠠᠶᠢᠳᠠᠯ ᠤᠨ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠬᠦ ᠮᠥᠷᠲᠡᠭᠡᠨ ᠪᠠᠰᠠ ᠪᠣᠭᠤᠮᠲᠠ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠪᠣᠯ ᠮᠠᠰᠢ ᠶᠡᠭᠡ ᠥᠷᠢᠰᠥᠯᠳᠦᠭᠡᠨ ᠪᠣᠯᠤᠨ᠎ᠠ᠃ ᠡᠭᠦᠨ ᠤ ᠲᠤᠯᠠᠳᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢᠭᠡᠨ ᠢᠵᠢ ︽ᠬᠠᠮ ᠨᠢᠳᠤᠷᠭ᠎ᠠ︾ ᠭᠠᠷᠭᠠᠪᠠ᠄ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠳᠤ ︽ᠤᠷᠢᠳᠴᠢᠯᠠᠨ ᠰᠡᠷᠡᠮᠵᠢᠯᠡᠭᠦᠯᠵᠦ ᠰᠢᠭᠰᠢᠨ ᠪᠠᠶᠢᠴᠠᠭᠠᠬᠤ᠂ ᠪᠣᠭᠤᠮᠲᠠ ᠶᠢᠨ ᠪᠠᠶᠢᠴᠠᠭᠠᠯᠲᠠ ᠬᠢᠵᠦ ᠬᠠᠷᠢᠯᠴᠠᠨ ᠮᠡᠳᠡᠷᠡᠬᠦ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠲᠣᠭᠲᠠᠭᠰᠠᠨ ᠭᠠᠵᠠᠷ ᠲᠤ ᠲᠡᠷᠭᠡ ᠰᠣᠯᠢᠵᠤ ᠰᠠᠭᠤᠬᠤ ᠶᠢ  ᠬᠦᠢᠴᠡᠳᠬᠡᠬᠦ ᠶᠢᠨ ᠬᠠᠮᠲᠤ ᠪᠣᠭᠤᠮᠲᠠ ᠶᠢᠨ ᠤᠷᠤᠰᠴᠠ ᠶᠢᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ ᠨᠡᠪᠲᠡᠷᠡᠬᠦ ᠵᠠᠮ ᠪᠠ ᠴᠢᠳᠠᠮᠵᠢᠲᠤ ᠣᠷᠣᠨ ᠤ ᠲᠣᠬᠢᠷᠠᠭᠤᠯᠤᠯᠲᠠ ᠶᠢ ᠴᠠᠭ ᠲᠤᠬᠠᠶ ᠳᠤᠨᠢ ᠲᠣᠬᠢᠷᠠᠭᠤᠯᠵᠤ᠂ ᠬᠢᠯᠢ ᠶᠢᠨ ᠭᠠᠳᠠᠭᠠᠳᠤ ᠳᠤ ᠭᠠᠷᠭᠠᠬᠤ  ᠠᠷᠠᠯᠵᠢᠶ᠎ᠡ ᠶᠢ ᠬᠦᠴᠦᠲᠡᠶ ᠪᠠᠲᠤᠯᠠᠪᠠ᠃
    ︽ᠬᠡᠳᠦᠶ ᠬᠦᠴᠢᠷ ᠪᠡᠷᠬᠡᠰᠢᠶᠡᠯ ᠲᠠᠢ ᠪᠠᠶᠢᠭᠰᠠᠨ ᠴᠤ ᠪᠢᠳᠡ ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃︾ ᠬᠢᠯᠢ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠵᠠᠩ ᠰᠢᠥᠸᠠᠨ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号