ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠠᠴᠠ ᠬᠤᠳᠠ ᠶᠢᠨ ᠭᠠᠳᠠᠭᠠᠳᠤ ᠶᠠᠪᠤᠳᠠᠯ ᠤᠨ ᠬᠡᠷᠡᠭ ᠡᠷᠬᠢᠯᠡᠬᠦ ᠭᠠᠵᠠᠷ ᠲᠤ ︽ᠪᠦᠬᠦ ᠤᠯᠤᠰ ᠤᠨ ᠣᠷᠣᠨ ᠨᠤᠲᠤᠭ ᠤᠨ ᠭᠠᠳᠠᠭᠠᠳᠤ ᠶᠠᠪᠤᠳᠠᠯ ᠤᠨ ᠠᠵᠢᠯ ᠤᠨ ᠰᠢᠯᠢᠳᠡᠭ ᠬᠠᠮᠲᠤ︾ ᠶᠢᠨ ᠴᠣᠯᠠ ᠣᠯᠭᠤᠪᠠ
ᠨᠡᠶᠢᠲᠡᠯᠡᠭᠰᠡᠨ ᠴᠠᠭ᠄
2021/1/4
    12 ᠰᠠᠷ᠎ᠠ ᠶᠢᠨ 25 ᠤ ᠡᠳᠦᠷ᠂ ᠭᠠᠳᠠᠭᠠᠳᠤ ᠶᠠᠪᠤᠳᠠᠯ ᠤᠨ ᠶᠠᠮᠤᠨ ᠠᠴᠠ ᠪᠠᠶᠠᠷ ᠤᠨ ᠮᠡᠳᠡᠭᠡ ᠤᠯᠠᠮᠵᠢᠯᠠᠭᠳᠠᠵᠤ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ 2020 ᠣᠨ ᠤ ︽ᠪᠥᠬᠦ ᠤᠯᠤᠰ ᠤᠨ ᠣᠷᠣᠨ ᠨᠤᠲᠤᠭ ᠤᠨ ᠭᠠᠳᠠᠭᠠᠳᠤ ᠶᠠᠪᠤᠳᠠᠯ ᠤᠨ ᠠᠵᠢᠯ ᠤᠨ ᠰᠢᠯᠢᠳᠡᠭ ᠬᠠᠮᠲᠤ︾ ᠪᠠᠷ ᠦᠨᠡᠯᠡᠭᠳᠡᠪᠡ᠃
     2020 ᠣᠨ ᠳᠤ᠂ ᠪᠦᠬᠦ ᠳᠡᠯᠡᠬᠡᠢ ᠶᠢᠨ ︽ᠬᠢᠵᠢᠭ︾ ᠲᠠᠢ ᠲᠡᠮᠡᠴᠡᠭᠰᠡᠨ ᠲᠦᠢᠯ ᠤᠨ ᠶᠡᠷᠦ ᠪᠤᠰᠤ ᠶᠢᠨ ᠨᠢᠭᠡ ᠵᠢᠯ ᠳᠤ᠂ ᠭᠠᠳᠠᠭᠠᠳᠤ ᠶᠠᠪᠤᠳᠠᠯ ᠤᠨ ᠬᠡᠷᠡᠭ ᠡᠷᠬᠢᠯᠡᠬᠦ ᠭᠠᠵᠠᠷ ᠤᠨ ᠪᠦᠬᠦ ᠺᠠᠳ᠋ᠷ ᠠᠵᠢᠯᠳᠠᠨ ᠠᠶᠤᠯ ᠲᠦᠭᠰᠢᠭᠦᠷᠢ ᠶᠢᠨ ᠡᠮᠦᠨ᠎ᠡ ᠴᠡᠭᠡᠵᠢ ᠳᠦᠷᠢᠨ ᠭᠠᠷᠴᠤ᠂ ᠠᠵᠢᠯ ᠤᠨ ᠪᠠᠶᠢᠷᠢ ᠪᠠᠷ ᠳᠠᠶᠢᠨ ᠤ ᠲᠠᠯᠠᠪᠤᠷ ᠢᠶᠠᠨ ᠪᠣᠯᠭᠠᠵᠤ᠂ ᠬᠤᠪᠢ ᠬᠥᠮᠦᠨ ᠤ ᠣᠯᠵᠤ ᠠᠯᠳᠠᠬᠤ ᠶᠢ ᠦᠯᠦ ᠪᠤᠳᠤᠨ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠭᠠᠳᠠᠭᠠᠳᠤ ᠶᠠᠪᠤᠳᠠᠯ ᠤᠨ ᠠᠵᠢᠯᠳᠠᠨ ᠪᠣᠯ ᠬᠠᠮᠤᠭ ᠤᠨ ᠭᠤᠶᠤ ︽ ᠰᠦᠷᠦᠭᠴᠢ︾ ᠪᠣᠯᠬᠤ ᠶᠢ ᠲᠠᠶᠢᠯᠪᠤᠷᠢᠯᠠᠪᠠ᠃ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪ ᠤᠳᠤᠷᠢᠳᠤᠯᠭ᠎ᠠ ᠳᠣᠤᠷ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠢᠢᠳᠪᠣᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠠᠳᠠᠭᠠᠳᠤ ᠳᠤ ᠬᠤᠯᠪᠣᠭᠳᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠷᠦᠭᠦᠯᠡᠨ ᠠᠳᠬᠤᠵᠤ ᠶᠡᠷᠦᠩᠬᠡᠶ ᠳᠤᠨᠢ ᠠᠳᠬᠤᠬᠤ ᠬᠦᠨᠳᠦ ᠡᠭᠦᠷᠭᠡ ᠶᠢ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠤᠰ ᠢᠯᠠᠯᠲᠠ︾ ᠶᠢ ᠲᠡᠮᠡᠴᠡᠨ ᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃    ᠬᠢᠵᠢᠭ ᠤᠨ ᠪᠠᠶᠢᠳᠠᠯ ᠲᠠᠢ ᠲᠡᠮᠡᠴᠡᠬᠦ ᠠᠵᠢᠯ ᠢ ᠥᠷᠨᠢᠭᠦᠯᠦᠭᠰᠡᠨ ᠡᠬᠢᠨ ᠤ ᠬᠤᠭᠤᠴᠠᠭᠠᠨ ᠳᠤ᠂ ᠲᠡᠷᠡ ᠳᠠᠷᠤᠶ ᠳᠤᠨᠢ ᠮᠣᠩᠭᠤᠯ ᠤᠯᠤᠰ ᠲᠠᠢ ᠵᠣᠬᠢᠴᠠᠯᠳᠤᠨ ᠬᠢᠯᠢ ᠶᠢᠨ ᠪᠣᠭᠤᠮᠲᠠ ᠶᠢᠨ ︽ᠠᠶᠠᠨᠴᠢᠳ ᠢ ᠵᠣᠭᠰᠣᠭᠠᠵᠤ ᠪᠠᠷᠠᠭ᠎ᠠ ᠶᠢ ᠨᠡᠪᠲᠡᠷᠡᠭᠦᠯᠬᠦ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠢᠯᠢ ᠪᠠᠷ ᠣᠷᠣᠵᠤ ᠭᠠᠷᠬᠤ ᠪᠠᠷᠠᠭ᠎ᠠ ᠲᠡᠭᠡᠭᠡᠪᠦᠷᠢ ᠶᠢᠨ ᠵᠢᠯᠣᠭᠤᠴᠢ᠂ ᠲᠡᠮᠦᠷ ᠵᠠᠮ ᠤᠨ ᠲᠤᠰᠢᠶᠠᠬᠤ ᠪᠠ ᠭᠥᠯᠢᠶᠡᠨ ᠠᠪᠤᠭᠴᠢ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ᠂ ᠵᠠᠮ ᠤᠨ ᠡᠭᠦᠳᠡ ᠬᠤᠲᠠ ᠶᠢᠨ ᠵᠠᠰᠠᠭ ᠤᠨ ᠣᠷᠳᠣᠨ ᠲᠠᠢ ᠨᠢᠭᠲᠠ ᠨᠡᠪᠲᠡᠷᠡᠯᠴᠡᠨ ᠵᠣᠯᠭᠠᠭᠤᠯᠵᠤ᠂ ᠠᠮᠤᠷ ᠲᠦᠪᠰᠢᠨ ᠪᠥᠭᠡᠳ ᠪᠦᠲᠦᠮᠵᠢᠲᠡᠶ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠪᠠ᠃ ᠮᠠᠨ ᠤ ᠬᠤᠲᠠ ᠶᠢᠨ ᠬᠢᠯᠢ ᠳᠣᠲᠣᠷ᠎ᠠ ᠪᠠᠶᠢᠭ᠎ᠠ ᠭᠠᠳᠠᠭᠠᠳᠤ ᠶᠢᠨ ᠬᠥᠮᠦᠰ ᠤᠨ ᠪᠠᠶᠢᠳᠠᠯ ᠢ ᠣᠨᠣᠪᠴᠢᠲᠠᠶ ᠡᠵᠡᠮᠰᠢᠵᠦ᠂ ᠮᠠᠨ ᠤ ᠬᠤᠲᠠ ᠳᠤ ᠪᠠᠶᠢᠩᠭᠤ ᠰᠠᠭᠤᠭ᠎ᠠ ᠭᠠᠳᠠᠭᠠᠳᠤ ᠶᠢᠨ ᠬᠥᠮᠦᠰ ᠢ ᠲᠣᠬᠢᠲᠠᠶ ᠲᠥᠪᠬᠢᠨᠡᠭᠦᠯᠦᠨ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠲᠤ ᠣᠷᠣᠭᠤᠯᠤᠨ᠎ᠠ᠃ ᠬᠢᠵᠢᠭ ᠢ ᠰᠡᠷᠭᠡᠶᠢᠯᠡᠬᠦ ᠡᠳ᠋ ᠪᠣᠳᠠᠰ ᠳᠤᠲᠠᠭᠳᠠᠵᠤ ᠪᠠᠶᠢᠭ᠎ᠠ ᠪᠠᠶᠢᠳᠠᠯ ᠳᠣᠤᠷ᠎ᠠ᠂ ᠬᠢᠯᠢ ᠠᠴᠠ ᠭᠠᠷᠴᠤ ᠤᠯᠤᠰ ᠲᠠᠭᠠᠨ ᠪᠤᠴᠠᠵᠤ ᠢᠷᠡᠭᠰᠡᠨ ᠶᠡᠭᠡ ᠬᠡᠮᠵᠢᠶᠡᠨ ᠤ ᠮᠣᠩᠭᠤᠯ ᠤᠯᠤᠰ ᠤᠨ ᠠᠷᠠᠳ ᠢᠷᠭᠡᠳ ᠤᠨ ᠡᠮᠦᠨ᠎ᠡ᠂ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠠᠵᠢᠯᠲᠠᠳ ᠬᠤᠪᠢ ᠬᠥᠮᠦᠨ ᠤ ᠠᠮᠤᠷ ᠲᠦᠪᠰᠢᠨ ᠢ ᠬᠠᠶᠢᠬᠤᠷᠤᠯ ᠥᠬᠡᠶ ᠪᠠᠷ ᠪᠣᠭᠤᠮᠲᠠ ᠶᠢᠨ ᠡᠮᠦᠨ᠎ᠡ ᠹᠷᠣᠨᠲ ᠲᠤ ᠶᠡᠭᠡ ᠬᠡᠮᠵᠢᠶᠡᠨ ᠤ ᠦᠶ᠋ᠯᠡᠴᠢᠯᠡᠭᠡ ᠪᠠᠲᠤᠯᠠᠭ᠎ᠠ ᠶᠢᠨ ᠠᠵᠢᠯ ᠬᠢᠪᠠ᠃ ᠮᠠᠨ ᠤ ᠤᠯᠤᠰ ᠤᠨ ᠮᠣᠩᠭᠤᠯ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠵᠢᠯᠣᠭᠤᠳᠣᠯᠭ᠎ᠠ ᠳᠣᠤᠷ᠎ᠠ᠂  ᠮᠣᠩᠭᠤᠯ ᠤᠯᠤᠰ ᠲᠤ ᠬᠤᠴᠣᠷᠤᠭᠰᠠᠨ ᠳᠤᠮᠳᠠᠳᠤ ᠤᠯᠤᠰ ᠤᠨ 10 ᠭᠠᠷᠤᠶ ᠠᠷᠠᠳ ᠢᠷᠭᠡᠨ ᠢ ᠲᠣᠰᠴᠤ ᠠᠪᠴᠢᠷᠠᠪᠠ᠃ ᠮᠣᠩᠭᠤᠯ ᠤᠯᠤᠰ ᠠᠴᠠ ᠡᠷᠢᠶᠡᠨ ᠬᠤᠲᠠ ᠳᠤ ᠰᠠᠭᠤᠭ᠎ᠠ ᠺᠤᠨᠰᠦ᠋ᠯ ᠤᠨ ᠭᠠᠵᠠᠷ ᠢ ᠬᠠᠪᠰᠤᠷᠴᠤ᠂ ᠮᠣᠩᠭᠤᠯ ᠤᠯᠤᠰ ᠠᠴᠠ 6000 ᠭᠠᠷᠤᠶ ᠠᠷᠠᠳ ᠢᠷᠭᠡᠨ ᠢ ᠡᠷᠢᠶᠡᠨ ᠪᠣᠭᠤᠮᠲᠠ ᠪᠠᠷ ᠲᠥᠪᠯᠡᠷᠡᠭᠦᠯᠦᠨ ᠵᠥᠭᠡᠭᠡᠪᠦᠷᠢᠯᠡᠵᠦ ᠬᠢᠯᠢ ᠠᠴᠠ ᠭᠠᠷᠭᠠᠨ ᠤᠯᠤᠰ ᠲᠤᠨᠢ ᠪᠤᠴᠠᠭᠠᠪᠠ᠃ ᠡᠨᠡ ᠬᠤᠭᠤᠴᠠᠭᠠᠨ ᠳᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠡᠷᠡᠴᠢ ᠦᠨᠡᠮᠯᠡᠯ ᠢᠶᠠᠨ ᠭᠡᠭᠡᠭᠰᠡᠨ᠂ ᠢᠳᠡᠵᠦ ᠰᠠᠭᠤᠬᠤ ᠵᠢᠴᠢ ᠤᠯᠤᠰ ᠲᠠᠭᠠᠨ ᠪᠤᠴᠠᠬᠤ ᠵᠠᠷᠤᠳᠠᠯ ᠢ ᠡᠭᠦᠷᠭᠡᠯᠡᠵᠦ ᠳᠡᠶᠢᠯᠬᠦ ᠥᠬᠡᠶ ᠮᠣᠩᠭᠤᠯ ᠤᠯᠤᠰ ᠤᠨ 40 ᠭᠠᠷᠤᠶ ᠠᠷᠠᠳ ᠢᠷᠭᠡᠨ ᠳᠤ ᠬᠥᠮᠦᠯᠢᠭ ᠦᠵᠡᠯ ᠤᠨ ᠲᠤᠰᠠᠯᠠᠮᠵᠢ ᠬᠠᠩᠭᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠳᠠᠭᠠᠳᠤ ᠳᠤ ᠬᠤᠯᠪᠣᠭᠳᠠᠬᠤ 24 ᠴᠠᠭ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠣᠯᠠᠨ ᠵᠦᠢᠯ ᠤᠨ ᠬᠡᠯᠡᠨ ᠤ  ᠦᠢᠯᠡᠴᠢᠯᠡᠭᠡᠨ ᠤ ᠳᠡᠮᠵᠢᠯᠭᠡ ᠬᠠᠩᠭᠠᠵᠤ᠂ ᠬᠡᠷᠡᠭᠴᠡᠭᠡ ᠱᠠᠭᠠᠷᠳᠠᠯᠭ᠎ᠠ ᠲᠠᠢ ᠳᠤᠮᠳᠠᠳᠤ ᠭᠠᠳᠠᠭᠠᠳᠤ ᠶᠢᠨ ᠬᠥᠮᠦᠰ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠨ᠎ᠠ᠃
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠠᠵᠢᠯᠯᠠᠭᠠᠨ ᠤ ᠪᠣᠭᠤᠮᠲᠠ ᠶᠢᠨ ︽ᠰᠠᠭᠠᠳ ᠥᠬᠡᠶ ᠨᠡᠪᠲᠡᠷᠡᠬᠦ ᠵᠠᠮ︾ ᠢ ᠥᠨᠳᠥᠷ ᠪᠦᠲᠦᠮᠵᠢᠲᠡᠶ ᠪᠠᠷ ᠡᠬᠢᠯᠡᠭᠦᠯᠵᠦ᠂ ᠤᠷᠢᠳ ᠬᠤᠵᠢᠳ ᠮᠣᠩᠭᠤᠯ ᠤᠯᠤᠰ ᠲᠤ ᠬᠦᠷᠴᠦ ᠠᠵᠢᠯ ᠢᠶᠠᠨ ᠰᠡᠷᠭᠦᠭᠡᠵᠦ ᠦᠢᠯᠡᠳᠪᠣᠷᠢᠯᠡᠯ ᠢᠶᠠᠨ ᠰᠡᠷᠭᠦᠭᠡᠬᠦ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠤᠨ 2000 ᠭᠠᠷᠤᠶ ᠬᠥᠮᠦᠨ ᠢ ᠬᠠᠪᠰᠤᠷᠤᠨ᠂ ᠳᠤᠮᠳᠠᠳᠤ ᠮᠣᠩᠭᠤᠯ ᠬᠤᠶᠠᠷ ᠤᠯᠤᠰ ᠵᠢᠴᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠢᠯᠢ ᠪᠠᠷ ᠣᠷᠣᠵᠤ ᠭᠠᠷᠤᠭᠰᠠᠨ ᠭᠠᠳᠠᠭᠠᠳᠤ ᠬᠠᠷᠢᠯᠴᠠᠭᠠᠨ ᠤ ᠠᠵᠢᠯᠲᠠᠨ ᠳᠤ ᠦᠢᠯᠡᠴᠢᠯᠡᠵᠦ᠂ ᠡᠪᠡᠳᠴᠢᠲᠡᠨ ᠢ ᠲᠦᠷᠭᠡᠨ ᠠᠪᠤᠷᠠᠵᠤ᠂ 200 ᠰᠢᠬᠠᠮ ᠬᠥᠮᠦᠨ ᠤᠳᠠᠭ᠎ᠠ ᠪᠤᠴᠠᠭᠠᠨ ᠶᠠᠪᠤᠭᠤᠯᠵᠠᠶ᠃ ᠬᠤᠶᠠᠷ ᠲᠠᠯ᠎ᠠ ᠶᠢᠨ ᠬᠠᠨᠳᠢᠪᠯᠠᠭᠰᠠᠨ ᠡᠳ᠋ ᠪᠣᠳᠠᠰ ᠢ ᠪᠣᠭᠤᠮᠲᠠ ᠪᠠᠷ ᠥᠩᠭᠡᠷᠡᠭᠦᠯᠬᠦ ᠶᠢ ᠵᠣᠬᠢᠴᠠᠭᠤᠯᠤᠨ ᠳᠡᠮᠵᠢᠵᠦ᠂ ᠮᠣᠩᠭᠤᠯ ᠤᠯᠤᠰ ᠤᠨ ᠳᠤᠮᠳᠠᠳᠤ ᠤᠯᠤᠰ ᠤᠨ 3 ᠲᠦᠮᠡᠨ ᠬᠤᠨᠢ ᠶᠢ ᠪᠣᠭᠤᠮᠲᠠ ᠳᠤ ᠣᠷᠣᠭᠤᠯᠵᠤ ᠲᠤᠰᠢᠶᠠᠬᠤ ᠪᠠ ᠭᠥᠯᠢᠶᠡᠨ ᠠᠪᠬᠤ ᠠᠵᠢᠯ ᠪᠣᠯᠤᠨ ᠭᠠᠳᠠᠭᠠᠳᠤ ᠶᠠᠪᠤᠳᠠᠯ ᠤᠨ ᠶᠠᠮᠤᠨ᠂ ᠬᠤᠪᠸᠢ ᠮᠤᠵᠢ᠂ ᠤᠯᠠᠭᠠᠨᠴᠠᠪ ᠬᠤᠲᠠ ᠵᠡᠷᠭᠡ ᠭᠠᠵᠠᠷ ᠣᠷᠣᠨ ᠪᠣᠯᠤᠨ ᠮᠠᠨ ᠤ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠠᠭᠰᠠᠨ ᠮᠣᠩᠭᠤᠯ ᠤᠯᠤᠰ ᠤᠨ ᠬᠢᠵᠢᠭ ᠲᠠᠢ ᠲᠡᠮᠡᠴᠡᠬᠦ ᠡᠳ᠋ ᠪᠣᠳᠠᠰ ᠢ ᠪᠣᠭᠤᠮᠲᠠ ᠪᠠᠷ ᠥᠩᠭᠡᠷᠡᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃
       ᠮᠣᠩᠭᠤᠯ ᠤᠯᠤᠰ ᠲᠤ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠬᠤᠲᠠ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠬᠢᠯᠢ ᠶᠢᠨ ᠱᠤᠭᠤᠮ ᠤᠨ ︽0︾ ᠺᠢᠯᠣᠮᠧᠲᠷ ᠤᠨ ᠭᠠᠵᠠᠷ ᠲᠤ ᠰᠢᠯᠵᠢᠭᠦᠯᠵᠦ᠂ ᠬᠢᠯᠢ ᠳᠤ ᠣᠷᠣᠵᠤ ᠢᠷᠡᠭᠰᠡᠨ ᠮᠣᠩᠭᠤᠯ ᠬᠠᠷᠢᠶᠠᠲᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠬᠢᠯᠢ ᠶᠢᠨ ︽0︾ ᠺᠢᠯᠣᠮᠧᠲᠷ ᠤᠨ ᠭᠠᠵᠠᠷ ᠲᠤ ᠲᠡᠷᠭᠡ ᠰᠣᠯᠢᠨ ᠲᠤᠰᠴᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠬᠢᠯᠢ ᠳᠤ ᠣᠷᠣᠵᠤ ᠢᠷᠡᠭᠰᠡᠨ ᠵᠢᠯᠣᠭᠤᠴᠢ ᠪᠠᠷ ᠳᠡᠮᠵᠢᠨ ᠬᠠᠯᠳᠠᠪᠤᠷᠢᠯᠠᠬᠤ ᠠᠶᠤᠯ ᠢ ᠪᠠᠭᠠᠰᠬᠠᠵᠠᠶ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠢ ᠬᠠᠮᠵᠢᠨ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠪᠣᠯᠤᠨ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠡᠷᠢᠶᠡᠨ ᠬᠤᠲᠠ ᠳᠤ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠭᠤᠯᠵᠤ᠂ ᠬᠤᠲᠠ ᠶᠢᠨ ᠭᠤᠤᠯ ᠤᠳᠤᠷᠢᠳᠤᠯᠭ᠎ᠠ ᠳᠤ ᠵᠣᠬᠢᠴᠠᠭᠤᠯᠤᠨ ᠦᠶ᠋ᠯᠡᠴᠢᠯᠡᠵᠦ ᠮᠣᠩᠭᠤᠯ ᠤᠯᠤᠰ ᠤᠨ ᠬᠠᠮᠢᠶ᠎ᠠ ᠪᠥᠬᠦᠶ ᠵᠥᠪᠯᠡᠯᠭᠡᠨ ᠤ ᠭᠡᠰᠢᠭᠦᠨ᠂  ᠳᠣᠷᠣᠨᠠᠭᠤᠪᠢ ᠠᠶᠢᠮᠠᠭ ᠤᠨ ᠳᠠᠷᠤᠭ᠎ᠠ ᠲᠠᠢ ᠬᠠᠷᠠᠭᠠᠨ ᠳᠠᠪᠲᠠᠮᠵᠢ ᠪᠠᠷ ᠬᠤᠯᠪᠣᠭ᠎ᠠ ᠠᠪᠴᠤ᠂ ᠬᠤᠶᠠᠷ ᠲᠠᠯ᠎ᠠ ᠶᠢᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ᠂ ᠬᠠᠨᠳᠢᠪᠯᠠᠨ ᠬᠦᠷᠭᠡᠬᠦ ᠡᠳ᠋ ᠪᠣᠳᠠᠰ ᠤᠨ ᠪᠣᠭᠤᠮᠲᠠ ᠥᠩᠭᠡᠷᠡᠬᠦ ᠶᠢ ᠰᠢᠯᠢᠳᠡᠭᠵᠢᠭᠦᠯᠬᠦ᠂ ᠠᠷᠠᠯᠵᠢᠶᠠᠨ ᠤ ᠶᠠᠪᠤᠯᠴᠠᠭ᠎ᠠ ᠶᠢ ᠪᠦᠲᠦᠮᠵᠢᠲᠡᠶ ᠠᠬᠢᠭᠤᠯᠬᠤ ᠳᠤ ᠬᠦᠴᠦᠨ ᠨᠡᠮᠡᠷᠢᠯᠡᠵᠦ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠰᠥᠷᠭᠡᠦ ᠨᠡᠮᠡᠭᠳᠡᠯ ᠢ ᠪᠡᠶᠡᠯᠡᠭᠦᠯᠵᠦ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠵᠣᠪᠠᠭᠤᠷᠢ ᠵᠦᠳᠡᠭᠦᠷᠢ ᠪᠠᠨ ᠬᠠᠮᠲᠤᠳᠬᠠᠬᠤ ᠡᠷᠡᠰ ᠵᠣᠷᠢᠭ ᠢ ᠬᠥᠪᠴᠢᠯᠡᠪᠡ᠃
    ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠪᠥᠬᠦ ᠺᠠᠳ᠋ᠷ ᠠᠵᠢᠯᠲᠠᠨ ᠢᠮᠠᠭᠲᠠ ᠬᠢᠨᠠᠭᠤᠷ ᠪᠣᠯᠭᠤᠮᠵᠢᠲᠠᠶ ᠪᠠᠶᠢᠵᠤ᠂ ᠡᠨᠡ ᠦᠶ᠎ᠡ ᠳᠤ ᠮᠥᠨ ᠬᠦ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ᠂ ᠳᠣᠲᠣᠭᠠᠳᠤ ᠭᠠᠳᠠᠭᠠᠳᠤ ᠲᠠᠢ ᠨᠡᠪᠲᠡᠷᠡᠯᠴᠡᠨ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠵᠣᠬᠢᠴᠠᠭᠤᠯᠤᠨ  ᠦᠢᠯᠡᠴᠢᠯᠡᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠭᠠᠳᠠᠭᠠᠳᠤ ᠶᠠᠪᠤᠳᠠᠯ ᠤᠨ ᠠᠵᠢᠯᠲᠠᠨ ᠤ ᠴᠤᠭ ᠵᠢᠪᠬᠤᠭ᠎ᠠ ᠶᠢ ᠪᠢᠴᠢᠭᠯᠡᠵᠦ ᠪᠠᠶᠢᠨ᠎ᠠ᠃       ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠳᠡᠭᠡᠳᠦ ᠱᠠᠲᠤᠨ ᠤ ᠬᠦᠢᠴᠡᠳ ᠵᠥᠪᠰᠢᠶᠡᠷᠡᠯ ᠢ ᠪᠠᠲᠤ ᠴᠡᠭᠡᠵᠢᠯᠡᠵᠦ᠂ ᠪᠦᠬᠦᠯᠢ ᠴᠣᠭᠴᠠ ᠪᠠᠷ ᠢᠶᠠᠨ ᠳᠠᠬᠢᠨ ᠮᠣᠷᠳᠠᠵᠤ᠂ ᠡᠷᠢᠶᠡᠨ ᠤ ᠭᠠᠳᠠᠭᠠᠳᠤ ᠶᠠᠪᠤᠳᠠᠯ ᠤᠨ ᠨᠠᠩ ᠰᠠᠶᠢᠨ ᠢᠷᠡᠭᠡᠳᠦᠶ ᠶᠢ ᠪᠢᠴᠢᠭᠯᠡᠨ᠎ᠡ᠃ ᠶᠡᠭᠡ ᠲᠠᠯ᠎ᠠ ᠶᠢᠨ ᠤᠬᠠᠮᠰᠠᠷ ᠢ ᠦᠷᠭᠦᠯᠵᠢᠯᠡᠨ ᠪᠠᠲᠤ ᠪᠤᠢ ᠪᠣᠯᠭᠠᠵᠤ᠂ ᠬᠠᠮᠵᠢᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠬᠢᠵᠦ ᠵᠣᠷᠢᠭᠲᠠᠢ ᠲᠤᠷᠰᠢᠬᠤ ᠲᠡᠮᠡᠴᠡᠯ ᠤᠨ ᠵᠣᠷᠢᠭ᠂ ᠴᠢᠳᠠᠮᠠᠭᠠᠢ ᠪᠠᠷ ᠬᠢᠵᠦ ᠰᠠᠶᠢᠲᠤᠷ ᠪᠦᠲᠦᠭᠡᠬᠦ ᠴᠢᠩᠭ᠎ᠠ ᠪᠣᠳᠠᠲᠠᠢ ᠰᠤᠷᠲᠠᠯ ᠢᠶᠠᠷ ᠭᠠᠳᠠᠭᠠᠳᠤ ᠶᠠᠪᠤᠳᠠᠯ ᠤᠨ ᠡᠬᠢ ᠪᠠᠶᠠᠯᠢᠭ ᠢ ᠬᠥᠭᠵᠢᠯᠲᠡ ᠶᠢᠨ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠭᠠᠳᠠᠭᠠᠳᠤ ᠶᠠᠪᠤᠳᠠᠯ ᠤᠨ ᠠᠵᠢᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠬᠤᠣᠰ ᠢᠯᠠᠯᠲᠠ︾ ᠶᠢ ᠴᠢᠨᠠᠷ ᠰᠠᠶᠢᠲᠠᠢ ᠪᠠᠷ ᠲᠤᠰᠠᠯᠠᠬᠤ ᠬᠡᠷᠡᠭᠲᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号