ᠪᠦᠬᠦ ᠬᠤᠳᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠡᠬᠢᠯᠡᠪᠡ
ᠨᠡᠶᠢᠲᠡᠯᠡᠭᠰᠡᠨ ᠴᠠᠭ᠄
2021/1/29
       ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ  ᠰᠠᠶᠢᠵᠢᠷᠠᠭᠤᠯᠬᠤ ᠶᠢ  ᠲᠤᠤᠱᠯᠠᠭᠤᠯᠬᠤ ᠶᠢᠨ ᠳᠣᠯᠠᠳᠠ᠂ ᠤᠢᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠲᠤᠷᠠᠨ ᠡᠷᠬᠢᠯᠡᠭᠰᠡᠨ ᠪᠦᠬᠦ ᠬᠤᠲᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠰᠤᠷᠤᠯᠭ᠎ᠠ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ  ᠨᠠᠷᠠᠨᠳᠠᠨ᠎ᠠ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃
               ᠨᠠᠷᠠᠨᠳᠠᠨ᠎ᠠ ᠶᠠᠷᠢᠶ᠎ᠠ ᠲᠠᠯᠪᠢᠵᠠᠢ     ᠨᠠᠷᠠᠨᠳᠠᠨ᠎ᠠ ᠠᠩᠭᠢ ᠡᠬᠢᠯᠡᠬᠦ ᠶᠣᠰᠣᠯᠠᠯ ᠳᠡᠭᠡᠷ᠎ᠡ᠂ ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠵᠠ ᠲᠣᠬᠢᠶᠠᠯ ᠢ ᠨᠠᠨᠳᠢᠩᠨᠠᠵᠤ᠂ ᠰᠣᠷᠣᠭᠰᠠᠨ ᠢᠶᠠᠨ ᠬᠡᠷᠡᠭᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠥᠷᠭᠡᠨ ᠣᠯᠠᠨ ᠺᠠᠳ᠋ᠷ ᠪᠣᠯ ᠪᠦᠬᠦ ᠬᠤᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠲᠤᠯᠭᠠᠭᠤᠷᠢ ᠬᠦᠴᠦᠨ ᠮᠥᠨ᠂ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠨᠢ ᠴᠥᠮ ᠮᠠᠰᠢ ᠬᠦᠨᠳᠦ᠂ ᠤᠯᠠᠨ ᠢᠶᠠᠷ ᠢᠶᠠᠨ ᠡᠨᠡ ᠤᠳᠠᠭ᠎ᠠ ᠶᠢᠨ ᠣᠯᠳᠠᠬᠤᠶ᠎ᠠ ᠪᠡᠷᠬᠡ ᠰᠤᠷᠤᠯᠴᠠᠬᠤ ᠵᠠᠪᠰᠢᠶᠠᠨ ᠢ ᠨᠠᠨᠳᠢᠩᠨᠠᠵᠤ᠂ ᠪᠣᠯᠪᠠᠰᠤᠷᠠᠯ ᠤᠨ ᠲᠤᠬᠢᠷᠠᠭᠤᠯᠭ᠎ᠠ ᠶᠢᠨ ᠶᠣᠰᠣᠭᠠᠷ ᠬᠠᠷᠰᠢ ᠰᠠᠭᠠᠳ ᠢ ᠠᠷᠢᠯᠭᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ᠂ ᠰᠡᠳᠬᠢᠯ ᠠᠮᠤᠷ ᠰᠤᠷᠤᠯᠴᠠᠵᠤ᠂ ᠥᠪᠡᠷ ᠤᠨ ᠤᠨᠤᠯ ᠪᠠ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠰᠢᠨ᠎ᠡ ᠳᠡᠭᠡᠭᠰᠢᠯᠡᠯᠲᠡ ᠲᠠᠢ ᠪᠣᠯᠭᠠᠵᠤ᠂ ᠤᠶᠤᠨ ᠰᠠᠨᠠᠭᠠᠨ ᠤ ᠲᠦᠪᠰᠢᠨ ᠢᠶᠠᠨ ᠰᠢᠨ᠎ᠡ ᠳᠡᠭᠡᠭᠰᠢᠯᠡᠯᠲᠡ ᠲᠠᠢ ᠪᠣᠯᠭᠠᠵᠤ᠂ ᠠᠵᠢᠯ ᠤᠨ ᠴᠢᠳᠠᠪᠤᠷᠢ ᠪᠠᠨ ᠰᠢᠨ᠎ᠡ ᠳᠡᠭᠡᠭᠰᠢᠯᠡᠯᠲᠡ ᠲᠠᠢ ᠪᠣᠯᠭᠠᠵᠤ᠂ ᠰᠣᠷᠣᠭᠰᠠᠨ ᠢᠶᠠᠨ ᠦᠨᠡᠨ ᠬᠦ ᠬᠡᠷᠡᠭᠯᠡᠵᠦ᠂ ᠡᠭᠦᠷᠭᠡᠯᠡᠵᠦ ᠪᠠᠶᠢᠭ᠎ᠠ ᠠᠵᠢᠯ ᠢᠶᠠᠨ ᠰᠢᠨ᠎ᠡ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ᠃
 
   ᠺᠠᠳ᠋ᠷ ᠠᠵᠢᠯᠲᠠᠨ ᠶᠠᠭ ᠰᠦᠯᠵᠢᠶᠡᠨ ᠤ ᠰᠤᠷᠤᠯᠴᠠᠯᠭ᠎ᠠ ᠪᠠᠷ ᠳᠠᠮᠵᠢᠨ ᠰᠤᠷᠤᠯᠴᠠᠵᠤ ᠪᠠᠶᠢᠨ᠎ᠠ      ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠰᠦᠯᠵᠢᠶᠡᠨ ᠳᠡᠭᠡᠷᠡᠬᠢ ᠰᠦᠯᠵᠢᠶᠡᠨ ᠤ ᠬᠢᠴᠢᠶᠡᠯ ᠤᠨ ᠬᠡᠯᠪᠡᠷᠢ ᠪᠠᠷ ᠡᠷᠭᠢᠯᠡᠵᠦ᠂ ᠨᠡᠶᠢᠲᠡ 4 ᠬᠤᠭᠤᠴᠠᠭᠠᠨ ᠤ 900 ᠭᠠᠷᠤᠶ ᠬᠥᠮᠦᠨ ᠣᠷᠣᠯᠴᠠᠵᠠᠶ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠪᠣᠯ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠦᠵᠡᠯ ᠰᠠᠨᠠᠭᠠᠨ ᠤ ᠲᠠᠯ᠎ᠠ ᠪᠠᠷ ᠭᠦᠨᠵᠡᠭᠡᠶ ᠣᠶᠢᠯᠠᠭᠠᠭᠤᠯᠬᠤ ᠶᠢᠨ ᠲᠥᠯᠥᠭᠡ ᠶᠤᠮ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠢ ᠤᠢᠢᠯᠠᠭᠠᠨ ᠪᠠᠲᠤ ᠪᠠᠬᠢ ᠪᠤᠢ ᠪᠣᠯᠭᠠᠵᠤ᠂ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ︔ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ ᠶᠢᠨ ᠲᠤᠬᠠᠶ ᠣᠶᠢᠯᠠᠭᠠᠯᠲᠠ ᠪᠠ ᠡᠵᠡᠮᠳᠡᠯ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠪᠠᠶᠢᠯᠳᠤᠬᠤ ᠪᠤᠳᠤᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠠᠮᠵᠢᠨ ᠰᠠᠶᠢᠲᠤᠷ ᠠᠰᠢᠭᠯᠠᠬᠤ ᠶᠢ ᠤᠷᠮᠠᠰᠢᠭᠤᠯᠤᠨ ᠵᠣᠷᠢᠭᠵᠢᠭᠤᠯᠵᠤ ᠂ ᠪᠦᠬᠦ ᠬᠤᠳᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠶ︔ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠵᠥᠪ ᠣᠨᠣᠪᠴᠢᠲᠠᠶ ᠡᠬᠡ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠤᠬᠡ ᠶᠢᠨ ᠦᠵᠡᠯᠲᠡ ᠶᠢ ᠪᠣᠶ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠲᠤᠬᠠᠶ ᠮᠡᠳᠡᠷᠡᠮᠵᠢ ᠶᠢ ᠨᠡᠮᠡᠭᠳᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号