| | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠢᠷᠡᠬᠦ ᠡᠷᠡᠭᠦᠯ ᠬᠠᠮᠠᠭᠠᠯᠠᠯ ᠬᠢᠵᠢᠭ ᠤᠨ | ᠪᠠᠶᠢᠴᠠᠭᠠᠯᠲᠠ ᠶᠢᠨ ᠠᠵᠢᠯ ᠤᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠳᠠᠭᠠᠳᠤ ᠠᠴᠠ | ᠣᠷᠣᠭᠤᠯᠬᠤ ᠶᠢᠨ ︽ᠤᠷᠢᠳᠠᠪᠠᠷ ᠲᠠᠯᠪᠢᠵᠤ ᠳᠠᠷᠠᠭ᠎ᠠ ᠨᠢ ᠪᠠᠶᠢᠴᠠᠭᠠᠬᠤ︾ ᠵᠡᠷᠭᠡ ᠲᠥᠬᠦᠮ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠲᠡᠭᠡᠭᠡᠪᠦᠷᠢ ᠶᠢᠨ ᠸᠠᠭᠤᠨ ᠤ ᠡᠷᠭᠢᠯᠲᠡ ᠶᠢᠨ ᠤᠳᠠᠭ᠎ᠠ ᠶᠢ ᠲᠦᠷᠭᠡᠳᠬᠡᠵᠦ᠂ ᠬᠢᠯᠢ ᠠᠯᠤᠰᠯᠠᠭᠰᠠᠨ | ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ | ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | | | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 8 ᠰᠠᠷ᠎ᠠ ᠳᠤ᠂ ᠡᠷᠢᠶᠡᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠲᠡᠮᠦᠷ ᠤᠨ ᠬᠦᠳᠡᠷ 533.1 ᠲᠦᠮᠡᠨ ᠲᠣᠨ ᠳᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.8% ᠨᠡᠮᠡᠭᠳᠡᠵᠦ᠂ ᠪᠠᠷᠠᠭᠠᠨ ᠤ ᠦᠷᠳᠡᠭ 29.3 ᠳ᠋ᠦᠩᠰᠢᠭᠤᠷ | ᠲᠥᠭᠦᠷᠢᠭ ᠲᠤ ᠬᠦᠷᠴᠦ᠂ 55.4% ᠨᠡᠮᠡᠭᠳᠡᠪᠡ︔ ᠭᠠᠳᠠᠭᠠᠳᠤ ᠠᠴᠠ 39.4 ᠲᠦᠮᠡᠨ ᠲᠣᠨ ᠬᠠᠶᠢᠯᠤᠭᠤᠷ ᠵᠣᠩᠰᠢ | ᠣᠷᠣᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠠᠴᠠ 30% ᠪᠠᠷ ᠨᠡᠮᠡᠭᠳᠡᠵᠦ᠂ ᠥᠷᠲᠡᠭ ᠨᠢ 3.2 ᠳ᠋ᠦᠩᠰᠢᠭᠤᠷ | ᠲᠥᠭᠦᠷᠢᠭ ᠲᠤ ᠬᠦᠷᠴᠡᠶ᠃ | | | ᠭᠠᠳᠠᠭᠠᠳᠤ ᠠᠴᠠ ᠣᠷᠣᠭᠤᠯᠬᠤ ᠪᠠᠷᠠᠭᠠᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠭᠠᠳᠠᠭᠠᠳᠤ | ᠠᠷᠠᠯᠵᠢᠶ᠎ᠠ ᠳᠤ ᠤᠯᠠᠮ ᠨᠢᠭᠡ ᠠᠯᠬᠤᠮ ᠦᠢᠯᠡᠴᠢᠯᠡᠬᠦ ᠶᠢᠨ ᠳᠣᠯᠠᠳᠠ᠂ ᠡᠷᠢᠶᠡᠨ ᠪᠣᠭᠤᠮᠲᠠ ᠨᠢᠭᠡ ᠲᠠᠯ᠎ᠠ ᠪᠠᠷ ᠬᠢᠯᠢ ᠪᠠᠷ | ᠣᠷᠣᠵᠤ ᠢᠷᠡᠬᠦ ᠭᠠᠯᠲᠤ ᠲᠡᠷᠭᠡᠨ ᠤ ᠵᠢᠯᠣᠭᠤᠴᠢ ᠪᠠ ᠰᠠᠭᠤᠳᠠᠯ ᠤᠨ ᠠᠵᠢᠯᠲᠠᠨ ᠤ ᠡᠷᠡᠭᠦᠯ ᠬᠠᠮᠠᠭᠠᠯᠠᠯ ᠤᠨ ᠬᠢᠵᠢᠭ ᠤᠨ | ᠪᠠᠶᠢᠴᠠᠭᠠᠯᠲᠠ ᠶᠢ ᠴᠢᠩᠭᠠᠳᠬᠠᠵᠤ᠂ ︽ᠡᠯᠧᠺᠲᠷᠣᠨ ᠡᠷᠡᠭᠦᠯ ᠮᠡᠨᠳᠦ ᠶᠢ ᠮᠡᠳᠡᠭᠦᠯᠬᠦ᠂ ᠠᠯᠤᠰ ᠠᠴᠠ ᠳᠤᠯᠠᠭᠠᠨ ᠬᠡᠮᠵᠢᠬᠦ᠂ | ᠴᠠᠬᠢᠯᠭᠠᠨ ᠮᠡᠳᠡᠭᠡ ᠪᠠᠷ ᠬᠢᠵᠢᠭ ᠪᠠᠶᠢᠴᠠᠭᠠᠬᠤ︾ ᠰᠢᠨ᠎ᠡ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ᠂ ᠬᠢᠯᠢ ᠪᠠᠷ | ᠣᠷᠣᠵᠤ ᠢᠷᠡᠬᠦ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠥᠮᠦᠰ ᠤᠨ ᠣᠶᠢᠷᠠᠲᠤᠯᠴᠠᠬᠤ ᠶᠢ ᠪᠠᠭᠠᠰᠬᠠᠨ᠂ ᠰᠣᠯᠪᠢᠴᠠᠬᠤ ᠲᠦᠭᠰᠢᠭᠦᠷᠢ ᠶᠢ ᠪᠠᠭᠠᠰᠬᠠᠪᠠ᠃ ᠨᠥᠭᠦᠭᠡ ᠲᠠᠯ᠎ᠠ ᠪᠠᠷ | ᠭᠠᠳᠠᠭᠠᠳᠤ ᠠᠴᠠ ᠣᠷᠣᠭᠤᠯᠬᠤ ᠲᠡᠮᠦᠷ ᠤᠨ ᠬᠦᠳᠡᠷ ᠤᠨ ︽ᠤᠷᠢᠳᠠᠪᠠᠷ ᠲᠠᠯᠪᠢᠵᠤ ᠳᠠᠷᠠᠭ᠎ᠠ ᠨᠢ ᠪᠠᠶᠢᠴᠠᠭᠠᠬᠤ︾ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠨᠢᠭᠡ ᠳᠤ ᠨᠢᠭᠡ︾ ᠶᠢᠨ | ᠵᠢᠯᠣᠭᠤᠳᠣᠯᠭ᠎ᠠ ᠪᠠᠷ ᠠᠵᠤ ᠠᠬᠤᠶᠢᠯᠠᠯ ᠤᠨ ᠵᠢᠷᠤᠮᠵᠢᠭᠤᠯᠤᠨ ᠬᠡᠷᠡᠭᠵᠢᠭᠦᠯᠬᠦ ᠲᠦᠢᠮᠣ ᠮᠡᠳᠡᠭᠦᠯᠬᠦ ᠪᠠ ᠪᠦᠷᠢᠨ ᠪᠦᠲᠦᠨ | ᠮᠡᠳᠡᠭᠦᠯᠬᠦ ᠶᠢ ᠵᠢᠯᠣᠭᠤᠳᠴᠤ᠂ ᠪᠠᠷᠠᠭᠠᠨ ᠤ ᠪᠣᠭᠤᠮᠲᠠ ᠶᠢᠨ ᠭᠠᠷᠭᠠᠵᠤ ᠠᠪᠬᠤ ᠴᠠᠭ ᠢ ᠪᠣᠭᠤᠨᠢᠰᠬᠠᠵᠤ᠂ ᠠᠵᠤ | ᠠᠬᠤᠶᠢᠯᠠᠯ ᠤᠨ ᠡᠵᠡᠩᠨᠡᠯᠲᠡ ᠶᠢᠨ ᠪᠠᠯᠠ ᠮᠥᠩᠭᠦ ᠶᠢᠨ ᠳᠠᠷᠤᠯᠲᠠ ᠶᠢ ᠬᠥᠩᠭᠡᠷᠡᠭᠦᠯᠦᠨ᠎ᠡ᠃ ᠡᠭᠦᠨ ᠤ ᠵᠡᠷᠭᠡ ᠳᠤ | ᠲᠡᠭᠡᠭᠡᠪᠦᠷᠢ ᠶᠢᠨ ᠪᠠᠭᠠᠵᠢ ᠶᠢᠨ ᠮᠡᠳᠡᠭᠦᠯᠦᠯᠲᠡ ᠶᠢ 24 ᠴᠠᠭ ᠢᠶᠠᠷ ᠭᠥᠯᠢᠶᠡᠨ ᠠᠪᠴᠤ ᠰᠢᠢᠳᠪᠣᠷᠢᠯᠡᠬᠦ ᠠᠵᠢᠯ ᠤᠨ ᠵᠠᠭᠪᠤᠷ ᠢ | ᠬᠡᠷᠡᠭᠵᠢᠭᠦᠯᠵᠦ᠂ ᠲᠡᠭᠡᠭᠡᠪᠦᠷᠢ ᠶᠢᠨ ᠸᠠᠭᠤᠨ ᠤ ᠪᠣᠭᠤᠮᠲᠠ ᠶᠢᠨ ᠡᠷᠭᠢᠯᠲᠡ ᠶᠢᠨ ᠤᠳᠠᠭ᠎ᠠ ᠶᠢ ᠲᠦᠷᠭᠡᠳᠬᠡᠨ᠂ ᠬᠢᠯᠢ | ᠠᠯᠤᠰᠯᠠᠭᠰᠠᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠡᠷᠢᠶᠡᠨ ᠪᠣᠭᠤᠮᠲᠠ ᠶᠢᠨ ᠠᠵᠢᠯᠲᠠᠨ ᠯᠢ ᠵᠢᠩ ᠢᠦᠶ ᠢᠯᠡᠷᠬᠡᠶᠢᠯᠡᠬᠦ ᠳᠡᠭᠡᠨ᠂ ᠡᠨᠡ ᠵᠢᠯ ᠠᠴᠠ ᠨᠠᠰᠢ ᠡᠷᠢᠶᠡᠨ | ᠪᠣᠭᠤᠮᠲᠠ ᠶᠢᠨ ᠬᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ᠂ | ᠳᠣᠲᠣᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ︾ ᠶᠢ ᠴᠢᠩᠭ᠎ᠠ ᠨᠢᠮᠪᠠᠶ ᠬᠦᠢᠴᠡᠳᠬᠡᠪᠡ︔ ᠨᠥᠭᠦᠭᠡ ᠲᠠᠯ᠎ᠠ ᠪᠠᠷ ᠭᠠᠳᠠᠭᠠᠳᠤ | ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠪᠠᠲᠤᠯᠠᠬᠤ ᠶᠢ ᠠᠵᠢᠯ ᠤᠨ ᠢᠶᠠᠨ ᠬᠦᠴᠦᠯᠡᠬᠦ | ᠴᠡᠭ ᠪᠣᠯᠭᠠᠵᠤ᠂ ᠬᠢᠵᠢᠭ ᠤᠨ ᠪᠠᠶᠢᠳᠠᠯ ᠠᠴᠠ ᠪᠣᠯᠬᠤ ᠨᠥᠯᠥᠭᠡ ᠶᠢ ᠠᠯᠢ ᠴᠢᠳᠠᠬᠤ ᠪᠠᠷ ᠪᠠᠭᠠᠰᠬᠠᠨ᠎ᠠ᠃ ᠳᠠᠷᠠᠭᠠᠴᠢ ᠶᠢᠨ | ᠠᠯᠬᠤᠮ ᠳᠤ᠂ ᠬᠢᠨᠠᠨ ᠬᠠᠮᠢᠶᠠᠷᠬᠤ ᠡᠭᠦᠷᠭᠡ ᠴᠢᠳᠠᠪᠬᠢ ᠪᠠᠨ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ ᠪᠣᠭᠤᠮᠲᠠ ᠶᠢᠨ ᠠᠷᠠᠯᠵᠢᠶᠠᠨ ᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | |