ᠮᠠᠨ ᠤ ᠬᠤᠲᠠ ᠲᠠᠯ᠎ᠠ ᠨᠤᠲᠤᠭ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2021/10/11
                       
       ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ  ᠰᠢᠢᠳᠪᠣᠷᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠳᠣᠯᠠᠳᠠ᠂ 9 ᠰᠠᠷ᠎ᠠ ᠶᠢᠨ 28 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠭᠡᠨᠡᠳᠲᠡ ᠡᠭᠦᠰᠦᠭᠰᠡᠨ ᠠᠶᠤᠯᠲᠠᠶ ᠬᠢᠮᠢ ᠶᠢᠨ ᠪᠣᠳᠠᠰ ᠯᠡᠪᠡᠷᠡᠭᠰᠡᠨ ᠠᠴᠠ ᠪᠣᠯᠤᠭᠰᠠᠨ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠶᠢ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠰᠣᠷᠢᠯᠲᠠ ᠶᠢ ᠲᠣᠭᠤᠷᠢᠨ ᠦᠵᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠠᠩ ᠯᠢ ᠴᠧᠩ ᠲᠤᠬᠠᠶ ᠶᠢᠨ  ᠭᠠᠵᠠᠷ ᠢ ᠵᠢᠯᠦᠭᠤᠳᠪᠠ᠃   ᠲᠣᠰ ᠤᠳᠠᠭᠠᠨ ᠤ ᠰᠣᠷᠢᠯᠲᠠ ᠳᠤ ᠨᠢᠭᠡᠨ ᠲᠣᠰᠣ ᠰᠠᠪᠠᠯᠠᠬᠤ ᠲᠡᠷᠭᠡ ᠶᠢ ᠳᠠᠭᠤᠷᠢᠶᠠᠨ ᠳᠤᠮᠳᠠᠳᠤ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠦᠵᠡᠬᠦᠯᠦᠯᠭᠡ ᠶᠢᠨ ᠲᠥᠪ ᠤᠨ ᠪᠠᠷᠠᠭᠤᠨ ᠲᠠᠯ᠎ᠠ ᠶᠢᠨ ᠡᠪᠡᠰᠦᠲᠦ ᠭᠠᠵᠠᠷ ᠲᠤ ᠦᠷᠨᠢᠬᠦᠯᠵᠦ᠂ ᠲᠣᠰᠣᠨ ᠤ  ᠵᠦᠢᠯ ᠯᠡᠪᠡᠷᠡᠭᠰᠡᠨ ᠪᠥᠭᠡᠳ ᠭᠠᠯ ᠨᠣᠴᠣᠭᠠᠵᠤ᠂ ᠳᠠᠷᠠᠭ᠎ᠠ ᠨᠢ ᠡᠷᠬᠢᠨ ᠲᠣᠭᠤᠷᠢᠨ ᠤ ᠣᠶ ᠰᠢᠭᠤᠶ ᠡᠪᠡᠰᠦ ᠪᠡᠯᠴᠢᠭᠡᠷ ᠢ ᠨᠣᠴᠣᠭᠠᠵᠤ ᠲᠠᠯ᠎ᠠ ᠨᠤᠲᠤᠭ ᠤᠨ ᠭᠠᠯ ᠢ ᠪᠣᠶ ᠪᠣᠯᠭᠠᠪᠠ᠃ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠴᠠᠭᠳᠠᠭ᠎ᠠ ᠶᠢᠨ ᠮᠡᠳᠡᠭᠡ ᠶᠢ ᠣᠯᠤᠭᠰᠠᠨ ᠤ ᠳᠠᠷᠠᠭ᠎ᠠ ᠲᠡᠷᠡ ᠳᠠᠷᠤᠢ ᠳᠤᠨᠢ 2 ᠤᠰᠤᠨ ᠰᠠᠪᠠ ᠲᠠᠢ ᠭᠠᠯ ᠤᠨᠲᠠᠷᠠᠭᠠᠬᠤ ᠲᠡᠷᠭᠡ ᠶᠢ ᠬᠥᠳᠡᠯᠭᠡᠵᠦ᠂ 13 ᠵᠢᠯᠤᠭᠤᠳᠤᠭᠴᠢ ᠪᠠᠶᠢᠯᠳᠤᠭᠴᠢ ᠶᠢ ᠲᠤᠬᠠᠢ ᠶᠢᠨ ᠲᠠᠯᠠᠪᠠᠢ ᠳᠤ ᠬᠦᠷᠭᠡᠪᠡ ᠃ ᠡᠭᠦᠨ ᠤ ᠬᠠᠮᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠣᠰ ᠲᠣᠪᠴᠢᠶ᠎ᠠ ᠠᠴᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠨ ᠬᠡᠷᠡᠭᠵᠢᠭᠦᠯᠵᠦ᠂ ᠬᠤᠯᠪᠣᠭᠳᠠᠯ ᠪᠥᠬᠦᠶ ᠨᠢᠭᠡᠴᠡ ᠳᠤ ᠮᠡᠳᠡᠭᠳᠡᠵᠦ ᠲᠤᠬᠠᠶ ᠶᠢᠨ ᠲᠠᠯᠠᠪᠤᠷ ᠲᠤ ᠣᠴᠢᠭᠤᠯᠤᠨ ᠬᠠᠮᠵᠢᠨ  ᠰᠢᠢᠳᠪᠣᠷᠢᠯᠡᠬᠦᠯᠬᠦ ᠶᠢᠨ ᠬᠠᠮᠲᠤ ᠵᠢᠯᠣᠭᠤᠳᠬᠤ ᠭᠠᠵᠠᠷ ᠪᠠᠶᠢᠭᠤᠯᠤᠨ᠎ᠠ᠃      ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ᠲᠤᠬᠠᠶ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠲᠣᠰᠣ ᠰᠠᠪᠠᠯᠠᠬᠤ ᠲᠡᠷᠭᠡ ᠶᠢᠨ ᠬᠠᠵᠠᠭᠤᠰᠢ ᠤᠷᠪᠠᠵᠤ ᠯᠡᠪᠡᠷᠡᠭᠰᠡᠨ ᠲᠣᠰᠣᠨ ᠤ  ᠵᠦᠢᠯ ᠤᠨ ᠲᠣᠭᠲᠠᠭᠤᠨ ᠰᠢᠲᠠᠯᠲᠠ ᠶᠢᠨ ᠪᠠᠶᠢᠳᠠᠯ ᠲᠠᠢ ᠪᠠᠶᠢᠬᠤ ᠶᠢ ᠳᠣᠲᠣᠯᠠᠵᠤ᠂ ᠳᠡᠯᠪᠡᠷᠡᠬᠦ ᠠᠶᠤᠯ ᠥᠬᠡᠶ ᠪᠠᠶᠢᠬᠤ ᠶᠢ ᠳᠣᠲᠣᠯᠠᠨ᠎ᠠ᠃ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠠᠴᠠ ᠲᠤᠰᠠᠭᠠᠷᠯᠠᠨ ᠰᠢᠢᠳᠪᠣᠷᠢᠯᠡᠬᠦ ᠪᠠᠷ ᠲᠣᠭᠲᠠᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠴᠠ ᠤᠰᠤ ᠪᠠᠷ ᠪᠦᠷᠬᠦᠭᠦᠯ ᠪᠣᠯᠭᠠᠭᠰᠠᠨ ᠬᠥᠭᠡᠰᠦᠲᠦ ᠭᠠᠯ ᠤᠨᠲᠠᠷᠠᠭᠠᠬᠤ ᠡᠳ᠋ ᠢᠶᠠᠷ ᠭᠠᠯ ᠤᠨᠲᠠᠷᠠᠭᠠᠬᠤ ᠠᠵᠢᠯ ᠢ ᠬᠠᠷᠢᠭᠤᠴᠠᠵᠤ᠂ ᠬᠤᠲᠠ ᠶᠢᠨ ᠠᠶᠤᠯᠭᠦᠶ ᠦᠢᠯᠡᠳᠪᠣᠷᠢᠯᠡᠯ ᠤᠨ ᠵᠥᠪᠯᠡᠯ ᠤᠨ ᠠᠯᠪᠠᠨ ᠬᠡᠷ ᠤᠨ ᠪᠦᠷᠢᠯᠳᠦᠬᠦᠨ ᠨᠢᠭᠡᠴᠡ ᠠᠴᠠ ᠠᠵᠢᠯᠲᠠᠨ ᠢᠶᠠᠨ ᠵᠣᠬᠢᠶᠠᠨ ᠪᠠᠶᠢᠭᠤᠯᠵᠤ ᠲᠣᠰ ᠲᠣᠰ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ ᠲᠡᠮᠦᠷ ᠬᠦᠷᠵᠡ ᠵᠡᠷᠭᠡ ᠶᠢ ᠬᠡᠷᠡᠭᠯᠡᠨ ᠨᠤᠲᠤᠭ ᠪᠡᠯᠴᠢᠭᠡᠷ ᠤᠨ ᠭᠠᠯ ᠢ  ᠰᠢᠢᠳᠪᠣᠷᠢᠯᠡᠨ᠎ᠡ᠃ ᠭᠠᠯ ᠤᠨ ᠭᠠᠮᠰᠢᠭ ᠢ ᠤᠨᠲᠠᠷᠠᠭᠠᠭᠰᠠᠨ ᠤ ᠳᠠᠷᠠᠭ᠎ᠠ ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠰᠢᠲᠠᠭᠠᠯᠭ᠎ᠠ ᠶᠢᠨ ᠲᠣᠰᠣ ᠯᠡᠪᠡᠷᠡᠭᠦᠯᠦᠭᠰᠡᠨ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠦᠨᠡᠯᠡᠨ ᠵᠢᠱᠢᠵᠦ  ᠰᠢᠢᠳᠪᠣᠷᠢᠯᠡᠨ᠎ᠡ᠃ ᠪᠦᠬᠦ᠋ᠢᠯᠡ ᠰᠣᠷᠢᠯᠲᠠ ᠶᠢᠨ ᠶᠠᠪᠤᠴᠠ ᠳᠤ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠦᠴᠦᠲᠡᠶ ᠬᠡᠷᠡᠭᠵᠢᠭᠦᠯᠵᠦ᠂ ᠵᠢᠱᠢᠭᠰᠡᠨ ᠦᠷ᠎ᠡ ᠳ᠋ᠦᠩ ᠳᠤ ᠬᠦᠷᠦᠭᠰᠡᠨ ᠪᠠᠶᠢᠨ᠎ᠠ᠃      ᠲᠣᠰ ᠤᠳᠠᠭᠠᠨ ᠤ ᠰᠣᠷᠢᠯᠲᠠ ᠨᠢ ᠪᠣᠳᠠᠲᠤ ᠪᠠᠶᠢᠯᠳᠤᠭᠠᠨ ᠤ ᠠᠬᠤᠶ ᠪᠠᠶᠢᠳᠠᠯ ᠳᠤ ᠰᠠᠭᠤᠷᠢᠯᠠᠨ᠂ ᠬᠡᠭᠡᠷ᠎ᠡ ᠶᠢᠨ ᠦᠨᠡᠨ ᠪᠣᠳᠠᠲᠠᠶ ᠣᠷᠴᠢᠨ ᠠᠬᠤᠶ ᠳᠤ ᠲᠦᠰᠢᠭᠯᠡᠵᠦ᠂ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢᠨ ᠳᠠᠭᠠᠬᠤ ᠵᠢᠷᠤᠮ ᠢ ᠵᠢᠷᠤᠮᠵᠢᠭᠤᠯᠬᠤ ᠳᠤ ᠠᠰᠢᠭᠲᠠᠶ ᠶᠤᠮ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号