ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠲᠦᠷᠦᠭᠦᠤ 9 ᠰᠠᠷ᠎ᠠ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳᠠᠬᠢᠨᠲᠠ ᠰᠢᠨ᠎ᠡ  ᠳᠡᠮᠳᠡᠭᠯᠡᠯ ᠢ ᠡᠪᠳᠡᠪᠡ
ᠨᠡᠶᠢᠲᠡᠯᠡᠭᠰᠡᠨ ᠴᠠᠭ᠄
2021/10/13
     ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠭᠠᠶᠢᠯᠢ ᠶᠢᠨ ᠪᠣᠭᠤᠮᠲᠠ᠂ ᠲᠡᠮᠦᠷ ᠵᠠᠮ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠨᠡ ᠵᠢᠯ ᠤᠨ ᠲᠦᠷᠦᠭᠦᠤ 9 ᠰᠠᠷ᠎ᠠ ᠳᠤ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃  
    ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠤ 9 ᠰᠠᠷ᠎ᠠ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1275.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1112.88 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠪᠠᠭᠤᠷᠠᠵᠤ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 162.48 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.5% ᠪᠠᠷ ᠨᠡᠮᠡᠭᠳᠡᠵᠡᠶ᠃
   ᠡᠨᠡ ᠵᠢᠯ ᠠᠴᠠ ᠨᠠᠰᠢ᠂ ᠮᠠᠨ ᠤ ᠬᠤᠲᠠ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠢᠳᠡᠪᠬᠢᠲᠡᠶ ᠠᠷᠭᠠᠴᠠᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠦᠷᠭᠦᠯᠵᠢᠯᠡᠨ ᠨᠡᠮᠡᠭᠳᠡᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ ᠡᠯ᠎ᠡ ᠬᠠᠷᠢᠭᠤᠴᠠᠯᠭᠠᠳᠦ ᠰᠠᠯᠠᠭ᠎ᠠ ᠮᠥᠴᠢᠷ᠂ ᠬᠠᠮᠲᠤᠷᠠᠨ ᠪᠠᠶᠢᠴᠠᠭᠠᠬᠤ ᠬᠠᠮᠲᠤᠷᠠᠨ ᠲᠡᠭᠡᠭᠡᠪᠦᠷᠢᠯᠡᠬᠦ ᠨᠢᠭᠡᠴᠡ ᠨᠦᠭᠦᠳ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠬᠦ︾  ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠠᠴᠠ ︽ᠤᠶᠤᠨᠲᠤ ᠬᠢᠯᠢ ᠶᠢᠨ ᠪᠠᠶᠢᠴᠠᠭᠠᠯᠲᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ᠂ ᠬᠢᠨᠠᠨ ᠬᠠᠮᠢᠶᠠᠷᠤᠯᠲᠠ ᠶᠢ ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠦᠯᠲᠡ ᠶᠢ ᠬᠠᠷᠢᠯᠴᠠᠨ ᠬᠠᠪᠰᠤᠷᠤᠯᠴᠠᠬᠤ ᠵᠡᠷᠭᠡ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠨᠢᠭᠡ ᠯᠡ ᠥᠷᠲᠡᠭᠡᠨ ᠤ ᠮᠠᠶ᠋ᠢᠭ ᠢᠶᠠᠷ ᠠᠵᠢᠯᠯᠠᠬᠤ᠂ ᠬᠠᠮᠲᠤᠷᠠᠨ ᠪᠠᠶᠢᠴᠠᠭᠠᠨ ᠰᠢᠯᠭᠠᠬᠤ᠂ ᠨᠢᠭᠡ ᠯᠡ ᠤᠳᠠᠭ᠎ᠠ ᠳᠤ ᠶᠠᠪᠤᠭᠤᠯᠬᠤ︾ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠪᠠ᠃ ᠡᠷᠢᠶᠡᠨ ᠪᠣᠭᠤᠮᠲᠠ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠦᠢᠯᠡᠴᠢᠯᠡᠭᠡ ᠶᠢᠨ ︽ᠥᠴᠦᠬᠡᠨ ᠴᠦ ᠰᠠᠭᠠᠳ ᠦᠭᠡᠢ︾ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠨᠡᠪᠲᠡᠷᠡᠬᠦ ᠵᠠᠮ︾ ᠢ ᠰᠢᠯᠢᠳᠡᠭᠵᠢᠭᠦᠯᠵᠦ᠂ ︽ᠪᠣᠭᠤᠮᠲᠠ ᠶᠢᠨ ᠭᠠᠶᠢᠯᠢ ᠶᠢᠨ ᠪᠠᠲᠤᠯᠠᠪᠤᠷᠢ ᠶᠢᠨ ᠳᠠᠭᠠᠳᠬᠠᠯ︾᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ ᠵᠡᠷᠭᠡ ᠰᠢᠨ᠎ᠡ ᠬᠡᠯᠪᠡᠷᠢ ᠶᠢᠨ ᠭᠠᠶᠢᠯᠢ ᠲᠠᠲᠠᠪᠤᠷᠢᠯᠠᠵᠤ ᠬᠠᠮᠢᠶᠠᠷᠬᠤ ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ ᠠᠵᠤ ᠠᠬᠤᠶᠢᠯᠠᠯ ᠤᠨ ᠪᠣᠭᠤᠮᠲᠠ ᠳᠤ ᠮᠡᠳᠡᠭᠦᠯᠬᠦ ᠨᠢᠭᠡᠴᠡ ᠶᠢᠨ ᠳᠠᠩᠰᠠᠯᠠᠭᠤᠯᠤᠨ ᠲᠡᠮᠳᠡᠭᠯᠡᠬᠦ ᠶᠢ ᠭᠦᠢᠴᠡᠳᠬᠡᠬᠦ ᠳᠤ ᠤᠯᠠᠮ ᠲᠦᠬᠦᠮ ᠦᠵᠡᠭᠦᠯᠵᠦ᠂ ᠪᠣᠭᠤᠮᠲᠠ ᠳᠤ ᠮᠡᠳᠡᠭᠦᠯᠬᠦ ᠬᠠᠭᠤᠳᠠᠰᠤ ᠪᠠᠷᠢᠮᠲᠠ ᠶᠢ ᠴᠣᠮᠬᠠᠳᠬᠠᠵᠤ᠂ ᠠᠵᠤ ᠠᠬᠤᠶᠢᠯᠠᠯ ᠳᠤ ᠪᠣᠭᠤᠮᠲᠠ ᠶᠢᠨ ᠥᠭᠡᠷᠡᠴᠢᠯᠡᠯᠲᠡ ᠶᠢᠨ ᠠᠰᠢᠭ ᠢ ᠭᠦᠢᠴᠡᠳ ᠬᠦᠷᠳᠡᠭᠡᠪᠡ᠃ ᠲᠡᠮᠦᠷ ᠵᠠᠮ ᠤᠨ ᠰᠠᠯᠠᠭ᠎ᠠ ᠮᠥᠴᠢᠷ ᠤᠳ ᠨᠡᠪᠲᠡᠷᠡᠬᠦ ᠵᠠᠮ ᠤᠨ ᠴᠢᠳᠠᠪᠤᠷᠢ ᠶᠢ ᠦᠨᠳᠦᠰᠦᠯᠡᠨ᠂ ᠲᠣᠰ ᠪᠡᠶ᠎ᠡ ᠶᠢᠨ ᠳᠠᠯᠳᠠ ᠬᠦᠴᠦᠨ ᠢᠶᠠᠨ ᠭᠦᠨᠵᠡᠭᠡᠶ ᠠᠭᠤᠳᠠᠯᠵᠤ᠂ ᠲᠡᠭᠡᠭᠡᠪᠦᠷᠢ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠠᠷᠠᠭᠠᠨ ᠤ ᠲᠡᠭᠡᠭᠡᠪᠦᠷᠢ ᠶᠢᠨ ᠴᠤᠪᠤᠭ᠎ᠠ ᠲᠡᠷᠭᠡ ᠶᠠᠪᠤᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠮᠣᠩᠭᠤᠯ ᠤᠯᠤᠰ ᠤᠨ ᠲᠡᠮᠦᠷ ᠵᠠᠮ ᠤᠨ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠷᠢᠯᠴᠠᠬᠤ ᠪᠠᠨ ᠴᠢᠩᠭᠠᠳᠬᠠᠵᠤ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠨᠢᠭᠡᠴᠡ ᠯᠦᠭᠡ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠬᠤ ᠲᠣᠭᠲᠠᠴᠠ ᠶᠢ ᠪᠠᠶᠢᠭᠤᠯᠤᠨ᠂ ᠪᠠᠷᠠᠭᠠᠨ ᠤ ᠪᠣᠭᠤᠮᠲᠠ ᠪᠠᠷ ᠥᠩᠭᠡᠷᠡᠬᠦ ᠴᠠᠭ ᠬᠤᠭᠤᠴᠠᠭ᠎ᠠ ᠵᠢᠴᠢ ᠠᠶᠠᠯᠠᠯ ᠤᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠠᠰᠬᠠᠵᠤ᠂ ᠴᠤᠪᠤᠭ᠎ᠠ ᠲᠡᠷᠭᠡ ᠶᠢ ᠨᠠᠩ ᠲᠦᠷᠭᠡᠨ᠂ ᠨᠠᠩ ᠰᠠᠭᠠᠳ ᠥᠬᠡᠶ ᠶᠠᠪᠤᠭᠤᠯᠬᠤ ᠪᠠᠷ ᠴᠢᠷᠮᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号