| | 12 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ | ᠳᠤᠮᠳᠠ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠦᠷᠡᠭᠳᠡᠭᠰᠡᠨ ᠪᠠᠭᠠᠲᠤᠷᠴᠤᠳ ᠪᠣᠯᠤᠨ ᠳᠤᠮᠳᠠᠳᠤ | ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠳᠤ ᠬᠤᠪᠢ ᠨᠡᠮᠡᠷᠢ ᠦᠵᠡᠭᠦᠯᠦᠭᠰᠡᠨ ᠬᠥᠮᠦᠰ ᠢ | ᠳᠤᠷᠠᠰᠤᠨ ᠰᠠᠨᠠᠭᠠᠯᠵᠠᠬᠤ ᠶᠢᠨ ᠳᠣᠯᠠᠳᠠ᠂ ᠨᠠᠨᠵᠢᠩ ᠤᠨ ᠶᠡᠭᠡ ᠬᠢᠳᠤᠯᠭ᠎ᠠ ᠳᠤ ᠬᠤᠣᠷᠯᠠᠭᠳᠠᠭᠰᠠᠳ ᠪᠠ ᠶᠠᠫᠣᠨ ᠤ ᠡᠵᠡᠷᠬᠡᠭ | ᠲᠦᠷᠢᠮᠡᠭᠡᠶᠢᠳᠡᠨ ᠤ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠲᠠᠶᠢᠨ ᠤ ᠬᠤᠭᠤᠴᠠᠭᠠᠨ ᠳᠤ ᠬᠠᠷᠠᠰᠠᠯᠲᠠᠢ ᠪᠠᠷ ᠪᠡᠶ᠎ᠡ | ᠦᠷᠡᠭᠳᠡᠭᠰᠡᠨ ᠠᠬ᠎ᠠ ᠳᠡᠭᠦᠦ ᠨᠡᠷ ᠢ ᠭᠠᠰᠢᠭᠤᠳᠠᠨ ᠳᠤᠷᠠᠰᠬᠠᠵᠤ᠂ ᠤᠯᠤᠰ ᠢᠶᠠᠨ ᠬᠠᠶᠢᠷᠠᠯᠠᠬᠤ ᠦᠵᠡᠯ ᠪᠠ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠶᠡᠬᠡᠪᠡᠷ ᠴᠢᠩᠭᠠᠳᠬᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠮᠠᠨ ᠤ ᠬᠤᠳᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ | ᠳᠣᠪᠴᠢᠶ᠎ᠠ ᠠᠴᠠ ᠤᠯᠠᠨ ᠬᠡᠯᠪᠡᠷᠢ ᠶᠢᠨ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ ᠢ ᠳᠤᠷᠠᠰᠬᠠᠬᠤ ᠠᠵᠢᠯᠯᠠᠭ᠎ᠠ | ᠥᠷᠨᠢᠭᠦᠯᠪᠡ᠃ | 12 ᠰᠠᠷ᠎ᠠ ᠶᠢᠨ 13 ᠤ ᠡᠳᠦᠷ ᠪᠣᠯ ᠨᠠᠢᠮᠠᠳᠤᠭᠠᠷ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ ᠪᠣᠯᠤᠨ᠎ᠠ᠂ | ᠥᠷᠭᠡᠨ ᠤᠯᠠᠨ ᠰᠤᠷᠤᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠤᠨ ᠨᠡᠶᠢᠲᠡ ᠶᠢᠨ ᠲᠠᠬᠢᠯᠭ᠎ᠠ ᠶᠢᠨ | ᠡᠳᠦᠷ ᠤᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠪᠣᠯᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠶᠡᠬᠡᠪᠡᠷ ᠴᠢᠩᠭᠠᠳᠬᠠᠬᠤ ᠶᠢᠨ ᠳᠣᠯᠠᠳᠠ᠂ ᠲᠤᠰ ᠡᠳᠦᠷ᠂ ᠮᠠᠨ ᠤ ᠬᠤᠳᠠ ᠶᠢᠨ | ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ︽ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ︾ ᠤᠨ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠤᠨ ᠭᠤᠣᠯ ᠰᠡᠳᠦᠪᠲᠦ ᠳᠤᠷᠠᠰᠬᠠᠬᠤ ᠠᠵᠢᠯᠯᠠᠭ᠎ᠠ ᠥᠷᠨᠢᠭᠦᠯᠵᠡᠢ᠃ | ᠲᠤᠰ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠲᠠᠯᠠᠪᠠᠢ ᠳᠤ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠡᠷᠢ ᠲᠡᠭᠰᠢ ᠵᠢᠭᠰᠠᠵᠤ᠂ ︽ᠡᠬᠡ | ᠤᠯᠤᠰ ᠤᠨ ᠢᠶᠠᠨ ᠮᠡᠨᠳᠦᠯᠡᠭᠰᠡᠨ ᠪᠠᠶᠠᠷ ᠢ ᠪᠠᠶᠠᠷᠯᠠᠨ ᠤᠭᠲᠤᠬᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ | ᠳᠤᠷᠠᠰᠤᠨ ᠰᠠᠨᠠᠭᠠᠯᠵᠠᠵᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 72 ᠵᠢᠯ ᠤᠨ ᠤᠢ ᠶᠢ ᠪᠡᠯᠭᠡᠯᠡᠬᠦ ᠵᠢᠴᠢ | ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ︾ ᠢᠶᠠᠷ ᠭᠤᠣᠯ ᠰᠡᠳᠦᠪ ᠪᠣᠯᠭᠠᠭᠰᠠᠨ ᠲᠤᠭ ᠮᠠᠨᠳᠤᠭᠤᠯᠬᠤ ᠶᠣᠰᠣᠯᠠᠯ | ᠥᠷᠨᠢᠭᠦᠯᠪᠡ᠃ | ᠲᠤᠬᠠᠢ ᠶᠢᠨ ᠲᠠᠯᠠᠪᠠᠢ ᠳᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠢ ᠲᠠᠭᠠᠯᠳᠤᠨ᠂ | ᠤᠯᠤᠰ ᠤᠨ ᠲᠤᠭ ᠠᠯᠭᠤᠷᠬᠠᠨ ᠢᠶᠠᠷ ᠮᠠᠨᠳᠤᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠠᠩᠭᠢ ᠳᠠᠭᠠᠨ | ᠶᠣᠰᠣᠯᠠᠵᠤ᠂ ᠪᠤᠰᠤᠳ ᠪᠠᠭᠰᠢ ᠰᠤᠷᠤᠭᠴᠢᠳ ᠳᠦᠪ ᠶᠣᠰᠣᠯᠠᠨᠠ᠃ ᠤᠯᠤᠰ ᠤᠨ ᠲᠤᠭ ᠪᠦᠷᠢᠮᠦᠰᠦᠨ ᠮᠠᠨᠳᠤᠭᠰᠠᠨ ᠤ | ᠳᠠᠷᠠᠭ᠎ᠠ᠂ ᠪᠦᠬᠦ ᠪᠠᠭᠰᠢ ᠰᠤᠷᠤᠭᠴᠢᠳ ᠨᠢᠭᠡ ᠮᠢᠨᠦ᠋ᠲ ᠬᠢᠴᠢᠶᠡᠩᠭᠦ᠋ᠢᠯᠡᠨ ᠵᠣᠭᠰᠣᠵᠤ ᠨᠠᠮᠠᠨᠴᠢᠯᠠᠨ ᠭᠠᠰᠢᠭᠤᠳᠠᠵᠤ᠂ 84 | ᠵᠢᠯ ᠤᠨ ᠡᠮᠦᠨ᠎ᠡ ᠨᠠᠨᠵᠢᠩ ᠤᠨ ᠶᠡᠭᠡ ᠬᠢᠳᠤᠯᠭ᠎ᠠ ᠳᠤ ᠠᠳᠡᠭᠳᠡᠭᠰᠡᠨ 30 ᠲᠦᠮᠡᠨ ᠠᠬ᠎ᠠ ᠳᠡᠭᠦᠦ ᠨᠡᠷ ᠢ ᠭᠦᠨ᠎ᠡ | ᠮᠥᠷᠥᠭᠡᠳᠦᠨ ᠰᠠᠨᠠᠭᠠᠯᠵᠠᠵᠤ ᠪᠠᠶᠢᠬᠤ ᠰᠡᠳᠬᠢᠯᠭᠡ ᠪᠠᠨ ᠢᠯᠡᠳᠬᠡᠵᠡᠶ᠃ ᠨᠠᠮᠠᠨᠴᠢᠯᠠᠨ ᠭᠠᠰᠢᠭᠤᠳᠠᠵᠤ ᠳᠠᠭᠤᠰᠤᠭᠰᠠᠨ ᠤ | ᠳᠠᠷᠠᠭ᠎ᠠ᠂ ᠰᠤᠷᠤᠭᠴᠢᠳ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠬᠡᠯᠪᠡᠷᠢ ᠪᠠᠷ ᠤᠯᠠᠨ ᠳᠤ ᠲᠤᠬᠠᠢ ᠶᠢᠨ ᠵᠢᠯ ᠤᠨ | ᠨᠠᠨᠵᠢᠩ ᠤᠨ ᠶᠡᠭᠡ ᠬᠢᠳᠤᠯᠭ᠎ᠠ ᠶᠢᠨ ᠡᠮᠭᠡᠨᠢᠯᠲᠦ ᠲᠡᠦᠬᠡ ᠶᠢ ᠶᠠᠷᠢᠵᠤ᠂ ᠨᠡᠶᠢᠲᠡ ᠶᠢᠨ ᠲᠠᠬᠢᠯᠭ᠎ᠠ ᠶᠢᠨ ᠡᠳᠦᠷ ᠲᠤ | ᠲᠣᠭᠲᠠᠭᠠᠭᠰᠠᠨ ᠤᠢᠢᠯᠠᠭᠠᠭᠳᠠᠬᠤᠨ ᠢ ᠤᠯᠠᠮᠵᠢᠯᠠᠪᠠ᠄ ᠲᠡᠦᠬᠡ ᠶᠢ ᠪᠠᠲᠤ ᠴᠡᠭᠡᠵᠢᠯᠡᠬᠦ ᠨᠢ ᠥᠰᠢᠶ᠎ᠡ ᠬᠤᠷᠣᠰᠤᠯ ᠢᠶᠠᠨ | ᠭᠠᠷᠭᠠᠬᠤ ᠶᠠᠪᠤᠳᠠᠯ ᠪᠢᠰᠢ᠂ ᠬᠠᠷᠢᠨ ᠬᠥᠮᠦᠨ ᠨᠢᠭᠡᠪᠦᠷᠢ ᠶᠢᠨ ᠡᠩᠬᠡ ᠲᠠᠶᠢᠪᠤᠩ ᠤᠨ ᠲᠤᠬᠠᠢ ᠬᠦᠰᠡᠯ ᠡᠷᠡᠮᠡᠯᠵᠡᠯ ᠪᠠ ᠪᠠᠲᠤ | ᠰᠠᠬᠢᠬᠤ ᠶᠢ ᠤᠷᠢᠶᠠᠯᠠᠵᠤ᠂ ᠰᠤᠷᠤᠭᠴᠢᠳ ᠢ ᠴᠢᠷᠮᠠᠶᠢᠨ ᠰᠤᠷᠤᠯᠴᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ | ᠲᠥᠯᠥᠭᠡ ᠴᠢᠷᠮᠠᠶᠢᠨ ᠲᠡᠮᠡᠴᠡᠬᠦ ᠶᠢ ᠤᠷᠢᠶᠠᠯᠠᠪᠠ᠃ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠪᠠᠰᠠ ᠰᠠᠮᠪᠠᠷ᠎ᠠ ᠶᠢᠨ | ᠰᠣᠨᠢᠨ᠂ ᠤᠬᠠᠭᠤᠯᠭ᠎ᠠ ᠶᠢᠨ ᠪᠤᠯᠤᠩ ᠵᠡᠷᠭᠡ ᠬᠡᠯᠪᠡᠷᠢ ᠪᠠᠷ ᠡᠬᠡ ᠣᠷᠣᠨᠴᠢ ᠦᠵᠡᠯ ᠤᠨ ᠭᠤᠤᠯ ᠰᠡᠳᠦᠪᠲᠦ ᠬᠥᠮᠦᠵᠢᠯ ᠢ | ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠬᠦᠨᠳᠦ | ᠡᠭᠦᠷᠭᠡ ᠶᠢ ᠡᠭᠦᠷᠭᠡᠯᠡᠵᠦ ᠪᠠᠶᠢᠬᠤ ᠪᠠᠨ ᠰᠤᠷᠤᠭᠴᠢᠳ ᠲᠤ ᠣᠶᠢᠯᠠᠭᠠᠭᠤᠯᠵᠤ᠂ ᠨᠠᠩ ᠴᠡᠴᠡᠭᠯᠡᠨ ᠬᠥᠭᠵᠢᠭᠰᠡᠨ ᠪᠠᠶᠠᠨ | ᠬᠦᠴᠦᠷᠬᠡᠭ ᠡᠬᠡ ᠤᠯᠤᠰ ᠢᠶᠠᠨ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠨᠣᠮ ᠪᠢᠴᠢᠭ ᠤᠩᠰᠢᠭᠤᠯᠤᠨ᠎ᠠ᠃ | ᠲᠤᠬᠠᠶ ᠶᠢᠨ ᠡᠳᠦᠷ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 20 ᠭᠠᠷᠤᠶ | ᠴᠡᠷᠢᠭ ᠠᠴᠠ ᠬᠠᠯᠠᠭᠳᠠᠭᠰᠠᠳ ᠢ ᠵᠣᠬᠢᠶᠠᠨ ᠪᠠᠶᠢᠭᠤᠯᠵᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ | ᠲᠠᠯᠠᠪᠠᠶ ᠳᠤ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ ᠢ ᠳᠤᠷᠠᠰᠬᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠬᠥᠮᠦᠰ ᠲᠥᠪ ᠬᠢᠴᠢᠶᠡᠩᠭᠦᠢ ᠪᠠᠷ ᠵᠣᠭᠰᠣᠵᠤ᠂ ᠨᠢᠭᠡ ᠮᠢᠨᠦ᠋ᠲ | ᠨᠠᠮᠠᠨᠴᠢᠯᠠᠨ ᠭᠠᠰᠢᠭᠤᠳᠠᠵᠤ᠂ ᠲᠦᠷᠢᠮᠡᠬᠡᠶᠢᠯᠡᠭᠴᠢᠳ ᠲᠤ ᠬᠠᠷᠠᠰᠠᠯᠲᠠᠢ ᠪᠠᠷ ᠪᠡᠶ᠎ᠡ ᠦᠷᠡᠭᠳᠡᠭᠰᠡᠨ ᠠᠬ᠎ᠠ ᠳᠡᠭᠦᠦ ᠨᠡᠷ ᠢᠶᠠᠨ | ᠳᠤᠷᠠᠰᠤᠨ ᠰᠠᠨᠠᠭᠠᠯᠵᠠᠵᠤ᠂ ᠶᠠᠫᠣᠨ ᠢ ᠡᠰᠡᠷᠭᠦᠴᠡᠬᠦ ᠳᠠᠶᠢᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠣᠯᠤᠨ | ᠦᠨᠳᠦᠰᠦᠲᠡᠨ ᠤ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠪᠠ᠃ |