ᠡᠷᠢᠶᠡᠨ ᠬᠤᠲᠠ ᠶᠢᠨ ᠲᠡᠮᠦᠷ ᠵᠠᠮ ᠤᠨ ᠲᠡᠷᠭᠡᠨ ᠥᠷᠲᠡᠭᠡᠨ ᠤ ᠤᠯᠤᠰ ᠤᠨ ᠳᠣᠲᠣᠭᠠᠳᠤ ᠶᠢᠨ ᠠᠶᠠᠨᠴᠢᠳ ᠤᠨ ᠲᠡᠭᠡᠭᠡᠪᠦᠷᠢ ᠡᠵᠡᠩᠨᠡᠯᠲᠡ ᠪᠠᠨ ᠰᠡᠷᠬᠦᠭᠡᠪᠡ
ᠨᠡᠶᠢᠲᠡᠯᠡᠭᠰᠡᠨ ᠴᠠᠭ᠄
2021/11/26
         11 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠡᠷᠢᠶᠡᠨ ᠬᠤᠲᠠ — ᠬᠥᠬᠡᠬᠤᠲᠠ ᠶᠢᠨ 6858/5 ᠳ᠋ᠤᠭᠠᠷ ᠴᠤᠪᠤᠭ᠎ᠠ ᠲᠡᠷᠭᠡ ᠲᠣᠭᠲᠠᠭᠰᠠᠨ ᠴᠠᠭ ᠲᠠᠭᠠᠨ ᠬᠥᠳᠡᠯᠦᠨ᠎ᠡ᠂ ᠡᠨᠡ ᠨᠢ ᠮᠠᠨ ᠤ ᠬᠤᠲᠠ ᠶᠢᠨ ᠠᠵᠢᠯ ᠢᠶᠠᠨ ᠰᠡᠷᠭᠦᠭᠡᠵᠦ ᠦᠢᠯᠡᠳᠪᠣᠷᠢᠯᠡᠯ ᠢᠶᠠᠨ ᠰᠡᠷᠭᠦᠭᠡᠭᠰᠡᠨ ᠤ ᠳᠠᠷᠠᠭ᠎ᠠ ᠵᠢᠩᠬᠢᠨᠢ ᠪᠠᠷ ᠠᠵᠢᠯ ᠢᠶᠠᠨ ᠰᠡᠷᠭᠦᠭᠡᠭᠰᠡᠨ ᠠᠩᠬᠠᠨ ᠤ ᠡᠭᠡᠯᠵᠢ ᠶᠢᠨ ᠤᠯᠤᠰ ᠤᠨ ᠳᠣᠲᠣᠭᠠᠳᠤ ᠶᠢᠨ ᠠᠶᠠᠨᠴᠢᠳ ᠤᠨ ᠴᠤᠪᠤᠭ᠎ᠠ ᠲᠡᠷᠭᠡ ᠪᠣᠯᠵᠠᠶ᠃
   ᠠᠶᠠᠯᠠᠯ ᠢᠶᠠᠨ ᠰᠡᠷᠭᠦᠭᠡᠭᠰᠡᠨ ᠤ ᠳᠠᠷᠠᠭᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠶᠠᠨᠴᠢᠳ ᠲᠤ ᠲᠡᠷᠭᠡᠨ ᠳᠤ ᠰᠠᠭᠤᠬᠤ ᠠᠮᠤᠷ ᠲᠦᠪᠰᠢᠨ ᠣᠷᠴᠢᠨ ᠲᠣᠭᠤᠷᠢᠨ ᠢ ᠬᠠᠩᠭᠠᠬᠤ ᠶᠢᠨ ᠳᠣᠯᠠᠳᠠ᠂ ᠡᠷᠢᠶᠡᠨ ᠤ ᠲᠡᠷᠭᠡᠨ ᠦᠷᠳᠡᠭᠡ ᠤᠷᠢᠳᠴᠢᠯᠠᠨ ᠪᠠᠶᠢᠷᠢᠯᠠᠭᠤᠯᠵᠤ᠂ ᠲᠡᠷᠭᠡᠨ ᠦᠷᠳᠡᠭᠡ ᠶᠢᠨ ᠠᠵᠢᠯᠲᠠᠳ ᠲᠤ ᠳᠠᠬᠢᠨᠲᠠ ᠬᠢᠵᠢᠭ ᠢ ᠰᠡᠷᠭᠡᠶᠢᠯᠡᠬᠦ ᠪᠣᠯᠪᠠᠰᠤᠷᠠᠯ ᠬᠦᠷᠲᠡᠭᠡᠵᠦ᠂ ᠲᠡᠷᠭᠡ ᠬᠥᠳᠡᠯᠬᠦ ᠠᠴᠠ ᠡᠮᠦᠨ᠎ᠡ ᠲᠡᠷᠭᠡᠨ ᠦᠷᠳᠡᠭᠡ ᠳᠠᠬᠢ ᠪᠢᠯᠧᠲ ᠬᠤᠳᠠᠯᠳᠤᠬᠤ ᠶᠡᠭᠡ ᠲᠢᠩᠬᠢᠮ᠂ ᠠᠴᠢᠶ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠭᠠᠵᠠᠷ᠂ ᠠᠶᠠᠨᠴᠢᠳ ᠤᠨ ᠲᠡᠷᠭᠡᠨ ᠳᠤ ᠰᠠᠭᠤᠬᠤ ᠵᠠᠮ ᠵᠡᠷᠭᠡ ᠶᠢ ᠠᠷᠢᠭᠤᠳᠬᠠᠨ ᠤᠰᠠᠳᠬᠠᠪᠠ᠃ ᠥᠷᠲᠡᠭᠡᠨ ᠳᠤ ᠣᠷᠣᠵᠤ ᠭᠠᠷᠬᠤ ᠡᠭᠦᠳᠡᠨ ᠳᠤ ᠬᠢᠵᠢᠭ ᠢ ᠰᠡᠷᠭᠡᠶᠢᠯᠡᠬᠦ ᠮᠡᠳᠡᠯᠭᠡ ᠶᠢ ᠡᠭᠡᠯᠵᠢᠯᠡᠨ ᠨᠡᠪᠲᠡᠷᠡᠭᠦᠯᠵᠦ᠂ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠵᠠᠶ ᠪᠠᠨ ᠪᠠᠷᠢᠵᠦ᠂ ᠡᠮᠬᠢ ᠵᠢᠷᠤᠮ ᠲᠠᠢ ᠪᠠᠷ ᠮᠥᠷᠯᠡᠨ ᠥᠷᠲᠡᠭᠡᠨ ᠳᠤ  ᠣᠷᠣᠭᠤᠯᠵᠦ ᠲᠡᠷᠭᠡᠨ ᠳᠤ ᠭᠠᠷᠭᠠᠨ᠂ ᠠᠶᠠᠨᠴᠢᠳ ᠤᠨ ᠪᠦᠭᠡᠮᠨᠡᠷᠡᠨ ᠴᠤᠭᠯᠠᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠠᠶᠠᠨᠴᠢᠳ ᠤᠨ ᠪᠡᠶ᠎ᠡ ᠶᠢᠨ ᠳᠤᠯᠠᠭᠠᠨ ᠢ ᠬᠡᠮᠵᠢᠬᠦ ᠳᠣᠰᠬᠠᠢ ᠠᠵᠢᠯᠲᠠᠨ ᠲᠣᠬᠢᠷᠠᠭᠤᠯᠵᠤ᠂ ᠠᠶᠠᠨᠴᠢᠳ ᠤᠨ ᠲᠡᠷᠭᠡᠨ ᠳᠤ ᠰᠠᠭᠤᠬᠤ ᠳᠤ 48 ᠴᠠᠭ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠭᠡᠷᠡᠴᠢᠯᠡᠬᠦ ᠬᠡᠷᠡᠭᠲᠡᠶ ᠭᠡᠳᠡᠭ ᠢ ᠰᠠᠨᠠᠭᠤᠯᠵᠤ ᠪᠠᠶᠢᠯ᠎ᠠ᠃        ᠡᠭᠦᠨ ᠤ ᠬᠠᠮᠲᠤ᠂ ᠲᠡᠷᠭᠡᠨ ᠳᠤ ᠰᠠᠭᠤᠬᠤ ᠠᠶᠠᠨᠴᠢᠳ ᠲᠤ ᠲᠥᠬᠦᠮ ᠦᠵᠡᠭᠦᠯᠬᠦ ᠶᠢᠨ ᠳᠣᠯᠠᠳᠠ᠂ ᠲᠡᠷᠭᠡᠨ ᠥᠷᠲᠡᠭᠡ ᠪᠠᠰᠠ ᠪᠢᠯᠧᠲ ᠬᠤᠳᠠᠯᠳᠤᠨ ᠠᠪᠬᠤ ᠴᠣᠩᠬᠤ ᠪᠣᠯᠭᠠᠨ ᠳᠤ ᠭᠠᠷ ᠠᠷᠢᠭᠤᠳᠬᠠᠬᠤ ᠰᠢᠩᠭᠡᠨ ᠳᠠᠯᠪᠢᠵᠠᠢ᠃  ᠲᠤᠰᠬᠠᠶ ᠬᠥᠮᠦᠨ ᠲᠣᠬᠢᠷᠠᠭᠤᠯᠵᠤ ᠲᠣᠭᠲᠠᠮᠠᠯ ᠪᠤᠰᠤ ᠴᠠᠭ ᠲᠤ ᠪᠢᠯᠧᠲ ᠬᠤᠳᠠᠯᠳᠤᠬᠤ ᠠᠦ᠋ᠲ᠋ᠣ᠋ ᠮᠠᠰᠢᠨ᠂ ᠣᠷᠣᠵᠦ ᠭᠠᠷᠬᠤ ᠵᠠᠮ ᠵᠡᠷᠭᠡ ᠣᠯᠠᠨ ᠨᠡᠶᠢᠲᠡ ᠶᠢᠨ ᠣᠷᠣᠨ ᠵᠠᠢ ᠶᠢ ᠠᠷᠢᠭᠤᠳᠬᠠᠨ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃
    ᠡᠷᠢᠶᠡᠨ ᠤ ᠲᠡᠮᠦᠷ ᠵᠠᠮ ᠤᠨ ᠥᠷᠲᠡᠭᠡᠨ ᠤ ᠵᠢᠵᠢᠭᠦᠷᠯᠡᠭᠴᠢ ᠰᠦᠨ ᡁᠢ ᠾᠦᠢ ᠬᠡᠯᠡᠬᠦ ᠳᠡᠭᠡᠨ᠄ ︽ᠵᠠᠯᠭᠠᠭᠠᠳ ᠡᠷᠢᠶᠡᠨ ᠤ ᠲᠡᠷᠭᠡᠨ ᠥᠷᠲᠡᠭᠡᠨ ᠳᠤ ᠭᠠᠯᠲᠤ ᠲᠡᠷᠭᠡ ᠶᠢ ᠰᠡᠷᠭᠦᠭᠡᠭᠰᠡᠨ ᠤ ᠳᠠᠷᠠᠭᠠᠬᠢ ᠠᠶᠠᠨᠴᠢᠳ ᠤᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠤᠨ ᠳᠣᠲᠣᠭᠠᠳᠤ ᠶᠢᠨ ᠲᠡᠷᠭᠡ ᠬᠦᠯᠢᠶᠡᠬᠦ ᠥᠷᠥᠭᠡ᠂ ᠪᠢᠯᠧᠲ ᠬᠤᠳᠠᠯᠳᠤᠬᠤ ᠲᠢᠩᠬᠢᠮ᠂ ᠥᠷᠲᠡᠭᠡᠨ ᠳᠤ ᠣᠷᠣᠵᠤ ᠭᠠᠷᠬᠤ ᠵᠠᠮ ᠵᠡᠷᠭᠡ ᠵᠠᠩᠭᠢᠯᠠᠭ᠎ᠠ ᠶᠢᠨ ᠲᠠᠯᠠᠪᠤᠷ ᠢ ᠪᠦᠬᠦᠨ ᠢ ᠠᠷᠢᠭᠤᠳᠬᠠᠬᠤ ᠶᠢᠨ ᠬᠠᠮᠲᠤ ᠴᠤᠪᠤᠭ᠎ᠠ ᠲᠡᠷᠭᠡ ᠶᠢ ᠶᠠᠪᠤᠭᠤᠯᠤᠭᠰᠠᠨ ᠤ ᠳᠠᠷᠠᠭ᠎ᠠ ᠲᠤᠰᠬᠠᠶ ᠬᠥᠮᠦᠨ ᠲᠣᠬᠢᠷᠠᠭᠤᠯᠵᠤ᠂ ᠪᠢᠯᠧᠲ ᠬᠤᠳᠠᠯᠳᠤᠬᠤ ᠠᠦ᠋ᠲ᠋ᠣ᠋ ᠮᠠᠰᠢᠨ᠂ ᠥᠷᠲᠡᠭᠡᠨ ᠳᠤ ᠣᠷᠣᠬᠤ ᠬᠠᠭᠠᠯᠲᠠ᠂ ᠲᠡᠷᠭᠡ ᠬᠦᠯᠢᠶᠡᠬᠦ ᠥᠷᠥᠭᠡᠨ ᠤ ᠰᠠᠭᠤᠳᠠᠯ᠂ ᠠᠷᠢᠭᠤᠨ ᠴᠡᠪᠡᠷ ᠤᠨ ᠲᠠᠰᠤᠯᠭ᠎ᠠ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠤᠷ ᠢ ᠠᠷᠢᠭᠤᠳᠬᠠᠵᠤ᠂ ᠠᠶᠠᠨᠴᠢᠳ ᠲᠤ ᠶᠠᠪᠤᠵᠤ ᠰᠠᠭᠤᠬᠤ ᠠᠮᠤᠷ ᠲᠦᠪᠰᠢᠨ ᠣᠷᠴᠢᠨ ᠨᠥᠬᠦᠴᠡᠯ ᠢ ᠢᠳᠡᠪᠬᠢᠲᠡᠶ ᠪᠠᠷ ᠪᠤᠶ ᠪᠣᠯᠭᠠᠵᠤ ᠥᠭᠬᠦ ᠬᠡᠷᠡᠭᠲᠡᠶ︾ ᠭᠡᠵᠡᠶ᠃
    ᠣᠶᠢᠯᠠᠭᠠᠭᠰᠠᠨ ᠢᠶᠠᠷ᠂ ᠣᠳᠣᠬᠠᠨ ᠳᠤ ᠡᠷᠢᠶᠡᠨ ᠬᠤᠲᠠ ᠶᠢᠨ ᠲᠡᠮᠦᠷ ᠵᠠᠮ ᠤᠨ ᠥᠷᠲᠡᠭᠡ ᠳᠤ ᠨᠢᠭᠡᠨᠲᠡ ᠪᠤᠭᠤᠲᠤ — ᠰᠢᠯᠢᠩᠬᠤᠲᠠ ᠶᠢᠨ T4202/3/2 ᠡᠭᠡᠯᠵᠢ ᠶᠢᠨ ᠭᠠᠯᠲᠤ ᠲᠡᠷᠭᠡ᠂ ᠰᠢᠯᠢᠩᠬᠤᠲᠠ — ᠪᠤᠭᠤᠲᠤ ᠶᠢᠨ T4201/4/1 ᠡᠭᠡᠯᠵᠢ ᠶᠢᠨ ᠭᠠᠯᠲᠤ ᠲᠡᠷᠭᠡ᠂ ᠬᠥᠬᠡᠬᠤᠲᠠ — ᠡᠷᠢᠶᠡᠨ ᠬᠤᠲᠠ ᠶᠢᠨ 6856/7 ᠡᠭᠡᠯᠵᠢ ᠶᠢᠨ ᠭᠠᠯᠲᠤ ᠲᠡᠷᠭᠡ᠂ ᠡᠷᠢᠶᠡᠨ ᠬᠤᠲᠠ — ᠬᠥᠬᠡᠬᠤᠲᠠ ᠶᠢᠨ 6858/5 ᠡᠭᠡᠯᠵᠢ ᠶᠢᠨ ᠭᠠᠯᠲᠤ ᠲᠡᠷᠭᠡ ᠶᠢ ᠰᠡᠷᠭᠦᠭᠡᠭᠰᠡᠨ ᠪᠠᠶᠢᠨ᠎ᠠ᠃ ᠬᠤᠲᠠ ᠶᠢᠨ ᠠᠷᠠᠳ 12306  ᠯᠠᠪᠯᠠᠨ ᠠᠰᠠᠭᠤᠬᠤ ᠣᠳᠠᠰᠦ ᠪᠠᠷ ᠳᠠᠮᠵᠢᠭᠤᠯᠤᠨ ᠭᠠᠯᠲᠤ ᠲᠡᠷᠭᠡᠨ ᠤ  ᠬᠦᠳᠡᠯᠬᠦ ᠪᠣᠳᠠᠲᠠᠶ ᠴᠠᠭ ᠢ ᠯᠠᠪᠯᠠᠵᠤ ᠪᠣᠯᠤᠨ᠎ᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号