| | 1 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠯᠢᠦ ᡁᠢ ᠫᠢᠩ ᠬᠡᠷᠡᠯᠳᠦᠠᠣᠳᠦ ᠰᠣᠮᠣᠨ ᠳᠤ ᠭᠠᠴᠠᠭᠠᠨ ᠤ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠣᠳᠣᠬᠠᠨ ᠤ ᠠᠵᠢᠯ ᠳᠤ ᠣᠷᠣᠰᠢᠵᠤ | ᠪᠠᠶᠢᠭ᠎ᠠ ᠠᠰᠠᠭᠤᠳᠠᠯ ᠢ ᠵᠠᠳᠠᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ | ᠡᠭᠦᠷᠭᠡ ᠶᠢᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠭᠤᠯᠠ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷᠠᠨᠲᠠᠨ᠎ᠠ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ ᠵᠢᠶᠦ᠋ᠨ᠂ ᠬᠤᠲᠠ ᠶᠢᠨ ᠳᠡᠳ᠋ ᠳᠠᠷᠤᠭ᠎ᠠ ᠴᠣᠭᠵᠢᠯ | ᠶᠠᠷᠢᠯᠴᠠᠬᠤ ᠬᠤᠷᠠᠯ ᠳᠤ ᠣᠷᠣᠯᠴᠠᠪᠠ᠃ | | | | | ᠶᠠᠷᠢᠯᠴᠠᠬᠤ ᠬᠤᠷᠠᠯ ᠳᠡᠭᠡᠷ᠎ᠡ᠂ ᠠᠭᠤᠯᠠ᠂ ᠶᠠᠩ ᠶᠢᠨ ᠷᠦᠢ᠂ ᠨᠠᠷᠠᠨᠲᠠᠨ᠎ᠠ᠂ ᠭᠧᠩ ᡁᠢ ᠵᠢᠶᠦ᠋ᠨ᠂ | ᠴᠣᠭᠵᠢᠯ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠲᠣᠰ ᠲᠣᠰ ᠳᠠᠷᠠᠭᠠᠯᠠᠨ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠳᠤ | ᠣᠷᠣᠯᠴᠠᠭᠰᠠᠳ ᠥᠪᠡᠷ ᠥᠪᠡᠷ ᠤᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠡᠭᠦᠷᠭᠡ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ | ᠲᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠲᠤᠬᠠᠢ ᠶᠠᠷᠢᠯᠴᠠᠨ ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠳᠤᠷᠠᠳᠪᠠ᠃ | ᠯᠢᠦ ᡁᠢ ᠫᠢᠩ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠰᠤᠮᠤ | ᠵᠠᠪᠠᠯ ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠴᠢᠨᠠᠷ ᠢ ᠬᠦᠢᠴᠡᠳ | ᠲᠠᠨᠢᠵᠤ᠂ ᠬᠤᠭᠤᠴᠠᠭ᠎ᠠ ᠰᠣᠯᠢᠬᠤ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠤᠭᠤᠴᠠᠭ᠎ᠠ ᠰᠣᠯᠢᠬᠤ | ᠡᠯ᠎ᠡ ᠵᠦᠢᠯ ᠤᠨ ᠴᠤᠪᠤᠷᠠᠯ ᠤᠨ ᠵᠠᠷᠴᠢᠮ ᠢ ᠪᠠᠲᠤ ᠪᠠᠷᠢᠮᠲᠠᠯᠠᠵᠤ᠂ ᠬᠤᠭᠤᠴᠠᠭ᠎ᠠ ᠰᠣᠯᠢᠬᠤ ᠬᠠᠷᠠᠯᠲᠠ ᠡᠭᠦᠷᠭᠡ ᠶᠢ | ᠣᠨᠣᠪᠴᠢᠲᠠᠶ ᠲᠣᠭᠲᠠᠭᠠᠵᠤ᠂ ᠬᠤᠭᠤᠴᠠᠭ᠎ᠠ ᠰᠣᠯᠢᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠬᠦᠴᠦᠲᠡᠶ᠂ | ᠲᠣᠬᠢᠷᠠᠭᠤᠯᠤᠯᠲᠠ ᠨᠠᠷᠢᠨ ᠨᠢᠭᠲᠠ᠂ ᠠᠬᠢᠴᠠ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠶ᠃ | ᠯᠢᠦ ᡁᠢ ᠫᠢᠩ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠴᠢᠩᠭ᠎ᠠ | ᠱᠠᠭᠠᠷᠳᠠᠵᠤ᠂ ᠤᠳᠤᠷᠢᠳᠬᠤ ᠲᠣᠭᠲᠠᠴᠠ ᠪᠠᠨ ᠲᠠᠰᠤᠷᠠᠯᠲᠠ ᠥᠬᠡᠶ ᠪᠦᠷᠢᠨᠰᠢᠭᠦᠯᠵᠦ᠂ ᠠᠵᠢᠯ ᠤᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠶᠠᠪᠤᠴᠠ ᠪᠠᠨ ᠲᠡᠭᠦᠯᠳᠡᠷᠵᠢᠭᠦᠯᠵᠦ᠂ ᠱᠠᠯᠠᠪᠳᠠᠭᠤᠯᠤᠨ | ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠵᠤ᠂ ᠡᠮᠬᠢ ᠳᠢᠭᠯᠢᠮ ᠲᠣᠭᠲᠠᠭᠤᠨ᠂ ᠰᠣᠩᠭᠤᠭᠤᠯᠢ ᠶᠢᠨ ᠪᠠᠶᠢᠳᠠᠯ ᠲᠣᠭᠲᠠᠭᠤᠨ᠂ ᠨᠡᠶᠢᠭᠡᠮ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠵᠤ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ︔ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠤᠨ | ᠬᠠᠮᠲᠤᠷᠠᠯ ᠬᠦᠴᠦᠨ ᠢ ᠦᠨᠡᠨ ᠬᠦ ᠪᠦᠷᠢᠯᠳᠦᠭᠦᠯᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ | ᠲᠥᠷᠥ ᠶᠢᠨ ᠪᠣᠳᠣᠯᠭ᠎ᠠ ᠲᠣᠭᠲᠠᠭᠠᠯ ᠢ ᠨᠡᠪᠲᠡᠷᠡᠲᠡᠯ᠎ᠡ ᠰᠤᠳᠤᠯᠵᠤ᠂ ᠰᠠᠬᠢᠯᠭ᠎ᠠ ᠪᠠᠲᠤ ᠱᠠᠭᠠᠷᠳᠠᠯᠭ᠎ᠠ ᠶᠢ ᠪᠠᠲᠤ ᠪᠣᠶ | ᠪᠣᠯᠭᠠᠨ᠂ ᠡᠯ᠎ᠡ ᠭᠠᠴᠠᠭᠠᠨ ᠤ ᠪᠠᠶᠢᠳᠠᠯ ᠢ ᠲᠣᠳᠣᠷᠬᠠᠶ ᠡᠵᠡᠮᠰᠢᠵᠦ᠂ ᠬᠠᠷᠢᠶ᠎ᠠ ᠨᠠᠮ ᠤᠨ ᠭᠡᠰᠢᠭᠦᠨ ᠺᠠᠳ᠋ᠷ ᠪᠣᠯᠤᠨ | ᠣᠯᠠᠨ ᠲᠦᠮᠡᠨ ᠤ ᠦᠵᠡᠯ ᠰᠠᠨᠠᠭ᠎ᠠ ᠶᠢ ᠰᠢᠯᠤᠭᠤᠳᠬᠠᠨ᠂ ᠵᠣᠬᠢᠶᠠᠨ ᠪᠠᠶᠢᠭᠤᠯᠤᠯᠲᠠ ᠨᠢ ᠰᠠᠨᠠᠭ᠎ᠠ ᠠᠮᠤᠷ᠂ ᠣᠯᠠᠨ | ᠲᠦᠮᠡᠨ ᠰᠡᠳᠬᠢᠯ ᠬᠠᠨᠤᠮᠵᠢᠲᠠᠶ ᠦᠨᠳᠦᠰᠦᠨ ᠱᠠᠲᠤᠨ ᠤ ᠭᠤᠤᠯᠯᠠᠭᠴᠢ ᠡᠩᠨᠡᠭᠡ ᠶᠢ ᠰᠣᠩᠭᠤᠨ ᠭᠠᠷᠭᠠᠬᠤ ᠶᠢ ᠦᠨᠡᠨ | ᠬᠦ ᠪᠠᠲᠤᠯᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠡᠭᠦᠰ ᠠᠮᠵᠢᠯᠲᠠᠲᠠᠶ | ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ | ᠯᠢᠦ ᡁᠢ ᠫᠢᠩ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ | ᠬᠢᠬᠦ ᠶᠢᠨ ᠬᠠᠮᠲᠤ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ | ᠬᠢᠨᠠᠮᠠᠭᠠᠶ ᠰᠠᠶᠢᠲᠤᠷ ᠬᠢᠵᠦ᠂ ᠡᠪᠦᠯ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠣᠷᠢᠯᠡᠯ | ᠠᠮᠢᠳᠤᠷᠠᠯ ᠵᠢᠴᠢ ᠲᠥᠯ ᠲᠤᠰᠴᠤ ᠪᠤᠶᠢᠵᠢᠭᠤᠯᠬᠤ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ | ᠡᠮᠬᠢ ᠵᠢᠷᠤᠮ ᠲᠠᠢ ᠥᠷᠨᠢᠭᠦᠯᠵᠦ᠂ ︽ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠢᠩᠭ᠎ᠠ ᠠᠳᠬᠤᠬᠤ︾ | ᠶᠢ ᠪᠡᠶᠡᠯᠡᠭᠦᠯᠬᠦ ᠬᠡᠷᠡᠭᠲᠡᠶ ᠬᠡᠵᠦ ᠱᠠᠭᠠᠷᠳᠠᠪᠠ᠃ | | |