ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 18 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/22
        11 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ 18 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ᠂ ᠵᠠᠩ ᠶᠦᠩ ᡁᠢ᠂ ᠰᠢᠯᠢᠨᠪᠠᠭᠠᠳᠣᠷ᠂ ᠵᠧᠤ ᠵᠢᠩ ᠷᠠᠨ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠪᠠ᠃  
 
    ᠬᠤᠷᠠᠯ ᠤᠨ ᠠᠬᠤᠶ ᠲᠠᠯᠠᠪᠠᠢ    
         ᠯᠦ ᠪᠦᠦ ᠳ᠋ᠦᠩ ᠶᠠᠷᠢᠶ᠎ᠠ ᠲᠠᠯᠪᠢᠵᠠᠢ        ᠯᠦ ᠪᠦᠦ ᠳ᠋ᠦᠩ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠮᠠᠨ ᠤ ᠬᠤᠳᠠ ᠶᠢᠨ ᠡᠷᠬᠡᠪᠰᠢ ᠰᠠᠶᠢᠲᠤᠷ ᠠᠳᠬᠤᠬᠤ ᠲᠡᠷᠢᠭᠦᠨ ᠴᠢᠬᠤᠯᠠ ᠶᠠᠪᠤᠳᠠᠯ ᠮᠥᠨ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠶ ᠲᠠᠯ᠎ᠠ ᠪᠠᠨ ᠭᠦᠨᠵᠡᠭᠡᠶ ᠲᠤᠩᠭᠠᠨ ᠪᠣᠳᠣᠯᠬᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠠᠴᠠ ᠬᠦᠢᠴᠡᠳ ᠰᠤᠷᠭᠠᠮᠵᠢ ᠠᠪᠴᠤ᠂ ᠠᠰᠠᠭᠤᠳᠠᠯ ᠤᠨ ᠲᠤᠬᠠᠶ ᠤᠬᠠᠮᠰᠠᠷ ᠢᠶᠠᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠬᠢᠲᠤᠭᠠᠨ ᠤ ᠢᠷ ᠢ ᠳᠣᠲᠣᠭᠰᠢ ᠪᠠᠨ ᠬᠠᠨᠳᠤᠭᠤᠯᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠠᠰᠠᠭᠤᠳᠠᠯ ᠡᠭᠦᠰᠦᠭᠰᠡᠨ ᠦᠨᠳᠦᠰᠦ ᠰᠤᠷᠪᠤᠯᠵᠢ ᠪᠠ ᠬᠡᠮ ᠰᠣᠭᠤᠭ ᠢ ᠭᠦᠨᠵᠡᠭᠡᠶ ᠵᠠᠳᠠᠯᠤᠨ ᠰᠢᠨᠵᠢᠯᠡᠵᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠪᠣᠳᠠᠲᠠᠶ ᠪᠥᠭᠡᠳ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠣᠭᠤᠮᠲᠠ ᠶᠢᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ᠃         ᠬᠤᠷᠠᠯ ᠠᠴᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠶᠢᠨ ᠮᠠᠲ᠋ᠧᠷᠢᠶᠡᠯ ᠢ ᠰᠤᠳᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠬᠠᠷᠢᠯᠴᠠᠨ ᠰᠠᠨᠠᠯ ᠢᠶᠠᠨ ᠰᠣᠯᠢᠯᠴᠠᠵᠤ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠠᠵᠢᠯ ᠬᠢᠵᠡᠢ᠃  
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号