ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ   ᠢ ᠨᠠᠶᠢᠳᠠᠪᠣᠷᠢᠵᠢᠭᠤᠯᠪᠠ
ᠨᠡᠶᠢᠲᠡᠯᠡᠭᠰᠡᠨ ᠴᠠᠭ᠄
2021/1/29
    1 ᠰᠠᠷ᠎ᠠ ᠶᠢᠨ 27 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠠᠬᠢᠨ ᠳᠠᠶᠢᠴᠢᠯᠠᠵᠤ ᠳᠠᠬᠢᠨ ᠪᠠᠶᠢᠷᠢᠯᠠᠭᠤᠯᠵᠤ ᠳᠠᠬᠢᠨ ᠳᠥᠯᠭᠢᠨ ᠠᠬᠢᠭᠤᠯᠪᠠ᠃
    ᠬᠤᠷᠠᠯ ᠠᠴᠠ ᠵᠢᠭᠠᠵᠤ ᠭᠠᠷᠭᠠᠭᠰᠠᠨ ᠨᠢ᠂ ︽ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠮᠠᠨ ᠤ ᠠᠶᠢᠮᠠᠭ ᠲᠤ ᠪᠠᠶᠢᠬᠤ ᠬᠤᠭᠤᠴᠠᠭᠠᠨ ᠳᠤ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠳᠣᠯᠠᠳᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠤᠨ ︽ᠬᠢᠨᠠᠯᠲᠠ ᠲᠠᠯᠪᠢᠬᠤ ᠳᠤ ᠳᠠᠬᠢᠨ ᠬᠢᠨᠠᠯᠲᠠ ᠲᠠᠯᠪᠢᠵᠤ᠂ ᠪᠠᠶᠢᠴᠠᠭᠠᠬᠤ ᠳᠤ ᠳᠠᠬᠢᠨ ᠪᠠᠶᠢᠴᠠᠭᠠᠯᠲᠠ ᠬᠢᠬᠦ︾ ᠠᠵᠢᠯ ᠢ  ᠬᠦᠢᠴᠡᠳᠬᠡᠬᠦ ᠳᠤ ᠪᠣᠳᠠᠲᠠᠶ ᠪᠠᠶᠢᠷᠢᠯᠠᠭᠤᠯᠤᠯᠲᠠ ᠬᠢᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠬᠢᠨᠠᠨ ᠪᠠᠶᠢᠴᠠᠭᠠᠬᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠠᠷᠢᠭᠤᠴᠠᠯᠭ᠎ᠠ ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠦᠢᠴᠡᠳᠬᠡᠵᠦ᠂ ᠴᠢᠩᠭ᠎ᠠ ᠲᠣᠳᠣᠷᠬᠠᠶ ᠰᠠᠬᠢᠯᠭ᠎ᠠ ᠪᠠᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠨᠠᠶᠢᠳᠠᠪᠤᠷᠢᠵᠢᠭᠤᠯᠤᠭᠳᠠᠬᠤ ᠶᠢ ᠳᠥᠯᠭᠢᠨ ᠠᠬᠢᠭᠤᠯᠬᠤ ᠬᠡᠷᠡᠭᠲᠡᠶ᠃
   ᠬᠤᠷᠠᠯ ᠠᠴᠠ᠂ ᠬᠢᠨᠠᠯᠲᠠ ᠲᠠᠯᠪᠢᠬᠤ ᠶᠠᠪᠤᠴᠠ ᠳᠤ᠂ ᠦᠨᠡᠨ ᠠᠴᠠ ᠵᠥᠪ ᠢ ᠡᠷᠢᠬᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠂ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠷᠮᠠᠰᠢᠭᠤᠯᠤᠨ ᠵᠣᠷᠢᠭᠵᠢᠭᠤᠯᠬᠤ ᠳᠤ ᠠᠰᠢᠭᠲᠠᠢ ᠪᠠᠶᠢᠬᠤ ᠡᠰᠡᠬᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠤᠯᠠᠨ ᠤ ᠵᠣᠷᠢᠭ ᠢᠶᠠᠷ ᠬᠦᠴᠦ ᠪᠠᠨ ᠬᠠᠮᠲᠤᠳᠬᠠᠬᠤ ᠰᠡᠷᠭᠡᠶᠢᠯᠡᠨ ᠡᠵᠡᠮᠳᠡᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠡᠰᠡᠬᠦ ᠪᠠᠷ ᠴᠢᠬᠤᠯᠠ ᠪᠠᠷᠢᠮᠵᠢᠶ᠎ᠠ ᠪᠣᠯᠭᠠᠵᠤ᠂ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ  ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠪᠣᠯᠤᠨ ᠮᠠᠨ ᠤ ᠬᠤᠳᠠ ᠶᠢᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ᠂ ᠬᠢᠨᠠᠯᠲᠠ ᠪᠠᠶᠢᠴᠠᠭᠠᠯᠲᠠ ᠶᠢ ᠲᠡᠨᠳᠡ ᠬᠦᠷᠲᠡᠯ᠎ᠡ ᠠᠬᠢᠭᠤᠯᠬᠤ ᠬᠡᠷᠡᠭᠲᠡᠢ᠃
     ᠣᠲᠣ ᠪᠣᠯᠲᠠᠯ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠶᠢᠨ ᠳᠤᠭᠤᠶᠢᠯᠠᠩ ᠤᠨ ᠬᠢᠨᠠᠯᠲᠠ ᠪᠠᠶᠢᠴᠠᠭᠠᠯᠲᠠ ᠶᠢᠨ ᠳᠣᠤᠷ᠎ᠠ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢᠭᠡᠴᠡ ᠠᠴᠠ ᠬᠠᠤᠯᠢ ᠶᠢ ᠵᠥᠷᠢᠴᠡᠨ ᠡᠵᠡᠩᠨᠡᠭᠰᠡᠨ 3 ᠨᠢᠭᠡᠴᠡ ᠶᠢ ᠪᠠᠶᠢᠴᠠᠭᠠᠨ ᠪᠢᠲᠡᠭᠦᠮᠵᠢᠯᠡᠵᠦ᠂ 1 ᠡᠷᠦᠬᠡ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠣᠷᠢᠯᠡᠵᠦ᠂ ᠵᠠᠷᠯᠢᠭᠳᠠᠵᠤ ᠪᠠᠶᠢᠭᠠᠳ ᠴᠡᠭᠴᠡᠯᠡᠨ ᠥᠭᠡᠷᠡᠴᠢᠯᠡᠭᠦᠯᠬᠦ ᠮᠡᠳᠡᠭᠳᠡᠯ ᠤᠨ ᠪᠢᠴᠢᠭ 1 ᠬᠤᠪᠢ ᠪᠠᠭᠤᠯᠭᠠᠵᠤ᠂ ᠲᠤᠬᠠᠶ ᠶᠢᠨ ᠲᠠᠯᠠᠪᠤᠷ ᠲᠤ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠤᠨ ᠪᠢᠴᠢᠭ 1 ᠬᠤᠪᠢ ᠪᠠᠭᠤᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号