ᠰᠢᠨ᠎ᠡ ᠵᠢᠯ ᠳᠤ ᠵᠠᠭᠤ ᠭᠠᠷᠤᠶ ᠵᠡᠭᠡᠷ᠎ᠡ ᠬᠢᠯᠢ  ᠪᠠᠷ ᠳᠠᠮᠵᠢᠨ ᠣᠷᠣᠵᠦ ᠢᠷᠡᠪᠡ
ᠨᠡᠶᠢᠲᠡᠯᠡᠭᠰᠡᠨ ᠴᠠᠭ᠄
2021/1/6
     1 ᠰᠠᠷ᠎ᠠ ᠶᠢᠨ 1 ᠤ ᠡᠳᠦᠷ᠂ ᠵᠠᠭᠤ ᠭᠠᠷᠤᠶ ᠬᠡᠭᠡᠷ᠎ᠡ ᠶᠢᠨ ᠵᠡᠭᠡᠷ᠎ᠡ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠢᠶᠠᠷ ᠥᠩᠭᠡᠷᠡᠵᠦ᠂ ᠮᠠᠨ ᠤ ᠬᠤᠲᠠ ᠶᠢᠨ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠳᠤ ᠢᠳᠡᠰᠢ  ᠡᠷᠢᠨ ᠪᠡᠯᠴᠢᠨ᠎ᠡ᠃
         ᠤᠯᠤᠰ ᠤᠨ ᠡᠬᠦᠳᠠ ᠦᠵᠡᠮᠵᠢ ᠶᠢᠨ ᠣᠷᠣᠨ ᠳᠠᠬᠢ ᠬᠡᠬᠡᠷ᠎ᠡ ᠶᠢᠨ ᠵᠡᠭᠡᠷ᠎ᠡ
    ᠬᠡᠭᠡᠷ᠎ᠡ ᠶᠢᠨ ᠵᠡᠭᠡᠷ᠎ᠡ ᠶᠢᠨ ᠰᠦᠷᠦᠭ ᠳᠤᠮᠳᠠᠳᠤ ᠮᠣᠩᠭᠤᠯ ᠤᠨ ᠬᠢᠯᠢ ᠶᠢᠨ ᠨᠢᠭᠡᠳᠦᠭᠡᠷ ᠹᠷᠣᠨᠲ ᠲᠤ ᠢᠳᠡᠰᠢ ᠬᠠᠶᠢᠵᠤ ᠪᠣᠶ       ᠣᠶᠢᠷ᠎ᠠ ᠶᠢᠨ ᠵᠢᠯ ᠳᠤ᠂ ᠡᠷᠢᠶᠡᠨ ᠬᠤᠲᠠ ᠶᠢᠨ ᠡᠷᠬᠢᠨ ᠲᠣᠭᠤᠷᠢᠨ ᠤ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠬᠢᠯᠢ ᠶᠢᠨ ᠡᠯ᠎ᠡ ᠰᠠᠯᠠᠭ᠎ᠠ ᠮᠥᠴᠢᠷ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠴᠢᠩᠭᠠᠷᠠᠵᠤ᠂ ᠬᠠᠤᠯᠢ ᠪᠤᠰᠤ ᠪᠠᠷ ᠠᠩ ᠠᠩᠨᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠮᠠᠨ ᠤ ᠬᠤᠲᠠ ᠶᠢᠨ ᠬᠡᠭᠡᠷ᠎ᠡ ᠶᠢᠨ ᠠᠮᠢᠲᠠᠨ ᠤ  ᠲᠦᠷᠦᠯ ‍ᠤᠨ‌‍ᠰᠦ᠋ᠷᠦᠭ ᠤᠨ ᠲᠤᠭ᠎ᠠ ᠬᠡᠮᠵᠢᠶ᠎ᠡ ᠠᠭᠠᠵᠢᠮ ᠢᠶᠠᠷ ᠰᠡᠷᠭᠦᠯᠲᠡ ᠶᠢᠨ ᠴᠢᠨᠠᠷᠲᠠᠶ ᠪᠠᠷ ᠨᠡᠮᠡᠭᠳᠡᠪᠡ᠃ ᠵᠡᠭᠡᠷ᠎ᠡ᠂ ᠬᠤᠯᠠᠨ᠂ ᠤᠭᠠᠯᠵᠠ ᠵᠡᠷᠭᠡ ᠬᠤᠪᠣᠷ ᠴᠤᠬᠠᠭ ᠬᠡᠭᠡᠷ᠎ᠡ ᠶᠢᠨ ᠠᠮᠢᠲᠠᠨ ᠠᠷᠠᠳ ᠣᠯᠠᠨ ᠤ ᠬᠠᠷᠠᠭᠠᠨ ᠳᠤ ᠳᠠᠬᠢᠨ ᠣᠷᠣᠪᠠ᠃       ᠬᠢᠯᠢ ᠬᠢᠵᠠᠭᠠᠷ ᠣᠷᠣᠨ ᠤ ᠬᠡᠷᠡᠰᠬᠡ ᠨᠡᠯᠢᠶᠡᠳ ᠣᠯᠠᠨ᠂ ᠤᠯᠤᠰ ᠤᠨ ᠡᠭᠦᠳᠡᠨ ᠳᠣᠤᠷᠠᠬᠢ ᠭᠠᠯᠲᠤ ᠲᠡᠷᠭᠡ ᠪᠣᠭᠤᠮᠲᠠ ᠪᠠᠷ ᠥᠩᠭᠡᠷᠡᠬᠦ ᠨᠢ ᠨᠡᠯᠢᠶᠡᠳ ᠣᠯᠠᠨ ᠪᠠᠶᠢᠵᠤ᠂ ᠡᠲᠡᠭᠡᠷ ᠪᠦᠯᠦᠭ ᠵᠡᠭᠡᠷ᠎ᠡ ᠶᠢ ᠰᠠᠶᠢᠲᠤᠷ ᠬᠠᠮᠠᠭᠠᠯᠠᠵᠤ᠂ ᠭᠠᠷᠴᠤ ᠮᠡᠳᠡᠬᠦ ᠬᠠᠤᠯᠢ ᠪᠤᠰᠤ ᠠᠩ ᠠᠩᠨᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠠᠴᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠬᠥᠮᠦᠰ ᠴᠠᠭᠳᠠᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠲᠡᠭᠡᠷ ᠪᠦᠯᠦᠭ ᠵᠡᠭᠡᠷ᠎ᠡ ᠶᠢᠨ ᠰᠦᠷᠦᠭ ᠤᠨ ᠬᠥᠳᠡᠯᠦᠯ ᠪᠠᠶᠢᠳᠠᠯ ᠢ ᠨᠢᠭᠲᠠ ᠠᠩᠬᠠᠷᠬᠤ ᠶᠢᠨ ᠬᠠᠮᠲᠤ ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠶᠢᠨ ᠴᠠᠭᠳᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠵᠡᠭᠡᠷ᠎ᠡ ᠶᠢᠨ ᠮᠠᠨ ᠤ ᠤᠯᠤᠰ ᠤᠨ ᠬᠢᠯᠢ ᠳᠣᠲᠣᠷᠠᠬᠢ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号