ᠠᠵᠢᠯ ᠤᠯᠭᠤᠯᠲᠠ ᠶᠢ ᠲᠤᠭᠲᠠᠪᠤᠷᠢᠵᠢᠭᠤᠯᠵᠤ ᠠᠷᠠᠳ ᠤᠨ ᠠᠮᠢᠳᠤᠷᠠᠯ ᠳᠤ ᠪᠠᠲᠤᠯᠠᠨ ᠤᠯᠠᠨ ᠲᠦᠮᠡᠨ ᠤ ᠵᠤᠯ ᠵᠢᠷᠭᠠᠯᠲᠤ ᠲᠥᠷᠦᠭᠳᠡᠯ ᠢ ᠨᠡᠮᠡᠭᠳᠡᠭᠦᠯᠦᠭᠰᠡᠨ
ᠨᠡᠶᠢᠲᠡᠯᠡᠭᠰᠡᠨ ᠴᠠᠭ᠄
2021/12/16
ᠭᠠᠷᠴᠠᠭ᠄  ᠠᠵᠢᠯ ᠤᠯᠭᠤᠯᠲᠠ ᠶᠢ ᠲᠤᠭᠲᠠᠪᠤᠷᠢᠵᠢᠭᠤᠯᠵᠤ ᠠᠷᠠᠳ ᠤᠨ ᠠᠮᠢᠳᠤᠷᠠᠯ ᠳᠤ ᠪᠠᠲᠤᠯᠠᠨ ᠤᠯᠠᠨ ᠲᠦᠮᠡᠨ ᠤ ᠵᠤᠯ ᠵᠢᠷᠭᠠᠯᠲᠤ ᠲᠥᠷᠦᠭᠳᠡᠯ ᠢ ᠨᠡᠮᠡᠭᠳᠡᠭᠦᠯᠦᠭᠰᠡᠨᠤᠳᠤᠷᠢᠳᠬᠠᠯ᠄ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠨᠢᠭᠡ ᠲᠠᠯ᠎ᠠ ᠨᠢ ᠠᠵᠤ ᠠᠬᠤᠶ ᠶᠢᠨ ᠬᠥᠭᠵᠢᠯᠲᠡ ᠲᠠᠢ ᠬᠤᠯᠪᠣᠭᠳᠠᠵᠤ᠂ ᠨᠦᠭᠦᠭᠡ ᠲᠠᠯ᠎ᠠ ᠨᠢ ᠠᠷᠠᠳ ᠤᠯᠠᠨ ᠤ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠥᠩᠭᠡᠷᠡᠭᠰᠡᠨ ᠲᠠᠪᠤᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠵᠢᠯ ᠣᠯᠭᠤᠯᠲᠠ  ᠢ ᠳᠡᠭᠡᠳᠦ  ᠬᠡᠮᠵᠢᠶ᠎ᠡ ᠪᠠᠷ  ᠴᠢᠬᠤᠯᠴᠢᠯᠠᠨ ᠢᠯᠠᠩᠭᠤᠶ᠎ᠠ 2020 ᠣᠨ ᠳᠤ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ᠂ ᠮᠠᠨ ᠤ ᠬᠤᠲᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠡᠷᠡᠰ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠢᠯ ᠣᠯᠭᠤᠯᠲᠠ ᠶᠢ ᠲᠤᠠᠠᠳᠠᠪᠤᠷᠢᠵᠢᠭᠤᠯᠵᠦ︾ ︽ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ︾ ᠠᠵᠢᠯ ᠢ ᠬᠦᠴᠦᠲᠡᠶ ᠠᠳᠬᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠵᠦ᠂  ᠠᠷᠠᠳ  ᠣᠯᠠᠨ  ᠪᠠ ᠵᠣᠯ ᠵᠢᠷᠭᠠᠯᠳᠥ ᠲᠥᠷᠥᠭᠳᠡᠯ ᠢ ᠤᠯᠠᠮ  ᠨᠡᠮᠡᠭᠳᠡᠭᠦᠯᠵᠦ ᠪᠠᠶᠢᠨ᠎ᠠ  ᠃ ᠲᠠᠶᠢᠯᠤᠮᠵᠢ᠄       ᠥᠪᠥᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠳ᠋ᠤᠸᠠᠨ ᠭᠤᠸᠠᠩ ᠢᠦᠢ᠂ ᠤᠷᠢᠳ ᠬᠤᠵᠢᠳ ᠬᠤᠶᠠᠷ ᠤᠳᠠᠭ᠎ᠠ ᠤᠶᠤᠲᠠᠳ ᠤᠨ ᠦᠢᠯᠡᠰ ᠪᠤᠰᠬᠠᠬᠤ ᠵᠢᠭᠡᠯᠡᠯᠭᠡ ᠶᠢ ᠭᠤᠶᠤᠴᠢᠯᠠᠵᠤ᠂ ᠦᠢᠯᠡᠰ ᠪᠤᠰᠬᠠᠬᠤ  ᠪᠠᠲᠤᠯᠠᠭᠠᠨ ᠤ ᠵᠢᠭᠡᠯᠡᠯᠭᠡ ᠶᠢᠨ ᠳᠡᠮᠵᠢᠯᠭᠡ ᠳᠣᠣᠷ᠎ᠠ ᠡᠮ ᠤᠨ ᠳᠡᠯᠭᠡᠭᠦᠷ  ᠨᠡᠭᠡᠭᠡᠵᠦ ᠥᠪᠡᠷ ᠢᠶᠠᠨ ᠦᠢᠯᠡᠰ ᠪᠤᠰᠬᠠᠬᠤ ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠢᠶᠠᠷ ᠪᠠᠷᠠᠬᠤ ᠦᠭᠡᠢ ᠪᠠᠰᠠ ᠤᠷᠢᠳ ᠬᠤᠵᠢᠳ ᠠᠷᠪᠠ ᠭᠠᠷᠤᠢ ᠬᠥᠮᠦᠨ ᠳᠤ ᠠᠵᠢᠯ  ᠤᠯᠭᠤᠵᠠᠢ᠃ ᠰᠤᠷᠪᠤᠯᠵᠢᠯᠠᠭ᠎ᠠ᠄     ᠪᠢ ᠪᠣᠯ ᠥᠪᠥᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠡᠮ ᠤᠨ  ᠰᠤᠳᠤᠯᠤᠯ ᠤᠨ ᠲᠤᠰᠬᠠᠢ ᠮᠡᠷᠭᠡᠵᠢᠯ ᠤᠨ ᠰᠤᠷᠤᠭᠴᠢ᠂ 2017 ᠣᠨ ᠳᠤ ᠪᠢ ᠥᠪᠡᠷ ᠤᠨ ᠲᠤᠰᠬᠠᠢ ᠮᠡᠷᠭᠡᠵᠢᠯ ᠤᠨ ᠮᠡᠳᠡᠯᠭᠡ ᠪᠠᠨ ᠠᠰᠢᠭᠯᠠᠨ ᠡᠮ ᠤᠨ ᠳᠡᠯᠭᠡᠭᠦᠷ ᠨᠡᠭᠡᠭᠡᠬᠦ  ᠪᠤᠳᠤᠯ ᠲᠠᠢ ᠪᠠᠶᠢᠯ᠎ᠠ ᠭᠡᠬᠦ ᠳᠤ ᠪᠡᠯᠡ ᠮᠥᠩᠭᠦ  ᠬᠠᠮᠤᠭ ᠤᠨ ᠶᠡᠭᠡ  ᠲᠤᠲᠠᠭᠳᠠᠵᠤ ᠪᠠᠶᠢᠭᠰᠠᠨ ᠶᠤᠮ᠃   ᠪᠢ ᠠᠵᠢᠯ ᠣᠯᠭᠤᠯᠲᠠ ᠶᠢᠨ ᠲᠤᠪᠴᠢᠶᠠᠨ ᠤ ᠤᠶᠤᠲᠠᠳ ᠤᠨ ᠠᠳᠠᠯ ᠦᠢᠯᠡᠰ ᠪᠤᠰᠬᠠᠬᠤ ᠵᠢᠭᠡᠯᠡᠯᠭᠡ  ᠶᠢ ᠦᠢᠯᠠᠭᠠᠭᠰᠠᠨ ᠤ ᠳᠠᠷᠠᠭ᠎ᠠ ᠠᠵᠢᠯ ᠣᠯᠭᠤᠯᠲᠠ ᠶᠢᠨ  ᠲᠤᠪᠴᠢᠶᠠᠨ ᠤ ᠠᠵᠢᠯᠲᠠᠨ ᠤ ᠬᠠᠪᠰᠤᠷᠤᠯᠭ᠎ᠠ ᠳᠣᠤᠷ᠎ᠠ᠂ ᠬᠤᠷᠢᠨ ᠡᠳᠦᠷ ᠤᠨ ᠰᠢᠰᠲ᠋ᠧᠮ ᠲᠠᠢ ᠪᠣᠯᠪᠠᠰᠤᠷᠠᠯ ᠢᠶᠠᠷ ᠳᠡᠮᠵᠢᠨ᠂ ᠠᠩᠬ᠎ᠠ ᠤᠳᠠᠭᠠᠨ ᠤ ᠠᠷᠪᠠᠨ ᠲᠦᠮᠡᠨ ᠲᠥᠭᠦᠷᠢᠭ ᠤᠨ ᠠᠳᠠᠯ  ᠦᠢᠯᠡᠰ ᠪᠤᠰᠬᠠᠬᠤ ᠵᠢᠭᠡᠯᠡᠯᠭᠡ ᠶᠢ ᠠᠮᠵᠢᠯᠲᠠ ᠲᠠᠢ ᠭᠤᠶᠤᠴᠢᠯᠠᠨ ᠣᠯᠵᠤ᠂ ᠨᠠᠮᠠᠶᠢ ᠬᠠᠪᠰᠤᠷᠤᠨ ᠠᠳᠠᠯ  ᠦᠢᠯᠡᠰ  ᠬᠦᠰᠡᠯ ᠵᠡᠭᠦᠳᠦ ᠪᠠᠨ ᠲᠡᠷᠭᠡᠯᠰᠢᠭᠦᠯᠬᠦ ᠡᠭᠦᠳᠡ ᠶᠢ ᠨᠡᠭᠡᠭᠡᠭᠰᠡᠨ ᠶᠤᠮ᠃   ᠡᠮ ᠤᠨ ᠳᠡᠯᠭᠡᠭᠦᠷ ᠲᠤ ᠣᠷᠣᠬᠤ ᠳᠤ᠂ ︽ᠬᠢᠮᠳᠠ ᠦᠨ᠎ᠡ ᠪᠡᠷ᠎ᠡ ᠬᠡᠷᠡᠭᠴᠡᠭᠡᠲᠡᠢ ᠡᠮ ᠬᠠᠩᠭᠠᠬᠤ﹀﹀ ᠬᠥᠨᠳᠡᠯᠡᠨ ᠪᠢᠴᠢᠭᠡᠰᠦ ᠨᠢ ᠮᠠᠰᠢ ᠢᠯᠡ ᠲᠣᠳᠣ ᠪᠠᠶᠢᠳᠠᠭ᠂ ᠡᠨᠡ ᠪᠣᠯ ᠳ᠋ᠤᠸᠠᠨ ᠭᠤᠸᠠᠩ ᠢᠦᠶ ᠶᠢᠨ ᠵᠣᠴᠢᠳ ᠲᠤ ᠥᠭᠭᠦᠭᠰᠡᠨ ᠠᠮᠠᠯᠠᠯᠲᠠ  ᠮᠦᠨᠴᠦ  ᠲᠡᠭᠦᠨ ᠤ ᠥᠪᠡᠷ ᠤᠨ ᠪᠡᠶ᠎ᠡ ᠳᠤ ᠪᠠᠨ ᠲᠣᠭᠲᠠᠭᠠᠭᠰᠠᠨ ᠬᠠᠲᠠᠭᠤ ᠵᠠᠷᠴᠢᠮ ᠮᠥᠨ᠃ ᠣᠬᠤᠷᠬᠠᠨ ᠬᠡᠳᠦᠨ ᠵᠢᠯ ᠤᠨ ᠳᠣᠲᠣᠷ᠎ᠠ ᠳ᠋ᠤᠸᠠᠨ ᠭᠤᠸᠠᠩ ᠢᠦᠶ ᠶᠢᠨ ︽ᠵᠢᠵᠢᠭ ᠡᠮ ᠤᠨ ᠳᠡᠯᠭᠡᠭᠦᠷ︾ ᠨᠢ ᠠᠭᠠᠵᠢᠮ ᠢᠶᠠᠷ ᠡᠷᠭᠢᠨ ᠲᠣᠭᠤᠷᠢᠨ ᠤ ᠰᠠᠭᠤᠭᠠᠯᠢ ᠠᠷᠠᠳ ᠤᠨ ︽ᠠᠷᠠᠳ ᠲᠤ ᠳᠥᠭᠦᠮ ᠦᠵᠡᠭᠦᠯᠬᠦ ᠳᠡᠯᠭᠡᠭᠦᠷ︾ ᠪᠣᠯᠵᠤ᠂  ᠠᠷᠠᠳ ᠤᠯᠠᠨ ᠳᠤ ᠬᠠᠯᠠᠭᠤᠨ ᠲᠤᠯᠠᠭᠠᠨ ᠦᠢᠯᠡᠴᠢᠯᠡᠭᠡ ᠬᠠᠩᠭᠠᠭᠰᠠᠭᠠᠷ ᠢᠷᠡᠵᠡᠢ᠃    ᠣᠯᠠᠨ ᠵᠢᠯ ᠤᠨ ᠲᠤᠷᠰᠢ᠂ ᠡᠮ ᠬᠤᠳᠠᠯᠳᠤᠨ ᠠᠪᠬᠤ ᠪᠠᠷ ᠢᠷᠡᠭᠰᠡᠨ ᠵᠣᠴᠢᠳ ᠲᠤ ᠦᠨ᠎ᠡ ᠲᠥᠯᠥᠪᠦᠷᠢ ᠦᠭᠡᠢ ᠪᠠᠷ ᠴᠢᠰᠤᠨ  ᠤ ᠰᠢᠬᠢᠷ ᠂ ᠴᠢᠰᠤᠨ ᠳᠠᠷᠤᠯᠲᠠ ᠬᠡᠮᠵᠢᠵᠦ᠂ ᠡᠩ ᠤᠨ ᠬᠡᠷᠡᠭᠯᠡᠬᠦ ᠡᠮ ᠤᠨ ᠮᠡᠳᠡᠯᠭᠡ ᠶᠢᠨ  ᠲᠠᠶᠢᠯᠤᠮᠵᠢ ᠥᠷᠨᠢᠭᠦᠯᠵᠦ᠂ ᠦᠷᠭᠦᠯᠵᠢ ᠠᠵᠢᠯ ᠤᠨ ᠴᠢᠯᠥᠭᠡᠨ ᠤ ᠴᠠᠭ  ᠢᠶᠠᠷ ᠢᠶᠠᠨ ᠰᠤᠷᠤᠯᠴᠠᠨ᠂  ᠲᠤᠰᠬᠠᠶ ᠮᠡᠷᠭᠡᠵᠢᠯ ᠤᠨ ᠮᠡᠳᠡᠯᠭᠡ ᠪᠠᠨ ᠪᠠᠲᠤᠳᠬᠠᠵᠤ᠂ ᠵᠠᠷᠢᠮ ᠡᠩ ᠤᠨ ᠬᠡᠷᠡᠭᠯᠡᠬᠦ ᠡᠮ ᠤᠨ ᠴᠢᠨᠠᠷ᠂ ᠬᠡᠮᠵᠢᠯᠲᠡ ᠪᠠ ᠬᠠᠮᠤᠭ ᠰᠢᠨ᠎ᠡ ᠲᠣᠭᠲᠠᠭᠠᠯ ᠢ ᠪᠦᠷ ᠰᠡᠳᠬᠢᠯ ᠳᠡᠭᠡᠨ ᠬᠠᠳᠠᠩᠰᠢᠭᠤᠯᠤᠨ ᠠᠪᠴᠦ᠂ ᠢᠮᠠᠭᠲᠠ ᠪᠠᠷᠢᠮᠲᠠᠯᠠᠭᠰᠠᠭᠠᠷ ᠢᠷᠡᠭᠰᠡᠨ ᠬᠦᠯᠢᠴᠡᠩᠭᠦᠶ ᠨᠢᠮᠪᠠᠶ ᠦᠢᠯᠡᠴᠢᠯᠡᠭᠡ ᠨᠢ ᠤᠯᠠᠨ ᠤ ᠬᠦᠷᠢᠶᠡᠯᠡᠯ ᠢ  ᠤᠯᠤᠭᠰᠠᠭᠠᠷ ᠢᠷᠡᠵᠡᠢ᠃     ᠳ᠋ᠤᠸᠠᠨ ᠭᠤᠸᠠᠩ ᠢᠦᠶ ᠪᠣᠯ ᠵᠥᠪᠬᠡᠨ ᠮᠠᠨ ᠤ ᠬᠤᠲᠠ ᠶᠢᠨ ᠠᠳᠠᠯ  ᠦᠢᠯᠡᠰ ᠪᠤᠰᠬᠠᠭᠴᠢᠳ ᠤᠨ  ᠨᠢᠭᠡᠨ ᠬᠤᠷᠢᠶᠠᠩᠭᠤᠶ ᠳᠦᠷᠰᠦ  ᠪᠤᠯᠬᠤ ᠶᠤᠮ᠂ ᠪᠠᠰᠠ ᠳ᠋ᠤᠸᠠᠨ ᠭᠤᠸᠠᠩ ᠢᠦᠶ ᠰᠢᠭ ᠶᠡᠭᠡ ᠰᠤᠷᠭᠠᠭᠤᠯᠢ ᠲᠡᠭᠦᠰᠦᠭᠰᠡᠨ ᠮᠠᠰᠢ ᠣᠯᠠᠨ ᠣᠶᠤᠲᠠᠨ ︽ᠣᠯᠠᠨ ᠢᠶᠠᠷ ᠢᠶᠠᠨ  ᠦᠢᠯᠡᠰ ᠪᠤᠰᠬᠠᠵᠤ  ᠂ ᠲᠦᠮᠡᠨ ᠢᠶᠠᠷ ᠢᠶᠠᠨ ᠰᠢᠨ᠎ᠡ ᠶᠢ ᠡᠭᠦᠳᠬᠦ︾  ᠦᠢᠯᠡᠰ ᠪᠤᠰᠬᠠᠬᠤ ᠪᠠᠲᠤᠯᠠᠭᠠᠨ ᠤ ᠵᠢᠭᠡᠯᠡᠯᠭᠡ ᠪᠠᠷ ᠦᠢᠯᠡᠰ ᠪᠤᠰᠬᠠᠵᠤ ᠠᠵᠢᠯ ᠤᠯᠬᠤ  ᠡᠩᠨᠡᠭᠡᠨ ᠳᠤ ᠤᠷᠤᠭᠰᠠᠨ ᠪᠠᠶᠢᠨ᠎ᠠ᠃   ᠲᠠᠪᠤᠨ ᠵᠢᠯ ᠤᠨ ᠲᠤᠷᠰᠢ᠂ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ ᠣᠯᠠᠨ ᠠᠷᠭ᠎ᠠ ᠵᠠᠮ ᠢᠶᠠᠷ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠠᠵᠢᠯ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠰᠦᠯᠵᠢᠶᠡᠨ  ᠳᠡᠭᠡᠷ᠎ᠡ ᠪᠠ  ᠠᠬᠤᠢ ᠲᠠᠯᠠᠪᠠᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ  ᠪᠤᠯᠪᠠᠰᠤᠷᠠᠯ  ᠥᠷᠨᠢᠭᠦᠯᠦᠨ᠂  ᠦᠢᠯᠡᠰ ᠪᠤᠰᠬᠠᠬᠤ  ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂  ᠦᠢᠯᠡᠰ ᠪᠤᠰᠬᠠᠬᠤ ᠪᠠᠲᠤᠯᠠᠭᠠᠨ ᠤ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ᠤᠶᠤᠲᠠᠳ ᠤᠨ  ᠦᠢᠯᠡᠰ ᠪᠤᠰᠬᠠᠵᠤ ᠠᠵᠢᠯ ᠤᠯᠬᠤ ᠶᠢ ᠵᠤᠷᠢᠭᠵᠢᠭᠤᠯᠤᠨ ᠲᠡᠳᠭᠦᠵᠦ ᠪᠠᠶᠢᠨ᠎ᠠ᠃    ᠲᠠᠪᠤᠨ ᠵᠢᠯ ᠤᠨ ᠲᠤᠷᠰᠢ᠂ ᠮᠠᠨ ᠤ ᠬᠤᠲᠠ ᠢᠮᠠᠭᠲᠠ ︽ᠠᠵᠢᠯ ᠣᠯᠭᠤᠯᠲᠠ ᠶᠢ ᠲᠤᠭᠲᠠᠪᠤᠷᠢᠵᠢᠭᠤᠯᠬᠤ︾ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠦᠢᠯᠡᠰ ᠪᠤᠰᠬᠠᠭᠴᠢ ᠶᠢᠨ ᠪᠠᠯᠠ ᠮᠥᠩᠭᠦ ᠬᠦᠷᠦᠯᠴᠡᠬᠦ ᠥᠬᠡᠶ᠂  ᠭᠠᠷᠳᠠᠮ ᠲᠦᠪᠡᠭᠲᠡᠶ᠂  ᠬᠤᠭᠤᠴᠠᠭ᠎ᠠ ᠣᠷᠳᠣ᠂ ᠲᠤᠭ᠎ᠠ ᠬᠡᠮᠵᠢᠶ᠎ᠡ ᠪᠠᠭ᠎ᠠ ᠵᠡᠷᠭᠡ ᠠᠰᠠᠭᠤᠳᠠᠯ ᠢ ᠪᠥᠬᠦ ᠲᠠᠯ᠎ᠠ ᠪᠠᠷ  ᠰᠶᠢᠳᠪᠦᠷᠢᠯᠡᠵᠦ ᠦᠭᠴᠡᠢ᠃ 2016 ᠣᠨ ᠠᠴᠠ ᠡᠬᠢᠯᠡᠨ᠂ ᠬᠤᠲᠠ ᠶᠢᠨ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠪ ︽ᠲᠦᠷᠭᠡᠨ ᠬᠢᠨᠠᠬᠤ᠂ ᠲᠦᠷᠭᠡᠨ ᠣᠷᠣᠭᠤᠯᠬᠤ᠂ ᠲᠦᠷᠭᠡᠨ ᠲᠠᠯᠪᠢᠬᠤ︾ ᠪᠠᠷ ᠳᠡᠮᠵᠢᠨ  ᠦᠢᠯᠡᠰ ᠪᠤᠰᠬᠠᠬᠤ ᠳᠤ ᠨᠡᠶᠢᠲᠡ 5919 ᠲᠦᠮᠡᠨ ᠲᠥᠭᠦᠷᠢᠭ ᠤᠨ ᠦᠢᠯᠡᠰ ᠪᠤᠰᠬᠠᠬᠤ ᠪᠠᠲᠤᠯᠠᠭᠠᠨ ᠤ ᠵᠢᠭᠡᠯᠡᠯᠭᠡ ᠲᠠᠯᠪᠢᠵᠤ᠂ ᠨᠡᠶᠢᠲᠡ 2278 ᠬᠥᠮᠦᠨ ᠤ ᠠᠵᠢᠯ ᠣᠯᠭᠤᠯᠲᠠ ᠶᠢ ᠳᠠᠶᠢᠴᠢᠯᠠᠵᠤ᠂ ᠪᠥᠬᠦ ᠬᠤᠲᠠ ᠶᠢᠨ ᠠᠵᠢᠯ ᠣᠯᠭᠤᠯᠲᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号