| ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠬᠡᠤᠬᠡᠳ ᠤᠨ ᠡᠪᠡᠳᠴᠢᠨ ᠢ ᠰᠡᠷᠭᠡᠶᠢᠯᠡᠬᠦ | ᠴᠢᠳᠠᠪᠦᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠤᠯᠠᠳᠠ᠂ 11 ᠰᠠᠷ᠎ᠠ ᠶᠢᠨ 24 ᠤ ᠡᠳᠦᠷ ᠠᠴᠠ ᠡᠬᠢᠯᠡᠨ᠂ ᠮᠠᠨ ᠤ ᠬᠤᠲᠠ 3 — 11 | ᠨᠠᠰᠤᠨ ᠤ ᠬᠡᠤᠬᠡᠳ ᠲᠤ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠡᠬᠢᠯᠡᠭᠦᠯᠪᠡ᠃ | 11 ᠰᠠᠷ᠎ᠠ ᠶᠢᠨ 25 ᠤ ᠡᠳᠦᠷ᠂ ᠬᠤᠲᠠ ᠶᠢᠨ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠲᠠᠷᠢᠯᠭ᠎ᠠ ᠶᠢᠨ | ᠴᠡᠭ ᠲᠤ ᠰᠤᠷᠪᠤᠯᠵᠢᠯᠠᠭᠴᠢ ᠠᠴᠠ ᠬᠡᠤᠬᠡᠳ ᠤᠨ ᠴᠡᠴᠡᠷᠯᠢᠭ ᠤᠨ ᠪᠠᠭᠰᠢ ᠶᠢᠨ ᠳᠠᠭᠠᠭᠤᠯᠭ᠎ᠠ ᠳᠣᠤᠷ᠎ᠠ᠂ ᠣᠯᠠᠨ ᠢᠶᠠᠷ ᠢᠶᠠᠨ | ᠠᠰᠠᠭᠤᠨ ᠯᠠᠪᠯᠠᠬᠤ ᠭᠠᠵᠠᠷ᠂ ᠳᠠᠩᠰᠠᠯᠠᠬᠤ ᠭᠠᠵᠠᠷ᠂ ᠲᠠᠷᠢᠯᠭ᠎ᠠ ᠶᠢᠨ ᠭᠠᠵᠠᠷ ᠪᠠ ᠲᠦᠷ ᠬᠦᠯᠢᠶᠡᠬᠦ ᠲᠣᠭᠤᠷᠢᠭ ᠲᠤ ᠲᠠᠰ | ᠳᠠᠷᠠᠭᠠᠯᠠᠨ ᠬᠦᠷᠴᠦ ᠦᠵᠡᠯ᠎ᠡ᠃ ᠬᠡᠦᠬᠡᠳ ᠤᠳ ᠭᠡᠷ ᠤᠨ ᠠᠬᠠᠮᠠᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢ ᠬᠢᠵᠦ᠂ | ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠲᠤ ᠭᠠᠷ ᠤᠨ ᠦᠰᠦᠭ ᠵᠢᠷᠤᠵᠤ᠂ ᠮᠡᠳᠡᠭᠡ ᠵᠠᠩᠭᠢ ᠶᠢ ᠪᠢᠴᠢᠵᠦ | ᠣᠷᠣᠭᠤᠯᠤᠭᠰᠠᠨ ᠤ ᠳᠠᠷᠠᠭ᠎ᠠ ᠲᠠᠷᠢᠯᠭ᠎ᠠ ᠬᠢᠨ᠎ᠡ᠃ ︽ᠪᠢᠴᠢᠬᠠᠨ ᠨᠠᠶᠢᠵᠠ ᠠ᠂ ᠬᠠᠮᠢᠶ᠎ᠠ ᠥᠬᠡᠶ᠂ ᠤᠳᠠᠯ ᠥᠬᠡᠶ ᠲᠠᠷᠢᠯᠭ᠎ᠠ | ᠲᠠᠷᠢᠭᠠᠳ ᠪᠠᠷᠠᠴᠢᠬᠠᠨ᠎ᠠ᠂ ᠵᠢᠭᠠᠬᠠᠨ ᠴᠤ ᠡᠪᠡᠳᠬᠦ ᠥᠬᠡᠶ ᠁︾ ᠭᠡᠵᠦ ᠡᠮᠴᠢ ᠰᠤᠪᠢᠯᠠᠭᠴᠢᠳ ᠬᠥᠭᠡᠷᠦᠬᠦᠨ | ᠬᠡᠤᠬᠡᠳ ᠤᠳ ᠲᠡᠭᠡᠨ ᠡᠯᠢᠭᠡᠰᠡᠭ ᠬᠦᠯᠢᠴᠡᠩᠭᠦᠶ ᠬᠠᠨᠳᠤᠳᠠᠭ᠃ | ᠬᠡᠦᠬᠡᠳ ᠤᠳ ᠲᠠᠷᠢᠯᠭ᠎ᠠ ᠬᠢᠵᠦ ᠪᠠᠷᠠᠭᠰᠠᠨ ᠤ ᠳᠠᠷᠠᠭ᠎ᠠ 30 ᠮᠢᠨᠦ᠋ᠲ ᠠᠵᠢᠭᠯᠠᠵᠦ᠂ ᠤᠨᠴᠠᠭᠠᠢ ᠲᠤᠰᠬᠠᠯ ᠦᠭᠡᠶ ᠪᠣᠯ | ᠭᠠᠷ ᠤᠨ ᠦᠰᠦᠭ ᠵᠢᠷᠤᠵᠤ ᠲᠤᠬᠠᠶ ᠶᠢᠨ ᠲᠠᠯᠠᠪᠤᠷ ᠠᠴᠠ ᠭᠠᠷᠤᠨ᠎ᠠ᠃ ᠲᠤᠬᠠᠶ ᠶᠢᠨ ᠲᠠᠯᠠᠪᠤᠷ ᠲᠤ ᠡᠮᠬᠢ ᠳᠢᠭᠯᠢᠮ ᠲᠠᠢ | ᠪᠠᠶᠢᠵᠤ᠂ ᠪᠦᠬᠦ ᠬᠡᠤᠬᠡᠳ ᠲᠤ ᠸᠠᠺᠼᠢᠨ ᠤ ᠲᠠᠷᠢᠯᠭ᠎ᠠ ᠶᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠷ ᠬᠢᠵᠦ | ᠳᠠᠭᠤᠰᠬᠠᠵᠠᠶ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠦᠨᠳᠦᠰᠦᠨ ᠱᠠᠲᠤᠨ ᠤ ᠰᠠᠯᠠᠭᠠᠨ ᠤ ᠬᠠᠷᠢᠭᠤᠴᠠᠯᠭᠠᠲᠠᠨ ᠰᠢᠨ ᠨᠠᠶ ᠶᠢᠩ ᠤᠨ ᠲᠠᠨᠢᠯᠴᠠᠭᠤᠯᠤᠭᠰᠠᠨ ᠢᠶᠠᠷ᠂ ᠮᠠᠨ ᠤ | ᠬᠤᠲᠠ ᠶᠢᠨ 3 — 11 ᠨᠠᠰᠤᠨ ᠤ ᠬᠡᠤᠬᠡᠳ ᠤᠨ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢᠨ ᠠᠵᠢᠯ 11 | ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ ᠠᠴᠠ ᠵᠢᠩᠬᠢᠨᠢ ᠪᠠᠷ ᠡᠬᠢᠯᠡᠪᠡ᠃ ᠪᠥᠬᠦ ᠬᠤᠲᠠ ᠶᠢᠨ ᠵᠣᠬᠢᠬᠤ | ᠨᠠᠰᠤᠨ ᠤ ᠬᠥᠮᠦᠰ ᠨᠡᠶᠢᠲᠡ 7382 ᠪᠠᠶᠢᠵᠤ᠂ ᠵᠢᠱᠢᠯᠲᠡ ᠪᠠᠷ 11 ᠰᠠᠷ᠎ᠠ ᠶᠢᠨ 27 ᠤ ᠡᠳᠦᠷ ᠠᠴᠠ ᠡᠮᠦᠨ᠎ᠡ ᠠᠩᠬᠠᠨ ᠤ | ᠲᠠᠷᠢᠯᠭ᠎ᠠ ᠶᠢᠨ ᠠᠵᠢᠯ ᠢ ᠳᠠᠭᠤᠰᠬᠠᠵᠤ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠶᠠᠳᠠᠬᠢ ᠲᠠᠷᠢᠯᠭ᠎ᠠ ᠶᠢᠨ ᠠᠵᠢᠯ ᠢ | ᠳᠠᠭᠤᠰᠬᠠᠨ᠎ᠠ᠃ ᠤᠴᠢᠷ ᠨᠢ ᠲᠠᠷᠢᠯᠭ᠎ᠠ ᠶᠢᠨ ᠬᠡᠦᠬᠡᠳ ᠣᠯᠠᠨ᠂ ᠴᠠᠭ ᠨᠢ ᠪᠠᠴᠢᠮ᠂ ᠡᠮᠨᠡᠯᠭᠡ ᠶᠢᠨ ᠠᠵᠢᠯᠲᠠᠳ ᠪᠦᠷ ᠴᠠᠭ | ᠨᠡᠮᠡᠵᠦ ᠠᠵᠢᠯᠯᠠᠨ᠂ ᠲᠦᠢᠯ ᠤᠨ ᠵᠦᠳᠡᠷᠡᠯ ᠲᠠᠢ ᠪᠠᠶᠢᠳᠠᠭ᠃ ᠡᠭᠦᠨ ᠳᠤ ᠪᠠᠰᠠ ᠥᠷᠭᠡᠨ ᠣᠯᠠᠨ ᠭᠡᠷ ᠤᠨ ᠠᠬᠠᠮᠠᠳ ᠨᠠᠶᠢᠵᠠ | ᠨᠠᠷ ᠤᠨ ᠣᠶᠢᠯᠠᠭᠠᠵᠤ ᠳᠡᠮᠵᠢᠬᠦ ᠶᠢ ᠬᠦᠰᠡᠵᠦ ᠪᠠᠶᠢᠨ᠎ᠠ ᠭᠡᠵᠡᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠷᠢᠯᠭ᠎ᠠ ᠳᠤ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠶᠢᠨ | ᠪᠠᠶᠢᠬᠤ᠂ ᠰᠦᠢᠳᠬᠡᠯ ᠬᠤᠷᠢᠶᠠᠬᠤ ᠥᠬᠡᠶ ᠪᠠᠶᠢᠬᠤ ᠵᠠᠷᠴᠢᠮ ᠢ ᠵᠢᠷᠤᠮᠯᠠᠵᠤ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ | ᠬᠡᠤᠬᠡᠳ ᠢ ᠴᠥᠮ ᠭᠥᠯᠢᠶᠡᠨ ᠠᠪᠬᠤ ᠶᠢ ᠵᠤᠷᠢᠭᠵᠢᠭᠤᠯᠤᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠪᠠ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠡᠯ᠎ᠡ ᠬᠡᠤᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠬᠡᠤᠬᠡᠳ ᠤᠨ ᠬᠢᠨᠠᠨ ᠬᠠᠮᠠᠭᠠᠯᠠᠭᠴᠢ ᠠᠴᠠ ᠪᠠᠷ᠎ᠠ ᠪᠣᠯᠵᠣ | ᠲᠤᠬᠠᠶ ᠶᠢᠨ ᠲᠠᠯᠠᠪᠤᠷ ᠲᠤ 3 — 11 ᠨᠠᠰᠤᠨ ᠤ ᠬᠡᠦᠬᠡᠳ ᠲᠤ ᠳᠠᠷᠢᠭᠰᠠᠨ ᠢᠳᠡᠪᠬᠢ ᠥᠬᠡᠶᠢᠳᠡᠭᠦᠯᠬᠦ ᠸᠠᠺᠼᠢᠨ ᠨᠢ 2 | ᠤᠳᠠᠭ᠎ᠠ ᠪᠠᠶᠢᠵᠤ᠂ ᠨᠢᠭᠡᠳᠦᠭᠡᠷ ᠵᠡᠭᠦᠦ ᠪᠣᠯᠤᠨ ᠬᠤᠶᠠᠳᠤᠭᠠᠷ ᠵᠡᠭᠦᠦ ᠶᠢᠨ ᠬᠤᠭᠤᠷᠣᠨᠳᠣᠬᠢ ᠵᠠᠶ ᠨᠢ 21 ᠡᠳᠦᠷ ᠪᠣᠯᠤᠨ᠎ᠠ᠃ | | ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠠᠴᠠ ᠥᠷᠭᠡᠨ ᠣᠯᠠᠨ ᠬᠡᠷ ᠤᠨ ᠠᠬᠠᠮᠠᠳ ᠲᠤ | ᠰᠠᠨᠠᠭᠤᠯᠬᠤ ᠨᠢ᠄ ᠬᠡᠤᠬᠡᠳ ᠲᠤ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠬᠢᠬᠦ ᠳᠡᠭᠡᠨ ᠡᠷᠬᠡᠪᠰᠢ ᠡᠷᠦᠬᠡ ᠠᠮᠠ ᠶᠢᠨ | ᠳᠡᠪᠲᠡᠷ᠂ ᠪᠡᠶ᠎ᠡ ᠶᠢᠨ ᠦᠨᠡᠮᠯᠡᠯ ᠪᠠ ᠲᠠᠷᠢᠯᠭ᠎ᠠ ᠶᠢᠨ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠢᠶᠠᠨ ᠰᠠᠶᠢᠲᠤᠷ ᠠᠪᠴᠤ | ᠶᠠᠪᠤᠵᠤ᠂ ᠬᠡᠷ ᠤᠨ ᠠᠬᠠᠮᠠᠳ ᠤᠨ ᠮᠡᠳᠡᠭᠡ ᠵᠠᠩᠭᠢ ᠶᠢ ᠬᠡᠤᠬᠡᠳ ᠤᠨ ᠮᠡᠳᠡᠭᠡ ᠵᠠᠩᠭᠢ ᠲᠠᠢ ᠬᠠᠮᠲᠤ ᠳᠤᠨᠢ ᠣᠷᠣᠭᠤᠯᠬᠤ ᠳᠤ | ᠲᠥᠬᠦᠮ ᠦᠵᠡᠭᠦᠯᠬᠦ ᠬᠡᠷᠡᠭᠲᠡᠶ᠃ ᠲᠠᠷᠢᠯᠭ᠎ᠠ ᠶᠢᠨ ᠬᠤᠭᠤᠴᠠᠭ᠎ᠠ ᠳᠤ ᠬᠡᠦᠬᠡᠳ ᠲᠤ ᠠᠯᠢ ᠴᠢᠳᠠᠬᠤ ᠪᠠᠷ ᠠᠭᠤᠵᠢᠭᠤ | ᠬᠤᠪᠴᠠᠰᠤ ᠡᠮᠦᠰᠬᠡᠵᠦ᠂ ᠲᠠᠶᠢᠯᠬᠤ ᠳᠤ ᠳᠥᠭᠦᠮ ᠪᠣᠯᠭᠠᠵᠤ᠂ ᠲᠠᠷᠢᠯᠭ᠎ᠠ ᠬᠢᠵᠦ ᠪᠠᠷᠠᠭᠰᠠᠨ ᠤ ᠳᠠᠷᠠᠭ᠎ᠠ ᠬᠡᠦᠬᠡᠳ ᠤᠨ | ᠪᠡᠶ᠎ᠡ ᠶᠢᠨ ᠪᠠᠶᠢᠳᠠᠯ ᠢ ᠨᠢᠭᠲᠠ ᠠᠩᠬᠠᠷᠴᠤ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠡᠮᠨᠡᠭᠦᠯᠬᠦ ᠳᠤ | ᠳᠥᠭᠦᠮ ᠪᠣᠯᠭᠠᠬᠤ ᠬᠡᠷᠡᠭᠲᠡᠶ᠃ |