ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ  ︽ᠦᠨᠳᠦᠰᠦᠲᠡᠨ ᠤ ᠠᠷᠠᠯᠵᠢᠶ᠎ᠠ︾ ᠬᠤᠨᠳᠠᠭᠠᠲᠤ ᠪᠠᠭᠠᠴᠤᠳ ᠬᠡᠤᠬᠡᠳ ᠤᠨ ᠮᠣᠳᠧᠯ ᠤᠨ ᠤᠷᠤᠯᠳᠤᠭᠠᠨ ᠦᠷᠨᠢᠬᠦᠯᠪᠡ
ᠨᠡᠶᠢᠲᠡᠯᠡᠭᠰᠡᠨ ᠴᠠᠭ᠄
2021/10/8
   10 ᠰᠠᠷ᠎ᠠ ᠶᠢᠨ 5 ᠤ ᠡᠳᠦᠷ᠂ ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ︽ᠦᠨᠳᠦᠰᠦᠲᠡᠨ ᠤ ᠠᠷᠠᠯᠵᠢᠶ᠎ᠠ︾ ᠬᠤᠨᠳᠠᠭᠠᠲᠤ ᠪᠠᠭᠠᠴᠤᠳ ᠬᠡᠤᠬᠡᠳ ᠤᠨ ᠮᠣᠳᠧᠯ ᠤᠨ ᠤᠷᠤᠯᠳᠤᠭᠠᠨ ᠬᠥᠭᠵᠢᠶᠡᠨᠲᠡᠶ ᠶᠠᠪᠤᠭᠳᠠᠵᠤ᠂ 49 ᠪᠠᠭᠠᠴᠤᠳ ᠬᠡᠤᠬᠡᠳ ᠨᠢᠭᠡ ᠭᠠᠷᠠᠭ ᠤᠨ ᠬᠤᠭᠤᠴᠠᠭᠠᠨ ᠤ ᠪᠣᠯᠪᠠᠰᠤᠷᠠᠯ ᠢᠶᠠᠷ ᠳᠡᠮᠵᠢᠨ ᠲᠠᠶᠢᠰᠠᠨ ᠳᠤ ᠭᠠᠷᠴᠤ᠂ ᠴᠤᠭ ᠵᠢᠪᠬᠤᠭ᠎ᠠ ᠪᠠᠨ ᠢᠯᠡᠷᠡᠭᠦᠯᠪᠡ᠃    
   ᠬᠤᠪᠴᠠᠰᠤᠨ ᠤ ᠦᠵᠡᠭᠦᠯᠦᠯᠭᠡ        ᠢᠷᠠᠭᠤ ᠰᠠᠶᠢᠬᠠᠨ ᠮᠣᠩᠭᠤᠯ ᠦᠨᠳᠦᠰᠦᠲᠡᠨ ᠤ ᠳᠠᠭᠤᠤ ᠶᠢᠨ ᠳᠠᠭᠠᠤ ᠳᠤ ᠪᠢᠴᠢᠬᠠᠨ ᠮᠣᠳᠧᠯ ᠤᠳ ᠭᠤᠶᠤ ᠰᠠᠶᠢᠬᠠᠨ ᠮᠣᠩᠭᠤᠯ ᠬᠤᠪᠴᠠᠰᠤ ᠵᠠᠰᠠᠯ ᠢᠶᠠᠨ ᠡᠮᠦᠰᠦᠨ ᠲᠠᠶᠢᠰᠠᠨ᠎ᠠ ᠠᠯᠭᠤᠷᠬᠠᠨ ᠢᠶᠠᠷ ᠭᠠᠷᠴᠤ ᠲᠣᠭᠯᠠᠯᠲᠠ ᠪᠠᠨ ᠡᠬᠢᠯᠡᠭᠦᠯᠦᠯ᠎ᠡ᠃ ᠲᠣᠯᠣᠭᠠᠶ ᠶᠢᠨ ᠵᠠᠰᠠᠯ ᠠᠴᠠ ᠬᠤᠪᠴᠠᠰᠤ ᠬᠤᠨᠠᠷ ᠬᠦᠷᠲᠡᠯ᠎ᠡ ᠲᠠᠮᠢᠷᠴᠢᠨ ᠨᠢᠭᠡᠪᠦᠷᠢ ᠶᠢᠨ ᠬᠡᠪ ᠨᠠᠮᠪᠠ ᠨᠢ ᠡᠷᠡᠰ ᠣᠨᠳᠣᠣ ᠪᠠᠶᠢᠵᠤ᠂ ᠬᠤᠪᠴᠠᠰᠤ ᠬᠤᠨᠠᠷ᠂ ᠥᠩᠭᠡ ᠪᠤᠳᠤᠭ ᠨᠢ ᠴᠦ ᠴᠥᠮ ᠥᠪᠡᠷᠮᠢᠴᠡ ᠬᠡᠪ ᠨᠠᠮᠪᠠ ᠲᠠᠢ᠂ ᠵᠠᠷᠢᠮ ᠨᠢ ᠡᠷᠬᠢᠮᠰᠦᠭ᠂ ᠵᠠᠷᠢᠮ ᠨᠢ ᠴᠡᠪᠡᠷ ᠠᠪᠰᠠᠷᠬᠠᠨ᠂ ᠵᠠᠷᠢᠮ ᠨᠢ ᠤᠷᠠᠨ ᠨᠠᠷᠢᠯᠢᠭ ᠪᠠᠶᠢᠯ᠎ᠠ᠃ ᠪᠢᠴᠢᠬᠠᠨ ᠮᠣᠳᠧᠯ ᠤᠳ ᠥᠪᠡᠷᠮᠢᠴᠡ ᠬᠡᠪ ᠨᠠᠮᠪᠠ ᠲᠠᠢ ᠦᠨᠳᠦᠰᠦᠲᠡᠨ ᠤ ᠬᠤᠪᠴᠠᠰᠤ ᠵᠠᠰᠠᠯ ᠢᠶᠠᠷ ᠲᠠᠶᠢᠰᠠᠨ ᠳᠤ ᠭᠠᠷᠴᠤ᠂ ᠦᠨᠳᠦᠰᠦᠲᠡᠨ ᠤ ᠬᠤᠪᠴᠠᠰᠤ ᠵᠠᠰᠠᠯ ᠤᠨ ᠭᠤᠸ᠎ᠠ ᠰᠠᠶᠢᠬᠠᠨ ᠢᠶᠠᠨ ᠭᠠᠶᠢᠬᠠᠭᠤᠯᠪᠠ᠃    
   ᠬᠤᠪᠴᠠᠰᠤᠨ ᠤ ᠦᠵᠡᠭᠦᠯᠦᠯᠭᠡ        ᠲᠣᠰ ᠤᠳᠠᠭᠠᠨ ᠤ ᠤᠷᠤᠯᠳᠤᠭᠠᠨ ᠢ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠤᠨ ᠦᠵᠡᠭᠦᠯᠦᠯᠭᠡ ᠪᠠ ᠣᠲᠣ ᠦᠶ᠎ᠡ ᠶᠢᠨ ᠬᠤᠪᠴᠠᠰᠤ ᠵᠠᠰᠠᠯ ᠤᠨ ᠦᠵᠡᠭᠦᠯᠦᠯᠭᠡ ᠭᠡᠵᠦ ᠬᠤᠶᠠᠷ ᠬᠡᠰᠡᠭ ᠲᠤ ᠬᠤᠪᠢᠶᠠᠪᠠ᠃ ᠤᠷᠤᠯᠳᠤᠭᠠᠨ ᠨᠢ ᠮᠣᠩᠭᠤᠯ ᠬᠤᠪᠴᠠᠰᠤ ᠵᠠᠰᠠᠯ ᠤᠨ ᠰᠣᠶᠣᠯ ᠤᠨ ᠠᠭᠤᠯᠬᠤᠨ ᠢ ᠣᠯᠠᠨ ᠳᠤ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠮᠣᠩᠭᠤᠯ ᠬᠤᠪᠴᠠᠰᠤ ᠵᠠᠰᠠᠯ ᠤᠨ ᠲᠡᠤᠬᠡᠨ ᠬᠥᠭ ᠠᠶᠠᠰ ᠢ ᠴᠤ ᠬᠠᠷᠠᠭᠤᠯᠤᠭᠰᠠᠨ ᠪᠠᠶᠢᠨ᠎ᠠ᠃      ᠨᠠᠷᠢᠯᠢᠭ ᠰᠠᠶᠢᠬᠠᠨ ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ ᠨᠢ ᠢᠷᠠᠭᠤ ᠰᠠᠶᠢᠬᠠᠨ ᠮᠣᠩᠭᠤᠯ ᠦᠨᠳᠦᠰᠦᠲᠡᠨ ᠤ ᠬᠥᠭᠵᠢᠮ ᠤᠨ ᠠᠶ᠎ᠠ ᠶᠢ ᠳᠠᠭᠠᠵᠤ᠂ ᠬᠡᠦᠬᠡᠳ ᠤᠳ ᠤᠨ ᠬᠥᠭᠡᠷᠦᠬᠦᠨ ᠰᠠᠶᠢᠬᠠᠨ ᠢᠯᠡᠷᠡᠯ ᠢᠶᠠᠷ ᠲᠠᠶᠢᠰᠠᠨ ᠤ ᠳᠣᠣᠷᠠᠬᠢ ᠦᠵᠡᠭᠴᠢᠳ ᠲᠤ ᠬᠠᠷᠠᠭᠠᠨ ᠤ ᠬᠦᠷᠲᠡᠭᠡᠯ ᠣᠯᠭᠤᠵᠤ᠂ ᠣᠯᠠᠨ ᠢᠶᠠᠷ ᠢᠶᠠᠨ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠡᠨᠡᠬᠦ ᠰᠠᠶᠢᠬᠠᠨ ᠬᠤᠷᠣᠮ ᠢ ᠲᠡᠮᠳᠡᠭᠯᠡᠵᠡᠶ᠃    
   ᠬᠤᠪᠴᠠᠰᠤᠨ ᠤ ᠦᠵᠡᠭᠦᠯᠦᠯᠭᠡ        ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠤᠮᠠᠷᠠᠲᠤ ᠶᠢᠨ ᠬᠠᠷᠴᠠ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠬᠦ ᠰᠠᠭᠤᠷᠢᠨ ᠭᠠᠵᠠᠷ ᠤᠨ ᠡᠷᠢᠶᠡᠨ ᠬᠤᠲᠠ ᠶᠢᠨ ᠬᠠᠷᠴᠠ ᠣᠲᠣ ᠦᠶ᠎ᠡ ᠶᠢᠨ ᠮᠡᠷᠭᠡᠵᠢᠯ ᠤᠨ ᠲᠤᠰᠬᠠᠶ ᠬᠤᠷᠰᠢᠶ᠎ᠠ ᠳᠠᠭᠠᠭᠠᠴᠢᠯᠠᠨ ᠡᠷᠭᠢᠯᠡᠵᠦ᠂ ᠦᠨᠳᠦᠰᠦᠲᠡᠨ ᠤ ᠠᠷᠠᠯᠵᠢᠶᠠᠨ ᠤ ᠪᠦᠷᠢᠨ ᠪᠠᠷᠠᠭᠠᠲᠤ ᠠᠰᠠᠷ᠂ ᠡᠷᠢᠶᠡᠨ ᠬᠤᠲᠠ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠺᠣᠮᠫᠠᠨᠢ ᠵᠡᠷᠭᠡ ᠬᠠᠮᠵᠢᠯᠴᠠᠨ ᠡᠷᠭᠢᠯᠡᠪᠡ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号