| | ᠰᠢ ᠶᠢᠨ ᠫᠢᠩ ᠪᠡᠭᠡᠵᠢᠩ ᠬᠤᠲᠠ ᠶᠢᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠳᠤ ᠣᠷᠣᠯᠴᠠᠬᠤ ᠳᠠᠭᠠᠨ ᠪᠥᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠥᠬᠡᠶ ᠬᠥᠭᠵᠢᠭᠦᠯᠵᠦ ᠰᠣᠩᠭᠤᠭᠤᠯᠢ ᠶᠢᠨ ᠪᠥᠬᠦ ᠶᠠᠪᠤᠴᠠ ᠳᠤ | ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ | ᠯᠢ ᠺᠧ ᠴᠢᠶᠠᠩ ᠯᠢ ᠵᠠᠨ ᠱᠦ ᠸᠠᠩ ᠶᠠᠩ ᠸᠠᠩ ᠬᠣ᠋ ᠨᠢᠩ ᠵᠣᠣ ᠯᠧ ᠵᠢᠶ ᠬᠠᠨ ᠵᠧᠩ ᠸᠠᠩ ᠴᠢ ᠱᠠᠨ ᠵᠢᠶᠠᠩ ᠽᠧ | ᠮᠢᠨ ᠬᠣ᠋ ᠶᠢᠨ ᠲᠤᠤ ᠥᠪᠡᠷ ᠥᠪᠡᠷ ᠤᠨ ᠰᠣᠩᠭᠤᠭᠤᠯᠢ ᠶᠢᠨ ᠲᠣᠭᠤᠷᠢᠭ ᠲᠠᠭᠠᠨ ᠪᠢᠯᠧᠲ ᠥᠭᠬᠦ ᠳᠤ ᠣᠷᠣᠯᠴᠠᠬᠰᠠᠠ ᠪᠤᠶᠤ | ᠪᠤᠰᠤᠳ ᠲᠤ ᠨᠠᠶᠢᠳᠠᠵᠤ ᠪᠢᠯᠧᠲ ᠥᠭᠴᠠᠢ 11 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠶ | ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠵᠥᠩ ᠨᠠᠨ ᠬᠠᠶ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ | ᠷᠧᠨ ᠲᠠᠩ ᠳᠠᠬᠢ ᠪᠢᠯᠧᠲ ᠥᠭᠬᠦ ᠥᠷᠲᠡᠭᠡ ᠳᠤ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠣᠩᠭᠤᠭᠤᠯᠢ ᠳᠤ ᠪᠢᠯᠧᠲ ᠥᠭᠴᠦ ᠪᠠᠶᠢᠭ᠎ᠠ ᠨᠢ᠃ | | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ ᠰᠢᠨᠬᠤᠸᠠ ᠬᠤᠷᠢᠶᠠᠠ ᠤ ᠪᠡᠭᠡᠵᠢᠩ ᠤᠨ 11 | ᠰᠠᠷ᠎ᠠ ᠶᠢᠨ 5 ᠤ ᠴᠠᠬᠢᠯᠭᠠᠠ ᠮᠡᠲᠡᠭᠡ 11 ᠰᠠᠷ᠎ᠠ ᠶᠢᠨ 5 ᠤ ᠡᠲᠦᠷ ᠪᠤᠯ ᠪᠡᠭᠡᠵᠢᠩ ᠬᠤᠲᠠ ᠶᠢᠨ ᠲᠤᠭᠤᠷᠢᠭ ᠪᠤᠯᠤᠨ | ᠰᠢᠶᠠᠩ ᠪᠠᠯᠭᠠᠰᠤ ᠬᠤᠶᠠᠷ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠪᠢᠯᠧᠲ ᠦᠭᠬᠦ ᠡᠲᠦᠷ ᠮᠦᠨ᠃ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠰᠢ ᠴᠧᠩ ᠲᠣᠭᠤᠷᠢᠭ ᠤᠨ ᠵᠦᠩ ᠨᠠᠨ ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ ᠷᠧᠨ ᠲᠠᠩ ᠳᠠᠬᠢ ᠪᠢᠯᠧᠲ | ᠥᠭᠬᠦ ᠦᠷᠳᠡᠭᠡ ᠳᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠤᠩᠭᠤᠭᠤᠯᠢ ᠶᠢᠨ ᠪᠢᠯᠧᠲ ᠦᠭᠬᠦ ᠳᠤ ᠤᠷᠤᠯᠴᠠᠬᠤ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠰᠣᠩᠭᠤᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠰᠠᠭᠤᠷᠢ | ᠮᠥᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢᠨ ᠴᠢᠬᠤᠯᠠ ᠢᠯᠡᠷᠡᠯ ᠮᠥᠨ᠃ ᠠᠷᠠᠳᠴᠢᠯᠠᠯ ᠢᠶᠠᠷ | ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠯᠡᠬᠦ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠳᠠ ᠦᠭᠡᠢ ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ | ᠮᠡᠳᠡᠬᠦ ᠶᠢ ᠨᠡᠩ ᠰᠠᠶᠢᠲᠤᠷ ᠪᠠᠲᠤᠯᠠᠬᠤ ᠬᠡᠷᠡᠭᠲᠡᠢ᠃ ᠰᠣᠩᠭᠤᠭᠤᠯᠢ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠰᠣᠩᠭᠤᠭᠤᠯᠢ ᠶᠢᠨ ᠳᠤᠮᠳᠠᠬᠢ ᠲᠥᠪ ᠪᠤᠰᠤ ᠰᠤᠷᠲᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ | ᠰᠣᠩᠭᠤᠭᠤᠯᠢ ᠶᠢᠨ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠵᠤ᠂ ᠰᠣᠩᠭᠤᠭᠤᠯᠢ ᠶᠢᠨ | ᠦᠷ᠎ᠡ ᠳ᠋ᠦᠩ ᠳᠤ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠬᠤᠸᠠᠢ ᠷᠧᠨ ᠲᠠᠩ ᠳᠠᠬᠢ ᠪᠢᠯᠧᠲ ᠥᠭᠬᠦ ᠦᠷᠳᠡᠭᠡ ᠳᠤ᠂ ᠲᠠᠪᠤᠨ ᠣᠳᠣᠲᠤ ᠤᠯᠠᠭᠠᠨ ᠲᠤᠭ | ᠤᠨᠴᠠ ᠶᠢᠨ ᠢᠯᠡᠲᠡᠢ ᠬᠠᠷᠠᠭᠳᠠᠨ᠎ᠠ᠂ ᠤᠯᠤᠰ ᠤᠨ ᠰᠦᠯᠳᠡ ᠶᠢ ᠰᠢᠭᠢᠳᠭᠡᠭᠰᠡᠨ ᠤᠯᠠᠭᠠᠨ ᠦᠩᠭᠡ ᠲᠠᠢ ᠪᠢᠯᠧᠲ ᠤᠨ | ᠬᠠᠶᠢᠷᠴᠠᠭ ᠢ ᠭᠤᠣᠯ ᠳᠤᠮᠳᠠ ᠨᠢ ᠲᠠᠯᠪᠢᠵᠤ᠂ ᠪᠢᠯᠧᠲ ᠥᠭᠬᠦ ᠠᠵᠢᠯ ᠵᠢᠷᠤᠮᠵᠢᠯ ᠲᠠᠢ ᠡᠮᠬᠢ ᠳᠢᠭᠯᠢᠮ ᠲᠠᠢ ᠶᠠᠪᠤᠭᠳᠠᠵᠤ᠂ | ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠲᠥᠪ ᠬᠢᠴᠢᠶᠡᠩᠭᠦᠢ ᠬᠥᠭᠵᠢᠶᠡᠨᠳᠠᠢ ᠪᠠᠶᠢᠯ᠎ᠠ᠃ ᠦᠳᠡ ᠶᠢᠨ ᠡᠮᠦᠨᠡᠬᠢ 10 | ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ ᠬᠤᠸᠠᠢ ᠷᠧᠨ ᠲᠠᠩ ᠳᠠᠬᠢ ᠪᠢᠯᠧᠲ ᠥᠭᠬᠦ ᠦᠷᠳᠡᠭᠡ ᠳᠤ ᠢᠷᠠᠵᠤ᠂ | ᠬᠤᠯᠪᠣᠭᠳᠠᠯ ᠪᠦᠬᠦᠢ ᠰᠣᠩᠭᠤᠭᠤᠯᠢ ᠶᠢᠨ ᠶᠠᠪᠤᠳᠠᠯ ᠤᠨ ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠢ ᠰᠣᠨᠣᠰᠴᠤ᠂ | ᠰᠣᠩᠭᠤᠭᠤᠯᠢ ᠶᠢᠨ ᠠᠷᠠᠳ ᠤᠨ ᠦᠨᠡᠮᠯᠡᠯ ᠢᠶᠠᠨ ᠠᠪᠴᠤ ᠠᠵᠢᠯᠳᠠᠨ ᠳᠤ ᠥᠭᠴᠦ ᠬᠢᠨᠠᠨ ᠪᠠᠶᠢᠴᠠᠭᠠᠯᠭᠠᠵᠤ᠂ ᠨᠢᠭᠡ | ᠰᠤᠩᠭᠤᠭᠤᠯᠢ ᠶᠢᠨ ᠪᠢᠯᠧᠲ ᠢ ᠠᠪᠴᠤ᠂ ᠪᠢᠯᠧᠲ ᠲᠠᠬᠯᠠᠬᠤ ᠭᠠᠵᠠᠷ ᠲᠤ ᠰᠣᠩᠭᠤᠭᠤᠯᠢ ᠶᠢᠨ ᠪᠢᠯᠧᠲ ᠢᠶᠠᠨ ᠨᠠᠷᠢᠨ | ᠬᠢᠨᠠᠮᠠᠭᠠᠢ ᠲᠠᠭᠯᠠᠭᠰᠠᠨ ᠤ ᠲᠠᠷᠠᠭ᠎ᠠ᠂ ᠪᠢᠯᠧᠲ ᠤᠨ ᠬᠠᠶᠢᠷᠴᠠᠭ ᠤᠨ ᠡᠮᠦᠨ᠎ᠡ ᠬᠦᠷᠴᠦ ᠲᠥᠪ ᠴᠢᠩᠭ᠎ᠠ ᠪᠠᠷ ᠥᠪᠡᠷ ᠤᠨ | ᠪᠢᠯᠧᠲ ᠢᠶᠠᠨ ᠥᠭᠪᠠ᠃ ᠲᠤᠰ ᠡᠳᠦᠷ ᠤᠨ ᠦᠳᠡ ᠶᠢᠨ ᠡᠮᠦᠨ᠎ᠡ᠂ ᠯᠢ ᠺᠧ ᠴᠢᠶᠠᠩ ᠰᠢ ᠴᠧᠩ ᠲᠣᠭᠤᠷᠢᠭ ᠤᠨ | ᠸᠧᠨ ᠶᠢᠨ ᠵᠡᠭᠡᠯᠢ ᠶᠢᠨ ᠰᠣᠩᠭᠤᠭᠤᠯᠢ ᠶᠢᠨ ᠲᠣᠭᠤᠷᠢᠭ ᠤᠨ ᠽᠢ ᠭᠤᠸᠠᠩ ᠭᠧ ᠳᠠᠬᠢ ᠪᠢᠯᠧᠲ ᠥᠭᠬᠦ ᠦᠷᠳᠡᠭᠡ ᠳᠤ ᠪᠢᠯᠧᠲ | ᠥᠭᠴᠦ᠂ ᠯᠢ ᠵᠠᠨ ᠱᠣ᠋ ᠰᠢ ᠴᠧᠩ ᠲᠤᠭᠤᠷᠢᠭ ᠤᠨ ᠵᠦᠩ ᠨᠠᠨ ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠠᠷᠠᠳ ᠤᠨ | ᠶᠡᠭᠡ ᠬᠤᠷᠠᠯ ᠤᠨ ᠲᠠᠩᠬᠢᠮ ᠤᠨ ᠪᠢᠯᠧᠲ ᠥᠭᠬᠦ ᠦᠷᠳᠡᠭᠡ ᠳᠤ ᠪᠢᠯᠧᠲ ᠥᠭᠴᠦ᠂ ᠸᠠᠩ ᠶᠠᠩ ᠰᠢ ᠴᠧᠩ ᠲᠣᠭᠤᠷᠢᠭ ᠤᠨ | ᠮᠥᠩᠭᠦᠨ ᠭᠦᠢᠯᠭᠡᠭᠡᠨ ᠤ ᠵᠡᠭᠡᠯᠢ ᠶᠢᠨ ᠬᠤᠶᠠᠳᠤᠭᠠᠷ ᠰᠣᠩᠭᠤᠭᠤᠯᠢ ᠶᠢᠨ ᠲᠣᠭᠤᠷᠢᠭ ᠤᠨ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠢᠯᠧᠲ ᠥᠭᠬᠦ ᠦᠷᠳᠡᠭᠡ ᠳᠤ ᠪᠢᠯᠧᠲ ᠥᠭᠴᠦ᠂ ᠸᠠᠩ ᠬᠣ᠋ ᠨᠢᠩ ᠵᠦᠩ | ᠨᠠᠨ ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ ᠷᠧᠨ ᠲᠠᠩ ᠳᠠᠬᠢ ᠪᠢᠯᠧᠲ ᠥᠭᠬᠦ ᠦᠷᠳᠡᠭᠡ ᠳᠤ ᠪᠢᠯᠧᠲ | ᠥᠭᠴᠦ᠂ ᠵᠤᠤ ᠯᠧ ᠵᠶᠢ ᠰᠢ ᠴᠧᠩ ᠲᠣᠭᠤᠷᠢᠭ ᠤᠨ ᠳ᠋ᠠ ᠵᠢᠤᠸᠠᠢ ᠳᠠᠬᠢ ᠰᠣᠩᠭᠤᠭᠤᠯᠢ ᠶᠢᠨ ᠲᠣᠭᠤᠷᠢᠭ ᠤᠨ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠪᠢᠯᠧᠲ ᠥᠭᠬᠦ | ᠦᠷᠳᠡᠭᠡ ᠳᠤ ᠪᠢᠯᠧᠲ ᠥᠭᠴᠦ᠂ ᠬᠠᠨ ᠵᠧᠩ ᠸᠧᠨ ᠶᠢᠨ ᠵᠡᠭᠡᠯᠢ ᠶᠢᠨ ᠰᠣᠩᠭᠤᠭᠤᠯᠢ ᠶᠢᠨ ᠲᠣᠭᠤᠷᠢᠭ ᠤᠨ ᠽᠢ ᠭᠤᠸᠠᠩ | ᠭᠧ ᠳᠠᠬᠢ ᠪᠢᠯᠧᠲ ᠥᠭᠬᠦ ᠦᠷᠲᠡᠭᠡ ᠳᠤ ᠪᠢᠯᠧᠲ ᠦᠭᠴᠠᠢ᠃ ᠸᠠᠩ ᠴᠢ ᠱᠠᠨ ᠠᠵᠢᠯᠲᠠᠨ ᠳᠤ ᠨᠠᠶᠢᠳᠠᠵᠤ ᠵᠦᠩ ᠨᠠᠨ | ᠬᠠᠢ ᠶᠢᠨ ᠰᠣᠩᠭᠤᠭᠤᠯᠢ ᠶᠢᠨ ᠲᠣᠭᠤᠷᠢᠭ ᠤᠨ ᠬᠤᠸᠠᠢ ᠷᠧᠨ ᠳᠠᠩ ᠳᠠᠬᠢ ᠪᠢᠯᠧᠲ ᠥᠭᠬᠦ ᠥᠷᠲᠡᠭᠡ ᠳᠤ ᠪᠢᠯᠧᠲ ᠥᠭᠪᠡ᠃ | ᠵᠢᠶᠠᠩ ᠽᠧ ᠮᠢᠨ᠂ ᠬᠣ᠋ ᠶᠢᠨ ᠲᠤᠤ ᠲᠤᠰ ᠲᠤᠰ ᠠᠵᠢᠯᠳᠠᠨ ᠳᠤ ᠨᠠᠶᠢᠳᠠᠵᠤ᠂ ᠵᠦᠩ ᠨᠠᠨ ᠬᠠᠢ ᠶᠢᠨ ᠰᠣᠩᠭᠤᠭᠤᠯᠢ ᠶᠢᠨ | ᠲᠣᠭᠤᠷᠢᠭ ᠤᠨ ᠬᠤᠸᠠᠢ ᠷᠧᠨ ᠲᠠᠩ ᠳᠠᠬᠢ ᠪᠢᠯᠧᠲ ᠥᠭᠬᠦ ᠦᠷᠳᠡᠭᠡ ᠳᠤ ᠪᠢᠯᠧᠲ ᠥᠭᠪᠡ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ | ᠳᠡᠭᠡᠳᠦ ᠪᠠᠶᠢᠴᠠᠭᠠᠬᠤ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠠ ᠤᠳᠤᠷᠢᠳᠬᠤ ᠲᠤᠰᠢᠶᠠᠯ ᠠᠴᠠ ᠪᠠᠨ | ᠪᠠᠭᠤᠭᠰᠠᠨ ᠨᠥᠬᠦᠳ ᠲᠤᠰ ᠲᠤᠰ ᠤᠨ ᠰᠣᠩᠭᠤᠭᠤᠯᠢ ᠶᠢᠨ ᠲᠣᠭᠤᠷᠢᠭ ᠲᠠᠭᠠᠨ ᠪᠢᠯᠧᠲ ᠥᠭᠬᠦᠭᠰᠡᠡ ᠪᠤᠶᠤ ᠪᠤᠰᠤᠳ ᠲᠤ | ᠨᠠᠶᠢᠳᠠᠵᠤ ᠪᠢᠯᠧᠲ ᠥᠭᠴᠠᠢ᠃ 5 ᠤ ᠡᠳᠦᠷ᠂ ᠪᠡᠭᠡᠵᠢᠩ ᠬᠤᠲᠠ ᠨᠡᠶᠢᠲᠡ 13448 ᠪᠢᠯᠧᠲ ᠥᠭᠬᠦ ᠥᠷᠲᠡᠭᠡ | ᠲᠤᠬᠢᠷᠠᠭᠤᠯᠵᠤ᠂ ᠵᠥᠷᠢᠶᠡᠲᠦ ᠰᠣᠩᠭᠤᠭᠤᠯᠢ ᠪᠠᠷ ᠳᠡᠮᠵᠢᠨ᠂ ᠰᠢᠨ᠎ᠡ ᠨᠢᠭᠡ ᠬᠤᠭᠤᠴᠠᠭᠠᠨ ᠤ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 4898 ᠬᠥᠮᠦᠨ᠂ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 11137 ᠬᠥᠮᠦᠨ ᠢ ᠰᠣᠩᠭᠤᠨ ᠭᠠᠷᠭᠠᠬᠤ ᠪᠤᠯᠤᠨ᠎ᠠ᠃ |