ᠰᠢ ᠶᠢᠨ ᠫᠢᠩ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢᠨ ᠨᠠᠢᠮᠠᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/11/16
     11 ᠰᠠᠷ᠎ᠠ ᠶᠢᠨ 12 ᠤᠨ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢᠨ ᠨᠠᠢᠮᠠᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠧᠠ ᠬᠤᠷᠢᠶᠠᠨ ᠤ ᠰᠤᠷᠪᠤᠯᠵᠢᠯᠠᠬᠴᠢ ᠬᠤᠧᠠᠩ ᠵᠢᠩ ᠸᠧᠨ ᠰᠡᠬᠦᠳᠡᠷᠯᠡᠪᠡ      11 ᠰᠠᠷ᠎ᠠ ᠶᠢᠨ 12 ᠤᠨ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢᠨ ᠨᠠᠢᠮᠠᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠧᠠ ᠬᠤᠷᠢᠶᠠᠨ ᠤ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 12 ᠤᠨ ᠴᠠᠬᠢᠯᠭᠠᠨ ᠮᠡᠳᠡᠭᠡ  11 ᠰᠠᠷ᠎ᠠ ᠶᠢᠨ 12 ᠤᠨ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢᠨ ᠨᠠᠢᠮᠠᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠣᠷᠣᠯᠴᠠᠭᠰᠠᠨ 30 ᠵᠢᠯ ᠤᠨ ᠤᠢ ᠪᠣᠯᠤᠨ᠎ᠠ᠃ ᠡᠨᠡ 30 ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠯᠳᠡ ᠶᠢ ᠥᠷᠭᠡᠳᠭᠡᠭᠰᠡᠨ 30 ᠵᠢᠯ ᠮᠥᠨ᠂ ᠪᠠᠰᠠ ᠴᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠥᠷᠭᠡᠵᠢᠭᠰᠡᠨ 30 ᠵᠢᠯ ᠮᠥᠨ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠨᠢ ᠪᠦᠬᠦ ᠪᠥᠮᠪᠥᠷᠴᠡᠭ ᠤᠨ ᠬᠠᠮᠤᠭ ᠤᠨ ᠶᠡᠭᠡ ᠨᠡᠮᠡᠭᠳᠡᠯ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠠᠯᠳᠠ ᠬᠦᠴᠦᠨ ᠲᠠᠢ ᠭᠠᠵᠠᠷ ᠣᠷᠣᠨ ᠪᠤᠯᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠪᠠ ᠭᠠᠵᠠᠷ ᠣᠷᠣᠨ ᠤ ᠠᠷᠠᠳ ᠲᠦᠮᠡᠨ ᠤ ᠪᠤᠶᠠᠨ ᠵᠢᠷᠭᠠᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠪᠢᠳᠡ 2040 ᠣᠨ ᠤ ᠪᠦᠲ᠋ᠧᠯᠠᠵᠢᠶᠠᠶᠠ ᠶᠢᠨ ᠠᠯᠤᠰ ᠤᠨ ᠲᠥᠰᠦᠪ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠭᠡᠭᠡᠯᠲᠡᠲᠤ ᠪᠠᠭᠲᠠᠭᠠᠮᠵᠢᠲᠠᠢ᠂ ᠰᠢᠨ᠎ᠡ ᠶᠢ ᠡᠬᠦᠳᠬᠦ ᠨᠡᠮᠡᠭᠳᠡᠯ᠂ ᠬᠤᠯᠪᠣᠯᠳᠤᠨ ᠨᠡᠪᠲᠡᠷᠡᠯᠴᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ᠃      ᠨᠢᠭᠡᠳᠦᠭᠡᠷ ᠲᠤ᠂ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠣᠯᠤᠨ ᠠᠵᠤ ᠠᠬᠤᠢ ᠶᠢᠨ ᠰᠡᠷᠭᠦᠯᠲᠡ ᠶᠢ ᠠᠬᠢᠭᠤᠯᠤᠶ᠎ᠠ᠃ ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠵᠤ᠂ ᠠᠵᠤ ᠠᠬᠤᠢ ᠶᠢᠨ ᠨᠡᠮᠡᠭᠳᠡᠯ ᠢ ᠰᠡᠷᠭᠦᠭᠡᠬᠦ ᠪᠣᠯ ᠣᠳᠣᠬᠠᠨ ᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠪᠦᠷᠢᠯᠳᠦᠬᠦᠨ ᠤ ᠬᠠᠮᠤᠭ ᠤᠨ ᠴᠢᠬᠤᠯᠠ ᠡᠭᠦᠷᠭᠡ ᠪᠣᠯᠤᠨ᠎ᠠ᠃ ᠰᠢᠨᠵᠢᠯᠡᠬᠦ ᠤᠬᠠᠭᠠᠨᠴᠢ ᠪᠠᠷ ᠬᠢᠵᠢᠭ ᠤᠨ ᠪᠠᠶᠢᠳᠠᠯ ᠢ ᠠᠷᠭᠠᠴᠠᠭᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠸᠠᠺᠼᠢᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠡᠷᠬᠡ ᠲᠡᠭᠰᠢ ᠪᠠᠷ ᠬᠤᠪᠢᠶᠠᠷᠢᠯᠠᠬᠤ ᠶᠢ ᠠᠬᠢᠭᠤᠯᠤᠶ᠎ᠠ᠃ ᠳᠤᠮᠳᠠᠳᠤ ᠤᠯᠤᠰ ᠪᠥᠬᠦ ᠵᠢᠯ ᠳᠤ ᠭᠠᠳᠠᠭᠠᠳᠤ ᠳᠤ 20 ᠳ᠋ᠦᠩᠰᠢᠭᠤᠷ ᠸᠠᠺᠼᠢᠨ ᠬᠠᠩᠭᠠᠬᠤ ᠪᠠᠷ ᠴᠢᠷᠮᠠᠶᠢᠨ᠎ᠠ ᠭᠡᠵᠦ ᠨᠡᠶᠢᠲᠡᠯᠡᠵᠦ᠂ ᠣᠲᠣᠬᠠᠨ ᠪᠣᠯᠲᠠᠯ᠎ᠠ ᠨᠢᠭᠡᠨᠲᠡ 17 ᠳ᠋ᠦᠩᠰᠢᠭᠤᠷ ᠸᠠᠺᠼᠢᠨ ᠬᠠᠩᠭᠠᠭᠰᠠᠨ ᠪᠠᠶᠢᠨ᠎ᠠ᠃ ᠲᠦᠷᠦᠭᠦᠬᠡᠨ᠂ ᠳᠤᠮᠳᠠᠳᠤ ᠤᠯᠤᠰ ᠪᠥᠬᠦ ᠪᠥᠮᠪᠥᠷᠴᠡᠭ ᠤᠨ ᠸᠠᠺᠼᠢᠨ ᠤ ᠬᠠᠮᠲᠤᠷᠠᠯᠴᠠᠭᠠᠨ ᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠳᠤᠷᠠᠳᠴᠤ᠂ ᠢᠷᠡᠬᠦ 3 ᠵᠢᠯ ᠤᠨ ᠳᠣᠲᠣᠷ᠎ᠠ 30 ᠳ᠋ᠦᠩᠰᠢᠭᠤᠷ ᠳ᠋ᠣᠯᠯᠠᠷ ᠬᠠᠩᠭᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠢᠵᠢᠭ ᠲᠠᠢ ᠲᠡᠮᠡᠴᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠡᠷᠭᠦᠭᠡᠬᠦ ᠶᠢ ᠳᠡᠮᠵᠢᠬᠦ ᠳᠤ ᠬᠡᠷᠡᠭᠯᠡᠨ᠎ᠡ ᠭᠡᠵᠦ ᠲᠣᠳᠣᠷᠬᠠᠶᠢᠯᠠᠪᠠ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠡᠳ᠋ ᠪᠣᠳᠠᠰ ᠤᠨ ᠭᠦᠢᠯᠭᠡᠭᠡ ᠪᠣᠯᠤᠨ ᠬᠥᠮᠦᠰ ᠤᠨ ᠠᠮᠤᠷ ᠲᠦᠪᠰᠢᠨ ᠶᠠᠪᠤᠯᠴᠠᠭ᠎ᠠ ᠶᠢ ᠠᠬᠢᠭᠤᠯᠬᠤ ᠰᠠᠨᠠᠭᠠᠴᠢᠯᠠᠭ᠎ᠠ ᠶᠢ ᠪᠠᠶᠠᠷᠯᠠᠨ ᠤᠭᠲᠤᠵᠤ᠂ ᠦᠷᠭᠦᠯᠵᠢᠯᠡᠨ ︽ᠬᠢᠵᠢᠭ ᠤᠨ ᠪᠠᠶᠢᠳᠠᠯ ᠢ ᠠᠷᠭᠠᠴᠠᠭᠠᠬᠤ ᠪᠠ ᠠᠵᠤ ᠠᠬᠤᠢ ᠶᠢ ᠰᠡᠷᠬᠦᠬᠡᠬᠦ︾ ᠬᠤᠪᠢᠶᠠᠷᠢ ᠰᠠᠭᠤᠷᠢ ᠮᠥᠩᠭᠦ ᠳᠤ ᠳᠡᠮᠵᠢᠯᠭᠡ ᠬᠠᠩᠭᠠᠵᠤ᠂ ᠡᠯ᠎ᠡ ᠪᠦᠷᠢᠯᠳᠦᠬᠦᠨ ᠤ ᠠᠵᠤ ᠠᠬᠤᠢ ᠪᠠᠨ ᠰᠡᠷᠭᠦᠭᠡᠨ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃      ᠬᠤᠶᠠᠳᠤᠭᠠᠷ ᠲᠤ᠂ ᠨᠡᠭᠡᠭᠡᠯᠲᠡᠲᠦ ᠮᠠᠶ᠋ᠢᠭ ᠤᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢ ᠪᠠᠶᠢᠭᠤᠯᠤᠶ᠎ᠠ᠃ ᠨᠡᠭᠡᠭᠡᠯᠲᠡ ᠬᠢᠬᠦ ᠪᠣᠯ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠮᠲᠤᠷᠠᠯᠴᠠᠭᠠᠨ ᠤ ᠠᠮᠢᠨ ᠰᠤᠳᠠᠰᠤ ᠮᠥᠨ᠃ ᠨᠡᠭᠡᠭᠡᠯᠲᠡᠲᠦ ᠭᠠᠵᠠᠷ ᠣᠷᠣᠨ ᠤ ᠦᠵᠡᠯ ᠢ ᠪᠠᠷᠢᠮᠲᠠᠯᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠤᠭᠴᠠᠵᠢᠯᠳᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠥᠭᠡᠲᠦ ᠠᠷᠠᠯᠵᠢᠶᠠᠨ ᠤ ᠣᠷᠣᠨ ᠢ ᠡᠷᠲᠡᠬᠡᠨ ᠪᠠᠶᠢᠭᠤᠯᠤᠶ᠎ᠡ᠃ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠪᠠᠭᠲᠠᠭᠠᠮᠵᠢᠲᠠᠢ ᠪᠠᠶᠢᠬᠤ ᠠᠴᠠ ᠪᠢᠰᠢ ᠪᠤᠰᠤᠳ ᠢ ᠭᠠᠳᠠᠭᠤᠷᠴᠢᠯᠠᠬᠤ ᠦᠭᠡᠢ᠂ ᠠᠭᠤᠰᠤᠯᠴᠠᠬᠤ ᠠᠴᠠ ᠪᠢᠰᠢ ᠬᠠᠷᠢᠯᠴᠠᠭ᠎ᠠ ᠪᠠᠨ ᠲᠠᠰᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠶ᠎ᠠ᠃ ᠳᠤᠮᠳᠠᠳᠤ ᠤᠯᠤᠰ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠳᠠᠷᠠᠭ᠎ᠠ ᠵᠢᠯ ᠲᠣᠭᠲᠠᠭᠰᠠᠨ ᠬᠤᠭᠤᠴᠠᠭᠠᠨ ᠳᠤ ᠬᠦᠴᠦᠨ ᠲᠠᠢ ᠪᠣᠯᠬᠤ ᠶᠢ ᠬᠦᠰᠡᠵᠦ᠂ ᠨᠢᠭᠡᠨᠲᠡ ︽ᠪᠦᠬᠦ ᠲᠠᠯ᠎ᠠ ᠶᠢᠨ ᠪᠠ ᠳᠠᠪᠰᠢᠯᠳᠠ ᠲᠠᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠪᠠᠷ ᠭᠤᠶᠤᠴᠢᠯᠠᠪᠠ᠃      ᠭᠤᠷᠪᠠᠳᠤᠭᠠᠷ ᠲᠤ᠂ ᠰᠢᠨ᠎ᠡ ᠶᠢ ᠡᠭᠦᠳᠬᠦ ᠨᠡᠮᠡᠭᠳᠡᠯ ᠪᠣᠯᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠶ᠎ᠠ᠃ ᠰᠢᠨ᠎ᠡ ᠶᠢ ᠡᠭᠦᠳᠬᠦ ᠪᠣᠯ ᠳᠡᠯᠡᠬᠡᠢ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠡᠭᠡ ᠴᠢᠭᠯᠡᠯ ᠢ ᠪᠠᠷᠢᠮᠲᠠᠯᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ︽ᠢᠨᠲ᠋ᠧᠷ ᠰᠦᠯᠵᠢᠶ᠎ᠡ ᠪᠠ ᠲᠣᠭᠠᠴᠢᠯᠠᠭᠰᠠᠨ ᠠᠵᠤ ᠠᠬᠤᠢ ᠶᠢᠨ ᠱᠤᠭᠤᠮ ᠤᠨ ᠵᠢᠷᠤᠭ︾ ᠢ ᠪᠦᠬᠦ ᠲᠠᠯ᠎ᠠ ᠪᠠᠷ ᠲᠡᠩᠴᠡᠭᠦᠷᠢᠲᠡᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠨᠡᠭᠡᠭᠡᠯᠲᠡᠲᠦ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠣᠷᠴᠢᠨ ᠨᠦᠬᠦᠴᠡᠯ ᠢ ᠪᠤᠢ ᠪᠣᠯᠭᠠᠶ᠎ᠠ᠃ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠭᠡᠵᠦ᠂ ︽ᠲᠣᠭᠠᠴᠢᠯᠠᠯᠳᠠ ᠶᠢᠨ ᠵᠦᠷᠢᠶ᠎ᠠ︾ ᠶᠢ ᠴᠢᠷᠮᠠᠶᠢᠨ ᠨᠥᠬᠦᠪᠥᠷᠢᠯᠡᠵᠦ᠂ ᠲᠣᠭᠠᠴᠢᠯᠠᠭᠰᠠᠨ ᠠᠵᠤ ᠠᠬᠤᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠲᠣᠭᠠᠴᠢᠯᠠᠭᠰᠠᠨ ᠴᠠᠭ ᠦᠶ᠎ᠡ ᠶᠢᠨ ᠬᠤᠯᠪᠣᠯᠳᠤᠨ ᠨᠡᠪᠲᠡᠷᠡᠯᠴᠡᠬᠦ ᠰᠠᠨᠠᠭᠠᠴᠢᠯᠠᠭ᠎ᠠ ᠶᠢ ᠳᠤᠷᠠᠳᠴᠤ᠂ ᠲᠣᠭᠠᠴᠢᠯᠠᠭᠰᠠᠨ ᠠᠵᠤ ᠠᠬᠤᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠶᠢ ᠳᠡᠮᠵᠢᠵᠦ᠂ ᠨᠢᠭᠡᠨᠲᠡ ︽ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠪᠠᠷ ᠭᠤᠶᠤᠴᠢᠯᠠᠪᠠ᠃      ᠳᠥᠷᠪᠡᠳᠦᠭᠡᠷ ᠲᠤ᠂ ᠪᠠᠭᠲᠠᠭᠠᠮᠵᠢᠲᠠᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠶ᠎ᠡ᠃ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠶᠢᠨ ᠴᠣᠭᠴᠠ ᠶᠢ ᠴᠢᠷᠮᠠᠶᠢᠨ ᠪᠠᠶᠢᠭᠤᠯᠤᠶ᠎ᠠ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠳᠤ ᠡᠨᠧᠷᠭᠢ ᠶᠢ ᠬᠥᠭᠵᠢᠭᠦᠯᠬᠦ ᠶᠢ ᠳᠡᠮᠵᠢᠵᠦ᠂ ᠳᠤᠷᠠᠲᠠᠶ᠎ᠠ ᠬᠤᠯᠪᠣᠭᠳᠠᠯ ᠪᠥᠬᠦᠶ ᠤᠯᠤᠰ ᠤᠳ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠶᠢ ᠠᠬᠢᠭᠤᠯᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠶᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠨ᠎ᠡ᠃ ᠪᠢ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠭᠰᠠᠨ ᠵᠣᠷᠢᠯᠭ᠎ᠠ ᠨᠢ ᠪᠦᠬᠦ ᠪᠥᠮᠪᠥᠷᠴᠡᠭ ᠤᠨ ᠬᠥᠭᠵᠢᠯᠲᠡ ᠶᠢᠨ ᠲᠡᠩᠴᠡᠭᠦᠷᠢᠲᠡᠢ ᠵᠣᠬᠢᠴᠠᠩᠭᠤᠢ ᠪᠠᠭᠲᠠᠭᠠᠮᠵᠢᠲᠠᠢ ᠰᠢᠨ᠎ᠡ ᠱᠠᠲᠤᠨ ᠳᠤ ᠣᠷᠣᠬᠤ ᠶᠢ ᠠᠬᠢᠭᠤᠯᠬᠤ ᠳᠤ ᠪᠠᠶᠢᠵᠤ᠂ ᠡᠨᠡ ᠨᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠪᠣᠯ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠴᠢᠬᠤᠯᠠ ᠬᠠᠮᠲᠤᠷᠠᠯᠴᠠᠭᠠᠨ ᠤ ᠬᠦᠷᠢᠶ᠎ᠡ ᠪᠣᠯᠤᠨ᠎ᠠ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠭᠵᠢᠵᠦ ᠪᠠᠶᠢᠭ᠎ᠠ ᠪᠦᠷᠢᠯᠳᠦᠬᠦᠨ ᠡᠬᠦᠨ ᠤ ᠳᠤᠮᠳᠠ ᠠᠴᠠ ᠠᠰᠢᠭ ᠬᠦᠷᠳᠡᠬᠦ ᠶᠢ ᠪᠠᠲᠤᠯᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠥᠭᠵᠢᠯ ᠴᠡᠴᠡᠭᠯᠡᠯ ᠳᠤ ᠦᠷᠭᠦᠯᠵᠢᠯᠡᠨ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡᠯ ᠵᠣᠬᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠃ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠷᠠᠰᠢ ᠦᠭᠡᠢ ᠲᠡᠮᠡᠴᠡᠯ ᠤᠨ ᠬᠠᠷᠠᠯᠲᠠ ᠮᠥᠨ᠃ ᠣᠳᠣᠬᠠᠨ ᠳᠤ᠂ ᠳᠤᠮᠳᠠᠳᠤ ᠤᠯᠤᠰ ᠨᠢᠭᠡᠨᠲᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠡᠢ᠃ ᠳᠤᠮᠳᠠᠳᠤ ᠤᠯᠤᠰ ᠭᠠᠳᠠᠭᠠᠳᠤ ᠨᠡᠬᠡᠬᠡᠯᠳᠡ ᠪᠠᠨ ᠡᠷᠡᠰ ᠭᠤᠶᠢᠪᠢᠰᠢ ᠦᠬᠡᠢ ᠥᠷᠭᠡᠳᠭᠡᠵᠦ᠂ ᠳᠡᠯᠡᠬᠡᠢ ᠶᠢᠨ ᠪᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠪᠦᠷᠢᠯᠳᠦᠬᠦᠨ ᠲᠠᠢ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠬᠢᠶᠠᠯ ᠢ ᠬᠠᠮᠳᠤ ᠪᠠᠷ ᠡᠳ᠋ᠯᠡᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ ᠬᠠᠮᠤᠭ ᠤᠨ ᠡᠴᠤᠰ ᠲᠤ᠂ ᠰᠢᠨ᠎ᠡ ᠽᠢᠯᠠᠨᠳ᠋ ᠲᠤ ︽ᠠᠮᠵᠢᠯᠲᠠ ᠤᠯᠬᠤ ᠳᠤ ᠶᠡᠷᠦ ᠠᠴᠠ ᠬᠤᠪᠢ ᠬᠥᠮᠦᠨ ᠳᠤ ᠯᠡ ᠲᠦᠰᠢᠭᠯᠡᠳᠡᠭ ᠪᠢᠰᠢ᠂ ᠬᠠᠷᠢᠨ ᠬᠠᠮᠲᠤ ᠨᠡᠶᠢᠲᠡ ᠳᠤ ᠲᠦᠰᠢᠭᠯᠡᠳᠡᠭ︾ ᠭᠡᠳᠡᠭ ᠵᠦᠢᠷ ᠦᠭᠡ ᠪᠠᠶᠢᠳᠠᠭ᠃ ᠳᠤᠮᠳᠠᠳᠤ ᠤᠯᠤᠰ ᠳᠤᠷᠠᠲᠠᠶ᠎ᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠪᠦᠷᠢᠯᠳᠦᠬᠦᠨ ᠲᠠᠢ ᠬᠠᠮᠲᠤ ᠪᠠᠷ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠭᠠᠷ ᠬᠤᠯᠪᠣᠨ ᠡᠭᠦᠳᠦᠨ᠎ᠡ ᠭᠡᠵᠦ ᠴᠢᠬᠤᠯᠠᠴᠢᠯᠠᠪᠠ᠃      ᠬᠤᠷᠠᠯ ᠢ ᠰᠢᠨ᠎ᠡ ᠽᠢᠯᠠᠨᠳ᠋ ᠤᠨ ᠶᠡᠷᠦᠩᠬᠡᠶ ᠰᠠᠶᠢᠳ ᠠᠳᠧ ᠊ ᠧᠨ ᠡᠷᠭᠢᠯᠡᠵᠦ᠂ ᠬᠤᠷᠠᠯ ᠤᠨ ᠭᠤᠤᠯ ᠰᠡᠳᠦᠪ ᠨᠢ ︽ᠬᠢᠵᠢᠭ ᠤᠨ ᠳᠠᠷᠠᠭᠠᠬᠢ ᠠᠵᠤ ᠠᠬᠤᠶ ᠶᠢᠨ ᠰᠡᠷᠭᠦᠯᠲᠡ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠷᠠᠳ ᠲᠦᠮᠡᠨ ᠪᠣᠯᠤᠨ ᠦᠷ᠎ᠡ ᠬᠤᠶᠢᠴᠢᠰ ᠤᠨ ᠬᠠᠮᠲᠤ ᠶᠢᠨ ᠴᠡᠴᠡᠭᠯᠡᠯ ᠬᠥᠭᠵᠢᠯ ᠢ ᠪᠡᠶᠡᠯᠡᠭᠦᠯᠦᠶ᠎ᠡ︾ ᠪᠤᠯᠤᠨ᠎ᠠ᠃ ᠬᠤᠷᠠᠯ  ᠠᠴᠠ ︽2040 ᠣᠨ ᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲ᠋ᠧᠯᠠᠵᠢᠶᠠᠶᠠ ᠶᠢᠨ ᠠᠯᠤᠰ ᠤᠨ ᠲᠥᠰᠦᠪ︾ ᠢ ᠨᠠᠶᠢᠳᠠᠪᠤᠷᠢᠵᠢᠭᠤᠯᠬᠤ ᠲᠥᠯᠥᠪᠯᠡᠭᠡ ᠶᠢ ᠪᠠᠲᠤᠯᠠᠵᠤ᠂ ︽2021 ᠣᠨ ᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠲᠤᠩᠬᠠᠭ︾ ᠢ ᠨᠡᠶᠢᠲᠡᠯᠡᠪᠡ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号