| | | | | | ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ | ᠭᠠᠳᠠᠭᠠᠳᠦ ᠠᠴᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠬᠤ ᠶᠢᠨ ᠳᠣᠯᠠᠳᠠ᠂ 12 ᠰᠠᠷ᠎ᠠ ᠶᠢᠨ 16 ᠤ | ᠡᠳᠦᠷ ᠠᠴᠠ 17 ᠤ ᠡᠳᠦᠷ ᠪᠣᠯᠲᠠᠯ᠎ᠠ᠂ ᠮᠠᠨ ᠤ ᠬᠤᠲᠠ ᠵᠠᠰᠠᠮᠠᠯ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠬᠠᠶ ᠶᠢᠨ ᠭᠠᠵᠠᠷ ᠤᠨ ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ | ᠠᠵᠢᠯ ᠢ ᠤᠷᠢᠳ ᠬᠤᠵᠢᠳ ᠬᠤᠶᠠᠷ ᠤᠳᠠᠭ᠎ᠠ ᠥᠷᠨᠢᠭᠦᠯᠵᠦ᠂ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠨ | ᠵᠢᠯᠣᠭᠤᠳᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠴᠢᠩᠭᠠᠳᠬᠠᠵᠤ᠂ ︽ᠰᠣᠷᠢᠯᠳᠠ︾ ᠪᠠᠷ ᠳᠠᠶᠢᠨ ᠳᠤ ᠪᠡᠯᠡᠳᠬᠡᠵᠦ᠂ ︽ᠬᠢᠵᠢᠭ︾ ᠭᠠᠷᠬᠤ ᠠᠴᠠ ᠡᠮᠦᠨ᠎ᠡ | ᠰᠡᠷᠭᠡᠶᠢᠯᠡᠪᠡ᠃ | ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠰᠣᠷᠢᠯᠳᠠ ᠳᠤ᠂ ᠭᠤᠤᠯᠳᠠᠯᠭ᠎ᠠ ᠲᠠᠢ ᠬᠥᠮᠦᠰ ᠤᠨ ᠪᠠᠶᠢᠴᠠᠭᠠᠬᠤ | ᠶᠣᠰᠣᠲᠠᠶ ᠪᠦᠬᠦᠨ ᠢ ᠪᠠᠶᠢᠴᠠᠭᠠᠬᠤ ᠠᠵᠢᠯ ᠤᠨ ᠳᠤᠮᠳᠠ ᠪᠠᠶᠢᠷᠢᠯᠠᠭᠤᠯᠵᠤ᠂ ᠾᠦᠢ ᠲᠦᠩ ᠪᠠᠷᠠᠭᠠᠨ ᠤ ᠬᠦᠢᠯᠭᠡᠭᠡᠨ | ᠲᠣᠭᠤᠷᠢᠭ ᠤᠨ ᠪᠢᠲᠡᠭᠦᠦ ᠴᠠᠭᠠᠷᠢᠭ ᠤᠨ 1 ᠠᠵᠢᠯᠲᠠᠨ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ | ᠦᠶ᠎ᠡ ᠳᠤ ᠠᠷᠭ᠎ᠠ ᠴᠢᠨᠠᠷ ᠲᠠᠢ ᠪᠠᠶᠢᠬᠤ ᠶᠢ ᠣᠯᠵᠤ ᠮᠡᠳᠡᠪᠡ᠃ ᠬᠤᠲᠠ ᠶᠢᠨ ᠡᠮᠨᠡᠯᠭᠡ ᠶᠢᠨ ᠬᠤᠷᠢᠶ᠎ᠠ ᠨᠢ | ᠲᠤᠷᠰᠢᠯᠲᠠ ᠶᠢᠨ ᠲᠠᠰᠤᠭ ᠤᠨ ᠪᠣᠬᠢᠷᠲᠤᠯ ᠢ ᠠᠷᠢᠯᠭᠠᠭᠰᠠᠨ ᠤᠷᠢᠲᠠᠯ ᠳᠣᠤᠷ᠎ᠠ᠂ ︽ᠠᠷᠭ᠎ᠠ ᠲᠣᠬᠢᠶᠠᠯᠳᠤᠪᠠᠯ ᠵᠠᠪᠠᠯ | ᠮᠡᠳᠡᠭᠦᠯᠬᠦ︾ ᠵᠠᠷᠴᠢᠮ ᠶᠣᠰᠣᠭᠠᠷ᠂ ᠳᠠᠷᠤᠶ ᠲᠦᠷᠭᠡᠨ ᠲᠠᠰ ᠳᠠᠷᠠᠭᠠᠯᠠᠯ ᠢᠶᠠᠷ ᠳᠡᠭᠡᠭᠰᠢ ᠮᠡᠳᠡᠭᠦᠯᠬᠦ ᠬᠡᠷᠡᠭᠲᠡᠶ᠃ ᠠᠷᠭ᠎ᠠ | ᠴᠢᠨᠠᠷ ᠲᠠᠢ ᠭᠡᠵᠦ ᠳᠠᠬᠢᠨ ᠮᠠᠭᠠᠳᠯᠠᠭᠰᠠᠨ ᠤ ᠳᠠᠷᠠᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠷᠡ ᠳᠠᠷᠤᠶ ᠳᠤᠨᠢ ᠡᠬᠢᠯᠡᠨ | ᠬᠡᠷᠡᠭᠵᠢᠭᠦᠯᠵᠦ᠂ ᠡᠪᠡᠳᠴᠢᠲᠡᠨ ᠢ ᠰᠢᠯᠵᠢᠭᠦᠯᠦᠨ ᠲᠡᠭᠡᠭᠡᠪᠦᠷᠢᠯᠡᠵᠦ ᠠᠪᠤᠷᠠᠨ ᠵᠠᠰᠠᠬᠤ᠂ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠬᠢᠬᠦ᠂ ᠬᠤᠯᠪᠣᠭᠳᠠᠯ ᠪᠦᠬᠦᠢ ᠬᠥᠮᠦᠰ ᠢ ᠵᠢᠭᠰᠠᠭᠠᠨ ᠪᠠᠶᠢᠴᠠᠭᠠᠬᠤ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠠᠪᠴᠤ᠂ ᠵᠢᠯᠣᠭᠤᠳᠬᠤ ᠰᠢᠰᠲ᠋ᠧᠮ ᠢ ᠳᠡᠭᠡᠳᠦ ᠬᠤᠷᠳᠤᠴᠠ ᠪᠠᠷ ᠠᠵᠢᠯᠯᠠᠭᠤᠯᠵᠤ᠂ | ᠲᠦᠷᠭᠡᠨ ᠪᠥᠭᠡᠳ ᠪᠦᠲᠦᠮᠵᠢᠲᠡᠶ ᠪᠠᠷ ᠰᠢᠢᠳᠪᠣᠷᠢᠯᠡᠨ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢ ᠬᠦᠴᠦᠨ ᠦᠭᠡᠶ | ᠪᠣᠯᠭᠠᠬᠤ ᠳᠤ ᠬᠦᠷᠭᠡᠵᠡᠶ᠃ | ᠪᠦᠬᠦ᠋ᠢᠯᠡ ᠪᠣᠳᠠᠲᠤ ᠪᠠᠶᠢᠯᠳᠤᠭᠠᠨ ᠤ ᠰᠣᠷᠢᠯᠲᠠ ᠳᠤ ᠨᠡᠶᠢᠲᠡ 170 ᠭᠠᠷᠤᠶ ᠬᠤᠯᠪᠣᠭᠳᠠᠯ ᠪᠦᠬᠦᠢ ᠬᠥᠮᠦᠰ | ᠣᠷᠣᠯᠴᠠᠵᠤ᠂ ᠲᠤᠰᠬᠠᠶ ᠠᠩᠭᠢ ᠠᠴᠠ ᠨᠢᠭᠡᠳᠦᠯᠲᠡᠶ ᠵᠢᠯᠣᠭᠤᠳᠴᠤ᠂ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ᠂ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠠᠵᠢᠯ ᠤᠨ ᠬᠤᠪᠢᠶᠠᠷᠢᠯᠠᠯ ᠲᠣᠳᠣᠷᠬᠠᠶ᠂ | ᠬᠠᠮᠵᠢᠯᠴᠠᠨ ᠬᠠᠮᠵᠢᠯᠴᠠᠵᠤ᠂ ᠪᠡᠯᠡᠳᠬᠡᠯ ᠲᠥᠰᠦᠯ ᠢ ᠰᠢᠯᠭᠠᠨ ᠪᠠᠶᠢᠴᠠᠭᠠᠬᠤ᠂ ᠡᠩᠨᠡᠭᠡ ᠪᠠᠨ ᠪᠣᠯᠪᠠᠰᠤᠷᠠᠭᠤᠯᠬᠤ᠂ | ᠴᠢᠳᠠᠪᠤᠷᠢ ᠪᠠᠨ ᠳᠡᠭᠡᠭᠰᠢᠯᠡᠭᠦᠯᠬᠦ ᠵᠢᠱᠢᠭᠰᠡᠨ ᠬᠠᠷᠠᠯᠲᠠ ᠳᠠᠭᠠᠨ ᠬᠦᠷᠴᠦ᠂ ᠪᠣᠭᠤᠮᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠣᠳᠠᠲᠤ ᠪᠠᠶᠢᠯᠳᠤᠭᠠᠨ ᠤ | ᠲᠤᠷᠰᠢᠯᠭ᠎ᠠ ᠬᠤᠷᠠᠮᠳᠤᠭᠤᠯᠤᠭᠰᠠᠨ ᠪᠥᠭᠡᠳ ᠬᠤᠶᠢᠰᠢᠳᠠ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠪᠠ ᠬᠠᠷᠠᠯᠲᠠ | ᠬᠠᠩᠭᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠤᠨ ᠬᠢᠨ ᠵᠠᠰᠠᠮᠠᠯ ᠵᠠᠮ ᠤᠨ ᠪᠣᠭᠤᠮᠲᠠ ᠶᠢᠨ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ | ᠪᠠᠶᠢᠴᠠᠭᠠᠬᠤ ᠶᠢᠨ ᠬᠠᠮᠲᠤ ᠵᠢᠯᠣᠭᠤᠳᠬᠤ ᠰᠠᠨᠠᠭᠤᠯᠭ᠎ᠠ ᠪᠠ ᠰᠠᠨᠠᠯ ᠳᠤᠷᠠᠳᠴᠤ᠂ ᠬᠤᠳᠠ ᠶᠢᠨ ᠲᠦᠷᠪᠡᠨ ᠶᠡᠭᠡ | ᠤᠳᠤᠷᠢᠳᠬᠤ ᠪᠠᠭ ᠤᠨ ᠬᠢᠨ ᠰᠣᠷᠢᠯᠲᠠ ᠳᠤ ᠣᠷᠣᠯᠴᠠᠵᠦ ᠬᠠᠮᠲᠤ ᠦᠨᠡᠯᠡᠯᠲᠡ ᠬᠢᠵᠡᠢ᠃ | |