ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ  ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠳᠤ ᠰᠠᠨᠠᠯ  ᠬᠤᠷᠢᠶᠠᠪᠠ
ᠨᠡᠶᠢᠲᠡᠯᠡᠭᠰᠡᠨ ᠴᠠᠭ᠄
2021/1/8
      1 ᠰᠠᠷ᠎ᠠ ᠶᠢᠨ 6 ᠤ ᠡᠳᠦᠷ᠂ ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ  ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠳᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠨᠢᠭᠡᠴᠡ ᠠᠴᠠ ︽ᠡᠷᠢᠶᠡᠨ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠳᠤ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠬᠤᠷᠢᠶᠠᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠢᠩ ᠵᠢᠶᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠳᠡᠭᠡᠷ᠎ᠡ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠨᠢᠭᠡᠴᠡ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ  ᠦᠢᠯᠡᠳᠪᠣᠷᠢ ᠪᠠ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠰᠠᠨᠠᠯ ᠬᠤᠷᠢᠶᠠᠬᠤ ᠨᠣᠤᠷᠠᠭ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠶ ᠲᠣᠪᠴᠢ ᠲᠠᠨᠢᠯᠴᠠᠭᠤᠯᠭ᠎ᠠ ᠬᠢᠪᠠ᠃ ᠡᠯ᠎ᠡ ᠨᠢᠭᠡᠴᠡ ᠶᠢᠨ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ  ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠰᠠᠨᠠᠯ ᠬᠤᠷᠢᠶᠠᠬᠤ ᠨᠣᠤᠷᠠᠭ ᠤᠨ ᠲᠣᠭᠤᠷᠢᠨ ᠳᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠡᠳ᠋ᠰᠢᠭᠦᠯᠬᠦ᠂ ᠪᠣᠬᠢᠷᠲᠤᠯ ᠥᠬᠡᠶ ᠬᠥᠭᠵᠢᠭᠦᠯᠬᠦ᠂ ᠠᠶᠤᠯ ᠥᠬᠡᠶ ᠦᠢᠯᠡᠳᠪᠣᠷᠢᠯᠡᠯ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃      ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠶᠠᠰᠤ ᠴᠢᠨᠠᠷ ᠪᠠ ᠶᠠᠰᠤ ᠴᠢᠨᠠᠷ ᠨᠢ ᠲᠠᠷᠠᠭᠠᠴᠢ ᠶᠢᠨ ᠲᠠᠪᠤᠨ ᠵᠢᠯ ᠳᠠᠬᠢ ᠮᠠᠨ ᠤ ᠬᠤᠲᠠ ᠶᠢᠨ ᠠᠵᠤ  ᠦᠢᠯᠡᠳᠪᠣᠷᠢ ᠪᠠ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ ᠶᠢ ᠰᠠᠶᠢᠨ ᠡᠬᠢᠯᠡᠯᠲᠡ ᠲᠠᠢ ᠪᠣᠯᠭᠠᠬᠤ ᠳᠤ ᠰᠢᠭᠤᠳ ᠬᠤᠯᠪᠣᠭᠳᠠᠨ᠎ᠠ᠂ ᠡᠯ᠎ᠡ  ᠨᠢᠭᠡᠴᠡ ᠶᠢᠨ ᠬᠢᠨ ᠴᠢᠳᠠᠪᠤᠷᠢᠲᠠᠨ ᠬᠤᠷᠠᠨ ᠴᠤᠭᠯᠠᠷᠠᠵᠤ᠂ ᠣᠶᠤᠨ ᠤᠬᠠᠭᠠᠨ ᠲᠥᠪᠯᠡᠷᠡᠭᠰᠡᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠨᠢᠭᠡᠴᠡ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠮᠠᠨ ᠤ ᠬᠤᠲᠠ ᠶᠢᠨ ᠠᠵᠤ  ᠦᠢᠯᠡᠳᠪᠣᠷᠢ ᠪᠠ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ᠂ ︽ᠭᠤᠷᠪᠠᠨ ᠲᠣᠭᠤᠷᠢᠭ︾ ᠤᠨ ᠬᠤᠯᠪᠣᠭᠠᠯᠠᠨ ᠬᠥᠳᠡᠯᠦᠯᠴᠡᠭᠰᠡᠨ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ  ᠦᠢᠯᠡᠳᠪᠣᠷᠢ ᠪᠠ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠠᠯᠢ ᠲᠦᠷᠭᠡᠨ ᠢᠶᠠᠷ ᠳᠠᠬᠢᠨ ᠵᠠᠰᠠᠪᠤᠷᠢ ᠣᠷᠣᠭᠤᠯᠵᠤ ᠳᠠᠬᠢᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢ ᠣᠨᠣᠪᠴᠢᠲᠠᠶ ᠲᠥᠯᠥᠪᠵᠢᠭᠦᠯᠦᠨ ᠂ ᠵᠦᠶ ᠵᠣᠬᠢᠰᠲᠠᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号