︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠤᠨ ᠲᠥᠯᠥᠪᠵᠢᠭᠦᠯᠭᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/24
  ᠨᠢᠭᠡ᠂ ᠲᠣᠭᠲᠠᠭᠠᠭᠰᠠᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ ᠶᠢᠨ ᠬᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠭᠠᠯ ᠤᠨ ᠭᠠᠮᠰᠢᠭ ᠤᠨ ᠶᠡᠷᠦᠩᠬᠡᠶ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ ᠪᠥᠬᠦ ᠣᠷᠣᠨ ᠤ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠪᠠᠲᠤᠯᠠᠬᠤ᠂ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠦᠭᠰᠡᠨ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠨ ᠤ ᠲᠠᠪᠤᠨ ᠵᠢᠯ ᠮᠥᠷᠲᠡᠭᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠢ ᠣᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠲᠤᠬᠠᠶ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠬᠢᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠥᠷᠥᠯ ᠤᠨ ᠭᠠᠮᠰᠢᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂ ᠡᠭᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ ᠲᠥᠯᠥᠪᠵᠢᠭᠦᠯᠭᠡ ᠨᠢ ᠪᠦᠲᠦᠴᠡ ᠶᠢᠨ ᠲᠠᠯ᠎ᠠ ᠪᠠᠷ ᠴᠠᠭ ᠤᠨ ᠪᠠᠶᠢᠳᠠᠯ ᠤᠨ ᠵᠠᠳᠠᠯᠤᠯᠲᠠ᠂ ᠶᠡᠷᠦᠩᠬᠡᠶ ᠰᠡᠳᠬᠢᠮᠵᠢ᠂ ᠭᠤᠤᠯ ᠡᠭᠦᠷᠭᠡ᠂ ᠴᠢᠬᠤᠯᠠ ᠶᠡᠭᠡ ᠢᠨᠵᠧᠨᠧᠷᠢᠩ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠳᠠᠭᠠᠯᠳᠤᠭᠤᠯᠤᠯ ᠬᠡᠰᠡᠭ ᠢᠶᠠᠷ ᠪᠦᠷᠢᠯᠳᠦᠪᠡ᠃ ᠨᠢᠭᠡᠳᠦᠭᠡᠷ ᠪᠦᠯᠦᠭ ᠨᠢ ᠴᠠᠭ ᠤᠨ ᠪᠠᠶᠢᠳᠠᠯ ᠤᠨ ᠵᠠᠳᠠᠯᠤᠯᠲᠠ ᠪᠠᠶᠢᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠤᠨ ᠣᠯᠤᠭᠰᠠᠨ ᠭᠤᠤᠯ ᠦᠷ᠎ᠡ ᠪᠦᠲᠦᠮᠵᠢ ᠶᠢ ᠡᠷᠭᠢᠴᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠠᠵᠢᠯ ᠳᠤ ᠲᠤᠯᠭᠠᠷᠠᠭᠰᠠᠨ ᠥᠷᠢᠰᠥᠯᠳᠦᠭᠡᠨ ᠪᠠ ᠠᠵᠠ ᠲᠣᠬᠢᠶᠠᠯ ᠢ ᠵᠠᠳᠠᠯᠪᠠ᠃ ᠬᠤᠶᠠᠳᠤᠭᠠᠷ ᠪᠦᠯᠦᠭ ᠨᠢ ᠶᠡᠷᠦᠩᠬᠡᠶ ᠰᠡᠳᠬᠢᠮᠵᠢ ᠪᠠᠶᠢᠵᠤ᠂ ᠮᠠᠨ ᠤ ᠣᠷᠣᠨ ᠤ ᠬᠤᠶᠢᠰᠢᠳᠠ ᠶᠢᠨ ᠲᠠᠪᠤᠨ ᠵᠢᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠤᠨ ᠭᠤᠣᠯ ᠬᠠᠷᠠᠯᠲᠠ ᠶᠢ ᠲᠣᠳᠣᠷᠬᠠᠶᠢᠯᠠᠨ ᠥᠭᠦᠯᠡᠪᠡ᠃ ᠭᠤᠷᠪᠠᠳᠤᠭᠠᠷ ᠪᠦᠯᠦᠭ ᠨᠢ ᠭᠤᠣᠯ ᠡᠭᠦᠷᠭᠡ ᠪᠠᠶᠢᠵᠤ᠂ ᠲᠤᠯᠤᠭᠠᠨ ᠬᠡᠰᠡᠭ ᠬᠤᠪᠢᠶᠠᠪᠠ᠄ ᠨᠢᠭᠡᠳᠦᠭᠡᠷ ᠬᠡᠰᠡᠭ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠡᠰᠡᠨ ᠬᠤᠶᠠᠷ ᠬᠡᠰᠡᠭ ᠢᠶᠠᠷ ᠪᠦᠷᠢᠯᠳᠦᠪᠡ᠃ ᠭᠠᠯ ᠢ ᠰᠡᠷᠭᠡᠶᠢᠯᠡᠬᠦ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠪᠠᠶᠢᠭᠤᠯᠤᠯᠲᠠ ᠶᠢᠨ ᠡᠭᠦᠷᠭᠡ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ᠂ ᠠᠵᠢᠯ ᠲᠥᠷᠥᠯ ᠤᠨ ᠰᠠᠯᠠᠭ᠎ᠠ ᠮᠥᠴᠢᠷ᠂ ᠨᠡᠶᠢᠭᠡᠮ ᠨᠢᠭᠡᠴᠢ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠤᠶᠠᠳᠤᠭᠠᠷ ᠬᠡᠰᠡᠭ ᠨᠢ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠶᠢ ᠨᠠᠷᠢᠯᠢᠭ ᠣᠨᠣᠴᠠᠲᠠᠶ ᠵᠠᠰᠠᠯᠲᠠ ᠶᠢ ᠴᠢᠩᠭᠠᠳᠬᠠᠬᠤ᠂ ᠭᠠᠯ ᠢ ᠰᠡᠷᠭᠡᠶᠢᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠭᠤᠷᠪᠠᠨ ᠲᠠᠯ᠎ᠠ ᠠᠴᠠ ᠡᠭᠦᠷᠭᠡ ᠲᠣᠭᠲᠠᠭᠠᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠶ ᠵᠠᠰᠠᠯᠲᠠ ᠶᠢ ᠰᠠᠶᠢᠲᠤᠷ ᠠᠳᠬᠤᠵᠤ᠂ ᠭᠠᠯ ᠢ ᠰᠡᠷᠭᠡᠶᠢᠯᠡᠬᠦ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠂ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ᠂ ᠲᠥᠪ ᠭᠤᠣᠯᠴᠢ ᠪᠥᠭᠡᠳ ᠢᠯᠡ ᠲᠣᠳᠣ ᠭᠠᠯ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠠᠯ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠤᠷᠪᠠᠳᠤᠭᠠᠷ ᠬᠡᠰᠡᠭ ᠨᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠬᠦᠴᠦᠨ ᠤ ᠲᠣᠭᠲᠠᠯᠴᠠᠭ᠎ᠠ ᠶᠢ ᠪᠠᠶᠢᠭᠤᠯᠬᠤ ᠲᠤᠬᠠᠢ ᠠᠭᠤᠯᠭ᠎ᠠ ᠪᠠᠶᠢᠵᠤ᠂ ᠤᠯᠤᠰ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠵᠦᠢᠯ ᠤᠨ ᠬᠡᠯᠪᠡᠷᠢ ᠶᠢᠨ ᠭᠠᠯ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠣᠶᠢᠲᠤ ᠣᠷᠣᠨ ᠬᠤᠳᠠ ᠪᠠᠯᠭᠠᠰᠤᠨ ᠤ ᠭᠠᠯ ᠢ ᠰᠡᠷᠭᠡᠶᠢᠯᠡᠬᠦ ᠡᠩᠨᠡᠭᠡ ᠶᠢ ᠥᠭᠡᠷᠡᠴᠢᠯᠡᠨ ᠪᠠᠶᠢᠭᠤᠯᠵᠤ ᠬᠦᠯᠢᠶᠡᠨ ᠠᠪᠬᠤ ᠶᠢ ᠪᠡᠶᠡᠯᠡᠭᠦᠯᠬᠦ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ ᠪᠣᠳᠠᠲᠤ ᠪᠠᠶᠢᠯᠳᠤᠭᠠᠨ ᠪᠣᠳᠠᠲᠤ ᠰᠤᠷᠭᠠᠭᠤᠯᠢᠯᠠᠯ ᠢ ᠴᠢᠩᠭᠠᠳᠬᠠᠬᠤ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠢᠨ ᠲᠤᠬᠢᠷᠠᠭᠤᠯᠤᠯᠲᠠ ᠵᠢᠯᠤᠭᠤᠳᠤᠯᠭ᠎ᠠ ᠶᠢ ᠴᠢᠩᠭᠠᠳᠬᠠᠬᠤ ᠵᠡᠷᠭᠡ 6 ᠲᠠᠯ᠎ᠠ ᠶᠢᠨ ᠡᠭᠦᠷᠭᠡ ᠬᠤᠪᠢᠶᠠᠪᠠ᠃ ᠪᠥᠬᠦ ᠣᠷᠣᠨ ᠳᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ 85 ᠥᠷᠲᠡᠭᠡ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠥᠬᠡᠬᠤᠲᠠ ᠳᠤ 27᠂ ᠪᠤᠭᠤᠲᠤ ᠬᠤᠲᠠ ᠳᠤ 12᠂ ᠬᠥᠯᠥᠨ ᠪᠤᠶᠢᠷ ᠬᠤᠲᠠ ᠳᠤ 19᠂ ᠬᠢᠩᠭᠠᠨ ᠠᠶᠢᠮᠠᠭ ᠲᠤ 1᠂ ᠲᠦᠩᠯᠢᠶᠣᠤ ᠬᠤᠲᠠ ᠳᠤ 3᠂ ᠤᠯᠠᠭᠠᠨᠬᠠᠳᠠ ᠬᠤᠲᠠ ᠳᠤ 2᠂ ᠰᠢᠯᠢ ᠶᠢᠨ ᠭᠤᠤᠯ ᠠᠶᠢᠮᠠᠭ ᠲᠤ 3᠂ ᠤᠯᠠᠭᠠᠨᠴᠠᠪ ᠬᠤᠲᠠ ᠳᠤ 3᠂ ᠣᠷᠳᠣᠰ ᠬᠤᠲᠠ ᠳᠤ 6᠂ ᠪᠠᠶᠠᠨᠨᠠᠭᠤᠷ ᠬᠤᠲᠠ ᠳᠤ 4᠂ ᠦᠬᠠᠶ ᠬᠤᠲᠠ ᠳᠤ 4᠂ ᠠᠯᠠᠱᠠ ᠠᠶᠢᠮᠠᠭ ᠲᠤ 1 ᠪᠣᠶ︔ ᠰᠤᠷᠭᠠᠭᠤᠯᠢᠯᠠᠯ ᠤᠨ ᠰᠠᠭᠤᠷᠢᠨ ᠢ 6 ᠪᠠᠶᠢᠭᠤᠯᠵᠤ᠂ ᠰᠤᠷᠭᠠᠭᠤᠯᠢᠯᠠᠯ ᠤᠨ ᠪᠡᠯᠡᠳᠬᠡᠮᠵᠢ ᠶᠢ 300 ᠰᠢᠬᠠᠮ ᠪᠠᠶᠢᠭᠤᠯᠤᠨ᠎ᠠ︔ ᠵᠠᠰᠠᠭ ᠤᠨ ᠣᠷᠳᠣᠨ ᠤ ᠭᠠᠯ ᠢ ᠰᠡᠷᠭᠡᠶᠢᠯᠡᠬᠦ ᠲᠤᠰᠬᠠᠶ ᠡᠩᠨᠡᠭᠡ ᠶᠢ 253 ᠪᠠᠶᠢᠭᠤᠯᠵᠤ᠂ ᠵᠠᠰᠠᠭ ᠤᠨ ᠣᠷᠳᠣᠨ ᠤ ᠭᠠᠯ ᠢ ᠰᠡᠷᠭᠡᠶᠢᠯᠡᠬᠦ ᠲᠤᠰᠬᠠᠶ ᠥᠷᠲᠡᠭᠡᠨ ᠤ ᠭᠡᠰᠢᠭᠦᠨ ᠢ 3100 ᠭᠠᠷᠤᠶ ᠬᠥᠮᠦᠨ᠂ ᠭᠠᠯ ᠢ ᠰᠡᠷᠭᠡᠶᠢᠯᠡᠬᠦ ᠪᠢᠴᠢᠭ ᠤᠨ ᠠᠵᠢᠯᠲᠠᠨ 600 ᠭᠠᠷᠤᠶ ᠬᠥᠮᠦᠨ ᠡᠯᠰᠡᠨ᠎ᠡ︔ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷᠠᠬᠢ ︽ᠨᠢᠭᠡᠳᠦᠯᠲᠡᠶ ᠵᠢᠯᠣᠭᠤᠳᠴᠤ᠂ ᠱᠠᠳᠤ ᠬᠤᠪᠢᠶᠠᠨ ᠬᠠᠷᠢᠭᠤᠴᠠᠬᠤ︾ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠢᠨ ᠲᠣᠬᠢᠷᠠᠭᠤᠯᠤᠨ ᠵᠢᠯᠣᠭᠤᠳᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠳᠥᠷᠪᠡᠳᠦᠭᠡᠷ ᠬᠡᠰᠡᠭ ᠨᠢ ᠲᠠᠶᠢᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠭᠤᠯᠭ᠎ᠠ ᠪᠠᠶᠢᠵᠤ᠂ ᠣᠳᠣᠬᠢᠴᠢᠯᠠᠭᠰᠠᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢ ᠲᠤᠬᠢᠷᠠᠭᠤᠯᠬᠤ᠂ ᠲᠠᠶᠢᠨ ᠤ ᠦᠢᠯᠡᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠣᠳᠠᠰ ᠢ ᠬᠠᠳᠠᠭᠠᠯᠠᠵᠤ ᠵᠥᠭᠡᠭᠡᠪᠦᠷᠢᠯᠡᠨ ᠠᠰᠢᠭᠯᠠᠯᠲᠠ ᠳᠤ ᠣᠷᠣᠭᠤᠯᠬᠤ ᠶᠢ ᠴᠢᠩᠭᠠᠳᠬᠠᠬᠤ᠂ ᠴᠢᠳᠠᠪᠤᠷᠢᠲᠠᠨ ᠤ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠦᠷᠪᠡᠨ ᠲᠠᠯ᠎ᠠ ᠠᠴᠠ ᠡᠭᠦᠷᠭᠡ ᠶᠢ ᠲᠣᠭᠲᠠᠭᠠᠪᠠ᠃ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠲᠡᠷᠭᠡ ᠶᠢ 1000 ᠰᠢᠬᠠᠮ ᠰᠢᠨ᠎ᠡ ᠪᠠᠷ ᠨᠡᠮᠡᠭᠳᠡᠭᠦᠯᠵᠦ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠯ᠎ᠡ ᠵᠦᠢᠯ ᠤᠨ ᠪᠠᠭᠠᠵᠢ ᠬᠡᠷᠡᠭᠰᠡᠯ ᠢ 40 ᠭᠠᠷᠤᠶ ᠲᠦᠮᠡ ᠬᠤᠳᠠᠯᠳᠤᠨ ᠠᠪᠴᠤ᠂ ᠭᠠᠯ ᠢ ᠰᠡᠷᠭᠡᠶᠢᠯᠡᠬᠦ ᠤᠨᠲᠠᠷᠠᠭᠠᠭᠤᠷ ᠢ 3000 ᠭᠠᠷᠤᠶ ᠲᠣᠨ ᠲᠣᠬᠢᠷᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠳᠠᠶᠢᠨ ᠤ ᠦᠢᠯᠡᠴᠢᠯᠡᠭᠡᠨ ᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠬᠥᠮᠥᠷᠭᠡ 1 ᠪᠠ ᠠᠶᠢᠮᠠᠭ ᠬᠤᠲᠠ ᠶᠢᠨ ᠳᠡᠰ ᠤᠨ ᠳᠠᠶᠢᠨ ᠤ ᠦᠢᠯᠡᠴᠢᠯᠡᠭᠡᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ 5 ᠪᠠᠶᠢᠭᠤᠯᠵᠤ᠂ ᠣᠷᠣᠨ ᠪᠦᠰᠡ ᠶᠢᠨ ︽1+5+12+N︾ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠠᠷᠠᠭ᠎ᠠ ᠶᠢᠨ ᠨᠥᠭᠡᠴᠡᠯᠡᠨ ᠪᠠᠲᠤᠯᠠᠬᠤ ᠰᠦᠯᠵᠢᠶ᠎ᠡ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠨᠥᠭᠡᠴᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠳ᠋ ᠪᠠᠷᠠᠭ᠎ᠠ ᠨᠥᠭᠡᠴᠡᠯᠡᠬᠦ ᠪᠠ ᠲᠡᠷᠭᠡ ᠬᠥᠰᠬᠡ ᠲᠣᠨᠤᠭ ᠲᠥᠬᠦᠭᠡᠷᠦᠮᠵᠢ ᠳᠣᠭᠢᠷᠠᠭᠤᠯᠬᠤ ᠪᠠᠷᠢᠮᠵᠢᠶ᠎ᠠ ᠶᠢ ᠱᠠᠲᠤ ᠲᠥᠷᠥᠯ ᠬᠤᠪᠢᠶᠠᠨ ᠨᠠᠶᠢᠳᠠᠪᠤᠷᠢᠵᠢᠭᠤᠯᠤᠨ᠎ᠠ︔ ᠥᠨᠳᠥᠷ ᠬᠡᠪ ᠴᠢᠨᠠᠷ ᠪᠦᠬᠦᠢ ᠵᠠᠭᠤ ᠭᠠᠷᠤᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠲᠠᠪᠤᠳᠤᠭᠠᠷ ᠬᠡᠰᠡᠭ ᠨᠢ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠷᠠᠭᠤᠯᠬᠤ ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠ ᠬᠡᠷᠡᠭᠵᠢᠭᠦᠯᠬᠦ ᠶᠢ ᠴᠢᠩᠭᠠᠳᠬᠠᠬᠤ᠂ ᠤᠯᠠᠨ ᠨᠡᠶᠢᠲᠡ ᠶᠢᠨ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠬᠤ ᠬᠤᠶᠠᠷ ᠬᠡᠰᠡᠭ ᠢᠶᠠᠷ ᠪᠦᠷᠢᠯᠳᠦᠪᠡ᠃ ᠬᠤᠲᠠ ᠬᠥᠳᠡᠭᠡ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠥᠷᠲᠡᠭᠡ᠂ ᠭᠠᠯ ᠢ ᠰᠡᠷᠭᠡᠶᠢᠯᠡᠬᠦ ᠲᠡᠷᠭᠡᠨ ᠤ ᠨᠡᠪᠲᠡᠷᠡᠬᠦ ᠵᠠᠮ᠂ ᠭᠠᠯ ᠢ ᠰᠡᠷᠭᠡᠶᠢᠯᠡᠬᠦ ᠤᠰᠤᠨ ᠰᠤᠷᠪᠤᠯᠵᠢ᠂ ᠭᠠᠯ ᠢ ᠰᠡᠷᠭᠡᠶᠢᠯᠡᠬᠦ ᠴᠢᠮᠡᠭᠡ ᠬᠤᠯᠪᠣᠭ᠎ᠠ ᠪᠣᠯᠤᠨ ᠭᠠᠯ ᠢ ᠰᠡᠷᠭᠡᠶᠢᠯᠡᠬᠦ ᠰᠤᠷᠭᠠᠭᠤᠯᠢᠯᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠵᠤ᠂ ᠣᠯᠠᠨ ᠨᠡᠶᠢᠲᠡ ᠶᠢᠨ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠤᠲᠠ ᠶᠢᠨ ᠭᠠᠯ ᠢ ᠰᠡᠷᠭᠡᠶᠢᠯᠡᠬᠦ ᠲᠡᠷᠭᠡᠨ ᠤ ᠨᠡᠪᠲᠡᠷᠡᠬᠦ ᠵᠠᠮ ᠤᠨ ᠲᠦᠭᠵᠢᠷᠡᠯ ᠢ ᠰᠢᠢᠳᠪᠦᠷᠢᠯᠡᠵᠦ᠂ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠷ ᠢ 11141᠂ ᠭᠠᠯ ᠢ ᠰᠡᠷᠭᠡᠶᠢᠯᠡᠬᠦ ᠭᠤᠭᠤᠵᠢᠭᠤᠷ ᠢ 1078 ᠰᠢᠨ᠎ᠡ ᠪᠠᠷ ᠪᠠᠶᠢᠭᠤᠯᠤᠨ᠎ᠠ᠃ ᠵᠢᠷᠭᠤᠳᠤᠭᠠᠷ ᠬᠡᠰᠡᠭ ᠨᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠠᠭᠤᠯᠭ᠎ᠠ ᠪᠠᠶᠢᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠬᠤ ᠭᠤᠷᠪᠠᠨ ᠲᠠᠯ᠎ᠠ ᠶᠢᠨ ᠡᠭᠦᠷᠭᠡ ᠶᠢ ᠲᠣᠳᠣᠷᠬᠠᠶᠢᠯᠠᠪᠠ ᠃ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠳᠤ ᠠᠭᠤᠰᠤᠯᠴᠠᠭᠤᠯᠤᠨ᠂ ᠭᠠᠯ ᠢ ᠰᠡᠷᠭᠡᠶᠢᠯᠡᠬᠦ ᠮᠡᠳᠡᠭᠡ ᠵᠠᠩᠭᠢᠵᠢᠯᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠪᠥᠲᠥᠭᠡᠨ ᠪᠠᠶᠢᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠨᠤᠭ ᠲᠥᠬᠦᠭᠡᠷᠦᠮᠵᠢ ᠶᠢ ᠪᠦᠷᠢᠨ ᠭᠦᠢᠴᠡᠳ ᠳᠣᠭᠢᠷᠠᠭᠤᠯᠤᠨ ᠬᠦᠴᠦᠷᠬᠡᠭᠵᠢᠭᠦᠯᠦᠨ᠎ᠡ᠃ ᠳᠣᠯᠣᠳᠤᠭᠠᠷ ᠬᠡᠰᠡᠭ ᠨᠢ ᠨᠡᠶᠢᠲᠡ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠪᠠᠬᠢᠯᠡᠯᠲᠡ ᠶᠢ ᠬᠦᠴᠦᠷᠬᠡᠭᠵᠢᠭᠦᠯᠦᠨ ᠪᠠᠶᠢᠭᠤᠯᠵᠤ᠂ ᠭᠠᠯ ᠢ ᠰᠡᠷᠭᠡᠶᠢᠯᠡᠬᠦ ᠬᠥᠮᠦᠵᠢᠯ ᠰᠤᠷᠭᠠᠭᠤᠯᠢᠯᠠᠯ ᠢ ᠴᠢᠩᠭᠠᠳᠬᠠᠬᠤ᠂ ᠭᠠᠯ ᠢ ᠰᠡᠷᠭᠡᠶᠢᠯᠡᠬᠦ ᠰᠣᠶᠣᠯ ᠤᠨ ᠬᠥᠮᠦᠵᠢᠯ ᠢ ᠠᠬᠢᠭᠤᠯᠬᠤ ᠭᠤᠷᠪᠠᠨ ᠠᠭᠤᠯᠭ᠎ᠠ ᠶᠢ ᠪᠠᠭᠲᠠᠭᠠᠨ᠎ᠠ᠃ ᠡᠯ᠎ᠡ ᠱᠠᠲᠤᠨ ᠤ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ᠂ ᠭᠠᠯ ᠢ ᠰᠡᠷᠭᠡᠶᠢᠯᠡᠬᠦ ᠰᠡᠳᠦᠪᠲᠦ ᠴᠡᠴᠡᠷᠯᠢᠭ ︵ᠰᠣᠶᠣᠯ ᠤᠨ ᠲᠠᠯᠠᠪᠠᠢ᠂ ᠵᠡᠭᠡᠯᠢ ᠲᠣᠭᠤᠷᠢᠭ︶ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠵᠠᠭᠤᠴᠢᠯᠠᠭᠤᠷ ᠤᠨ ᠪᠠᠬᠢᠯᠡᠯᠲᠡ ᠪᠣᠯᠤᠨ ᠬᠠᠮ ᠵᠠᠭᠤᠴᠢᠯᠠᠭᠤᠷ ᠤᠨ ᠲᠥᠪ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠠᠷᠠᠳ ᠤᠨ ᠬᠡᠪ ᠴᠢᠨᠠᠷ ᠤᠨ ᠬᠥᠮᠦᠵᠢᠯ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠰᠤᠷᠭᠠᠭᠤᠯᠢᠯᠠᠯ ᠵᠡᠷᠭᠡ ᠬᠥᠮᠦᠵᠢᠯ ᠤᠨ ᠲᠣᠭᠲᠠᠯᠴᠠᠭ᠎ᠠ ᠳᠤ ᠣᠷᠣᠭᠤᠯᠤᠨ᠎ᠠ᠃ ᠳᠥᠷᠪᠡᠳᠦᠭᠡᠷ ᠪᠦᠯᠦᠭ ᠨᠢ ᠴᠢᠬᠤᠯᠠ ᠶᠡᠭᠡ ᠢᠨᠵᠧᠨᠧᠷᠢᠩ ᠪᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ 6 ᠴᠢᠬᠤᠯᠠ ᠶᠡᠭᠡ ᠢᠨᠵᠧᠨᠧᠷᠢᠩ ᠢ ᠲᠣᠳᠣᠷᠬᠠᠶᠢᠯᠠᠪᠠ᠃ ᠨᠢᠭᠡᠳᠦᠭᠡᠷ ᠵᠦᠢᠯ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠪᠠᠶᠢᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠠᠵᠢᠯ ᠲᠥᠷᠥᠯ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠥᠷᠨᠢᠭᠦᠯᠵᠦ᠂ ᠨᠢᠭᠡᠴᠢ ᠨᠡᠶᠢᠭᠡᠮ ᠲᠣᠭᠤᠷᠢᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠭᠠᠯ ᠢ ᠰᠡᠷᠭᠡᠶᠢᠯᠡᠬᠦ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠶᠠᠳᠤᠭᠠᠷ ᠵᠦᠢᠯ ᠨᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠲᠤᠰᠬᠠᠶ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠡᠯᠡᠳᠬᠡᠯ ᠰᠠᠯᠪᠤᠷᠢ ᠠᠩᠭᠢ ᠳᠤ ᠬᠠᠷᠢᠶᠠᠯᠠᠭᠳᠠᠬᠤ 8 ᠲᠤᠰᠬᠠᠶ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠡᠩᠨᠡᠭᠡ ᠶᠢᠨ ᠠᠪᠤᠷᠠᠨ ᠲᠤᠰᠠᠯᠠᠬᠤ ᠴᠢᠳᠠᠪᠤᠷᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠥᠷᠨᠢᠭᠦᠯᠦᠨ᠂ ︽1+12+N︾ ᠣᠷᠣᠨ ᠪᠦᠰᠡ ᠠᠯᠤᠰᠯᠠᠭᠰᠠᠨ ᠪᠠᠶᠢᠯᠳᠤᠭᠠᠨ ᠤ ᠲᠣᠭᠲᠠᠯᠴᠠᠭ᠎ᠠ ᠶᠢ ᠪᠦᠷᠢᠯᠳᠦᠭᠦᠯᠦᠨ᠎ᠡ᠃ ᠭᠤᠷᠪᠠᠳᠤᠭᠠᠷ ᠵᠦᠢᠯ ᠨᠢ ᠤᠯᠤᠰ ᠤᠨ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠳᠠᠲᠤ ᠳᠠᠶᠢᠨ ᠪᠣᠳᠠᠲᠤ ᠰᠤᠷᠭᠠᠭᠤᠯᠢᠯᠠᠯ ᠤᠨ ᠰᠠᠭᠤᠷᠢᠨ ᠭᠠᠵᠠᠷ ᠪᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠢ ᠰᠢᠢᠳᠪᠦᠷᠢᠯᠡᠬᠦ ᠲᠤᠰᠬᠠᠢ ᠠᠪᠤᠷᠠᠨ ᠲᠤᠰᠠᠯᠠᠬᠤ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ᠎ᠠ᠃ ᠣᠷᠳᠣᠰ ᠬᠤᠲᠠ ᠳᠤ ᠤᠯᠤᠰ ᠤᠨ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠪᠤᠷᠠᠨ ᠲᠤᠰᠠᠯᠠᠬᠤ ᠲᠤᠰᠬᠠᠶ ᠰᠤᠷᠭᠠᠭᠤᠯᠢᠯᠠᠯ ᠤᠨ ᠰᠠᠭᠤᠷᠢᠨ ᠭᠠᠵᠠᠷ ᠢ ᠪᠠᠶᠢᠭᠤᠯᠬᠤ ᠶᠢᠨ ᠬᠠᠮᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠢ ᠰᠢᠢᠳᠪᠦᠷᠢᠯᠡᠬᠦ ᠰᠢᠪᠲᠤᠯᠤᠯᠲᠠ ᠶᠢᠨ ᠴᠢᠳᠠᠪᠤᠷᠢ ᠲᠠᠢ ᠤᠯᠤᠰ ᠤᠨ ᠲᠠᠰ ᠤᠨ ᠲᠤᠰᠬᠠᠶᠢᠵᠢᠭᠰᠠᠨ ᠡᠩᠨᠡᠭᠡ ᠶᠢ ᠪᠠᠶᠢᠭᠤᠯᠤᠨ᠎ᠠ᠃ ᠳᠥᠷᠪᠡᠳᠦᠭᠡᠷ ᠵᠦᠢᠯ ᠨᠢ ᠬᠢᠮᠢ ᠶᠢᠨ ᠠᠵᠤ ᠦᠢᠯᠡᠳᠪᠦᠷᠢ ᠶᠢᠨ ᠭᠠᠮᠰᠢᠭ ᠠᠳᠡᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ︽ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ︾᠂ ︽ᠦᠬᠠᠶ ᠶᠢᠨ ᠭᠤᠷᠪᠠᠯᠵᠢᠨ ᠣᠷᠣᠨ︾᠂ ︽ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ︾ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠭᠠᠮᠰᠢᠭ ᠠᠳᠡᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠭᠤᠷᠪᠠᠨ ᠲᠣᠭᠤᠷᠢᠭ ᠢ ᠪᠠᠶᠢᠭᠤᠯᠤᠨ᠎ᠠ᠃ ᠲᠠᠪᠤᠳᠤᠭᠠᠷ ᠵᠦᠢᠯ ᠨᠢ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ︽1+1+1+2︾ ᠲᠣᠭᠲᠠᠯᠴᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠪᠠᠶᠢᠭᠤᠯᠤᠨ᠎ᠠ᠃ ᠵᠢᠷᠭᠤᠳᠤᠭᠠᠷ ᠵᠦᠢᠯ ᠨᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠯᠤᠰ ᠤᠨ ᠳᠡᠰ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ︽ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠶᠡᠷᠦᠩᠬᠡᠶᠢᠯᠡᠨ ᠲᠤᠷᠰᠢᠵᠤ ᠣᠶᠢᠯᠠᠭᠠᠬᠤ᠂ ᠲᠤᠰᠬᠠᠶ ᠪᠡᠯᠡᠳᠬᠡᠮᠵᠢ᠂ ᠲᠡᠦᠬᠡ ᠰᠣᠶᠣᠯ ᠤᠨ ᠦᠵᠡᠰᠬᠦᠯᠡᠩ︾ ᠢ ᠨᠢᠭᠡ ᠴᠤᠭᠴᠠᠵᠢᠭᠤᠯᠤᠭᠰᠠᠨ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠯᠤᠰ ᠤᠨ ᠳᠡᠰ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠲᠠᠪᠤᠳᠤᠭᠠᠷ ᠪᠦᠯᠦᠭ ᠲᠤ ︽ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠳᠠᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠪᠠ ᠬᠢᠨᠠᠨ ᠵᠢᠯᠣᠭᠤᠳᠴᠤ ᠰᠢᠯᠭᠠᠨ ᠦᠨᠡᠯᠡᠬᠦ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠠᠴᠠ ᠪᠣᠳᠠᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠳᠠᠭᠠᠯᠳᠤᠭᠤᠯᠤᠯ ᠳᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠠᠩᠭᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ ᠲᠤᠰᠬᠠᠶ ᠠᠪᠤᠷᠠᠨ ᠲᠤᠰᠠᠯᠠᠬᠤ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ ᠰᠤᠷᠭᠠᠭᠤᠯᠢᠯᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ ᠢ ᠰᠡᠷᠭᠡᠶᠢᠯᠡᠬᠦ ᠠᠩᠭᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠰᠠᠭ ᠤᠨ ᠣᠷᠳᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ᠂ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ ᠢ ᠰᠡᠷᠭᠡᠶᠢᠯᠡᠬᠦ ᠠᠩᠭᠢ ᠶᠢᠨ ᠭᠡᠰᠢᠭᠦᠨ ᠪᠠ ᠭᠠᠯ ᠢ ᠰᠡᠷᠭᠡᠶᠢᠯᠡᠬᠦ ᠪᠢᠴᠢᠭ ᠤᠨ ᠠᠵᠢᠯᠲᠠᠨ ᠡᠯᠰᠡᠬᠦ ᠲᠥᠯᠥᠪᠵᠢᠭᠦᠯᠭᠡ ᠶᠢᠨ ᠬᠦᠰᠦᠨᠦᠭᠲᠦ︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠷ ︵ᠬᠤᠲᠠ ᠶᠢᠨ ᠶᠠᠪᠤᠳᠠᠯ ᠤᠨ ᠭᠠᠯ ᠢ ᠰᠡᠷᠭᠡᠶᠢᠯᠡᠬᠦ ᠭᠤᠭᠤᠵᠢᠭᠤᠷ︶ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾᠂ ᠬᠤᠯᠪᠣᠭᠳᠠᠯ ᠪᠦᠬᠦᠢ ᠨᠡᠷ᠎ᠡ ᠲᠣᠮᠢᠶ᠎ᠠ ᠶᠢᠨ ᠵᠢᠷᠤᠮᠵᠢᠭᠤᠯᠤᠭᠰᠠᠨ ᠲᠠᠶᠢᠯᠪᠤᠷᠢ ᠵᠢᠴᠢ ᠲᠥᠯᠥᠪᠵᠢᠭᠦᠯᠭᠡ ᠶᠢᠨ ᠦᠨᠳᠦᠰᠦᠯᠡᠯ ᠢ ᠪᠠᠭᠲᠠᠭᠠᠪᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号