ᠮᠣᠩᠭᠤᠯ ᠣᠯᠣᠰ ᠲᠤ ᠬᠦᠷᠴᠦ ᠠᠵᠤ  ᠦᠢᠯᠡᠰ ᠢᠶᠠᠨ ᠰᠡᠷᠭᠦᠭᠡᠵᠦ ᠦᠢᠯᠡᠳᠪᠣᠷᠢᠯᠡᠯ ᠢᠶᠠᠨ ᠰᠡᠷᠭᠦᠭᠡᠬᠦ ᠬᠤᠶᠠᠳᠤᠭᠠᠷ ᠪᠦᠯᠦᠭ ᠤᠨ ᠳᠤᠮᠳᠠᠳᠤ ᠶᠢᠨ ᠲᠠᠯ᠎ᠠ ᠶᠢᠨ ᠬᠥᠮᠦᠰ ᠪᠣᠭᠤᠮᠲᠠ ᠶᠢᠨ ︽ᠰᠠᠭᠠᠳ ᠥᠬᠡᠶ ᠨᠡᠪᠲᠡᠷᠡᠬᠦ ᠵᠠᠮ︾ ᠢᠶᠠᠷ ᠬᠢᠯᠢ ᠳᠤ ᠣᠷᠣᠵᠤ ᠢᠷᠡᠪᠡ
ᠨᠡᠶᠢᠲᠡᠯᠡᠭᠰᠡᠨ ᠴᠠᠭ᠄
2021/1/27
    ᠣᠶᠢᠷ᠎ᠠ ᠳᠤ᠂  ᠮᠣᠩᠭᠤᠯ ᠣᠯᠣᠰ ᠲᠤ ᠬᠦᠷᠴᠦ ᠠᠵᠢᠯ ᠢᠶᠠᠨ ᠰᠡᠷᠭᠦᠭᠡᠵᠦ  ᠦᠢᠯᠡᠳᠪᠣᠷᠢᠯᠡᠯ ᠢᠶᠠᠨ ᠰᠡᠷᠭᠦᠭᠡᠬᠦ ᠬᠤᠶᠠᠳᠤᠭᠠᠷ ᠪᠦᠯᠦᠭ ᠤᠨ ᠳᠤᠮᠳᠠᠳᠤ ᠶᠢᠨ ᠲᠠᠯ᠎ᠠ ᠶᠢᠨ ᠬᠥᠮᠦᠰ ᠤᠨ ᠡᠷᠢᠶᠡᠨ ᠪᠣᠭᠤᠮᠲᠠ ᠶᠢᠨ ︽ᠰᠠᠭᠠᠳ ᠥᠬᠡᠶ ᠨᠡᠪᠲᠡᠷᠡᠬᠦ ᠵᠠᠮ︾ ᠢᠶᠠᠷ ᠤᠷᠤᠭᠰᠢᠲᠠᠶ ᠪᠠᠷ ᠬᠢᠯᠢ ᠳᠤ ᠣᠷᠣᠬᠤ ᠶᠢ ᠪᠠᠲᠤᠯᠠᠬᠤ ᠶᠢᠨ ᠳᠣᠯᠠᠳᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠪᠣᠭᠤᠮᠲᠠ ᠶᠢᠨ ᠨᠢᠭᠡᠳᠦᠭᠡᠷ ᠹᠷᠣᠨᠲ ᠲᠤ ᠣᠯᠠᠨ ᠤᠳᠠᠭ᠎ᠠ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠪᠡᠯᠡᠳᠬᠡᠭᠰᠡᠨ ᠪᠠᠶᠢᠳᠠᠯ ᠢ ᠪᠠᠶᠢᠴᠠᠭᠠᠭᠰᠠᠨ ᠪᠥᠭᠡᠳ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠬᠢᠯᠢ ᠳᠤ ᠣᠷᠣᠬᠤ ᠠᠵᠢᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠠᠶ᠃    1 ᠰᠠᠷ᠎ᠠ ᠶᠢᠨ 25 ᠤ ᠡᠳᠦᠷ᠂  ᠮᠣᠩᠭᠤᠯ ᠣᠯᠣᠰ ᠲᠤ ᠬᠦᠷᠴᠦ ᠠᠵᠢᠯ ᠢᠶᠠᠨ ᠰᠡᠷᠭᠦᠭᠡᠵᠦ  ᠦᠢᠯᠡᠳᠪᠣᠷᠢᠯᠡᠯ ᠢᠶᠠᠨ ᠰᠡᠷᠭᠦᠭᠡᠭᠰᠡᠨ ᠬᠤᠶᠠᠳᠤᠭᠠᠷ ᠪᠦᠯᠦᠭ ᠤᠨ ᠳᠤᠮᠳᠠᠳᠤ ᠶᠢᠨ ᠲᠠᠯ᠎ᠠ ᠶᠢᠨ ᠬᠥᠮᠦᠰ ᠡᠷᠢᠶᠡᠨ ᠪᠣᠭᠤᠮᠲᠠ ᠶᠢᠨ ︽ᠰᠠᠭᠠᠳ ᠥᠬᠡᠶ ᠨᠡᠪᠲᠡᠷᠡᠬᠦ ᠵᠠᠮ︾  ᠢᠶᠠᠷ ᠨᠡᠶᠢᠲᠡ 257 ᠬᠥᠮᠦᠨ ᠬᠢᠯᠢ ᠳᠤ ᠣᠷᠣᠵᠤ ᠢᠷᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠥᠬᠡᠬᠤᠲᠠ ᠶᠢᠨ ᠪᠣᠭᠤᠮᠲᠠ ᠶᠢᠨ ᠳᠡᠳ᠋ ᠳᠠᠷᠤᠭ᠎ᠠ ᠫᠧᠩ ᡁᠢ ᠱᠧᠩ᠂ ᠬᠥᠬᠡᠬᠤᠲᠠ ᠶᠢᠨ ᠪᠣᠭᠤᠮᠲᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠦ ᠶᠠᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠷᠦᠬᠡ᠂ ᠡᠷᠢᠶᠡᠨ ᠪᠣᠭᠤᠮᠲᠠ ᠶᠢᠨ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠳᠠᠷᠤᠭ᠎ᠠ  ᠠᠮᠣᠭᠤᠯᠠᠩ᠂ ᠡᠷᠢᠶᠡᠨ ᠪᠣᠭᠤᠮᠲᠠ ᠶᠢᠨ ᠳᠠᠷᠤᠭ᠎ᠠ ᠵᠠᠩ ᠬᠤᠩ ᠸᠧᠶ᠂ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠳᠡᠳ᠋ ᠡᠷᠬᠢᠯᠡᠭᠴᠢ ᠤᠯᠠᠭᠠᠨᠬᠤᠸᠠ ᠡᠷᠢᠶᠡᠨ ᠬᠤᠲᠠ ᠶᠢᠨ ᠳᠤᠮᠳᠠᠳᠤ ᠮᠣᠩᠭᠤᠯ ᠤᠨ ︽ᠰᠠᠭᠠᠳ ᠦᠭᠡᠶ ᠨᠡᠪᠲᠡᠷᠡᠬᠦ ᠵᠠᠮ︾ ᠤᠨ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠲᠤ ᠬᠢᠯᠢ ᠳᠤ ᠣᠷᠣᠬᠤ ᠤᠴᠢᠷ ᠶᠠᠪᠤᠳᠠᠯ ᠢ ᠲᠣᠬᠢᠷᠠᠭᠤᠯᠤᠨ  ᠵᠢᠯᠦᠭᠤᠳᠪᠠ᠃
  ᠯᠦ ᠪᠦᠦ ᠳ᠋ᠦᠩ ᠵᠢᠯᠣᠭᠤᠳᠬᠤ ᠲᠥᠪ ᠲᠤ ᠲᠤᠬᠠᠢ ᠶᠢᠨ ᠲᠠᠯᠠᠪᠠᠢ ᠳᠤ ᠲᠤᠬᠢᠷᠠᠭᠤᠯᠪᠠ  
 
  ᠯᠢᠦ ᠴᠠᠩ ᠴᠦᠨ ᠲᠤᠬᠠᠶ ᠶᠢᠨ ᠲᠠᠯᠠᠪᠠᠢ ᠶᠢᠨ ᠲᠣᠬᠢᠷᠠᠭᠤᠯᠤᠯᠲᠠ    ᠮᠣᠩᠭᠤᠯ ᠳᠤ ᠬᠦᠷᠴᠦ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠶᠠᠳᠤᠭᠠᠷ ᠪᠦᠯᠦᠭ ᠤᠨ ᠳᠤᠮᠳᠠᠳᠤ ᠶᠢᠨ ᠲᠠᠯ᠎ᠠ ᠶᠢᠨ ᠬᠥᠮᠦᠰ ᠵᠠᠰᠠᠮᠠᠯ ᠵᠠᠮ ᠤᠨ ᠪᠣᠭᠤᠮᠲᠠ ᠪᠠᠷ ᠬᠢᠯᠢ ᠳᠤ ᠣᠷᠣᠵᠤ ᠢᠷᠡᠭᠰᠡᠨ ᠤ ᠳᠠᠷᠠᠭ᠎ᠠ᠂ ᠮᠠᠨ ᠤ ᠬᠤᠲᠠ ᠠᠵᠢᠯᠲᠠᠨ ᠤ ᠪᠡᠶ᠎ᠡ ᠶᠢᠨ ᠭᠠᠷᠤᠯ ᠢ ᠳᠠᠩᠰᠠᠯᠠᠬᠤ᠂ ᠡᠷᠡᠭᠦᠯ ᠮᠡᠨᠳᠦ ᠶᠢ ᠰᠢᠯᠭᠠᠨ ᠪᠠᠶᠢᠴᠠᠭᠠᠬᠤ᠂ ᠮᠡᠳᠡᠭᠡ ᠵᠠᠩᠭᠢ ᠶᠢ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠯᠵᠢᠭᠦᠯᠦᠨ ᠲᠡᠭᠡᠭᠡᠪᠦᠷᠢᠯᠡᠬᠦ᠂ ᠡᠮᠨᠡᠨ ᠵᠠᠰᠠᠬᠤ᠂ ᠲᠤᠰᠠᠭᠠᠷᠯᠠᠬᠤ᠂ ᠦᠯᠡᠳᠡᠭᠡᠨ ᠠᠵᠢᠭᠯᠠᠬᠤ ᠵᠡᠷᠭᠡ ᠡᠯ᠎ᠡ ᠭᠤᠭᠴᠤᠭ᠎ᠠ ᠶᠢ ᠵᠠᠪᠰᠠᠷ ᠥᠬᠡᠶ ᠵᠣᠯᠭᠠᠭᠤᠯᠬᠤ᠂ ᠪᠢᠲᠡᠭᠦᠦ ᠴᠠᠭᠠᠷᠢᠭ ᠢᠶᠠᠷ ᠠᠵᠢᠯᠯᠠᠭᠤᠯᠬᠤ ᠶᠢ ᠪᠡᠶᠡᠯᠡᠭᠦᠯᠵᠦ᠂ ᠬᠢᠯᠢ ᠪᠠᠷ ᠣᠷᠣᠵᠤ ᠢᠷᠡᠭᠰᠡᠳ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ᠂ ᠬᠥᠮᠦᠰ ᠢ ᠴᠠᠭ ᠲᠤᠬᠠᠶ ᠳᠤᠨᠢ ᠬᠠᠮᠢᠶᠠᠷᠤᠨ ᠡᠵᠡᠮᠳᠡᠬᠦ᠂ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠰᠢᠢᠳᠪᠣᠷᠢᠯᠡᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠪᠠ᠃    ᠣᠶᠢᠯᠠᠭᠠᠭᠰᠠᠨ ᠢᠶᠠᠷ᠂ ᠲᠣᠰ ᠪᠦᠯᠦᠭ ᠬᠢᠯᠢ ᠪᠠᠷ ᠣᠷᠣᠵᠤ ᠢᠷᠡᠭᠰᠡᠨ ᠬᠥᠮᠦᠰ ᠮᠠᠨ ᠤ ᠬᠤᠲᠠ ᠶᠢᠨ ᠲᠤᠰᠠᠭᠠᠷᠯᠠᠬᠤ ᠬᠤᠭᠤᠴᠠᠭᠠᠨ ᠳᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ + 1 ᠤᠳᠠᠭᠠᠨ ᠤ ᠴᠢᠰᠤᠨ ᠲᠤᠩᠭᠠᠯᠠᠭ ᠤᠨ ᠡᠰᠡᠷᠭᠦᠴᠡᠭᠴᠢ ᠶᠢᠨ ᠪᠠᠶᠢᠴᠠᠭᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ ᠲᠤᠰᠠᠭᠠᠷᠯᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠰᠠᠭᠤᠭ᠎ᠠ ᠭᠠᠵᠠᠷ ᠲᠠᠭᠠᠨ ᠪᠤᠴᠠᠭᠰᠠᠨ ᠤ ᠳᠠᠷᠠᠭ᠎ᠠ᠂ ᠳᠠᠬᠢᠭᠠᠳ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠶᠣᠰᠣᠭᠠᠷ᠂ 14 ᠡᠳᠦᠷ ᠬᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号